ᠬᠣᠷᠢᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶ᠋ᠢᠭ᠋ᠠᠯᠢ ᠵᠢᠨ ᠴᠡᠴᠡᠷᠯᠢᠭ ᠠᠷᠪᠠ ᠶᠢᠰᠦᠳᠦᠭᠡᠷ ᠵᠦᠢ᠍ᠯ ᠲᠣᠭᠲᠠᠭ᠋ᠠᠭᠰᠠᠨ (ᠨᠢᠭᠡ)᠂ (ᠬᠣᠶᠠᠷ) ᠵᠤᠷᠪᠤᠰ ᠤᠨ ᠠᠵᠢᠯᠯᠠᠭ᠎ᠠ ᠪᠠ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠥᠷᠨᠢᠭᠦᠯᠬᠦ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶ᠋ᠢᠭ᠋ᠠᠯᠢ ᠵᠢᠨ ᠴᠡᠴᠡᠷᠯᠢᠭ ᠦ᠋᠊ᠨ ᠬᠠᠮᠢᠶᠠᠷᠤᠯᠲᠠ ᠵᠢᠨ ᠨᠢᠭᠡᠴᠡ ᠵᠢᠨ ᠰᠠᠨᠠᠯ ᠢ ᠬᠤᠷᠢᠶᠠᠬᠤ ᠬᠡᠷᠡᠭᠲᠡᠶ᠃ ᠡᠭᠦᠨ ᠳᠤ᠂ ᠤᠯᠤᠰ ᠤᠨ ᠴᠢᠬᠤᠯᠠ ᠶᠡᠬᠡ ᠲᠥᠷᠥᠯ ᠵᠦᠢ᠍ᠯ ᠦ᠋᠊ᠨ ᠪᠦᠲᠦᠭᠡᠨ ᠪᠠᠶ᠋ᠢᠭᠤᠯᠤᠯᠲᠠ ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ ᠦ᠋᠊ᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠦ᠋᠊ᠨ ᠰᠠᠨᠠᠯ ᠢ ᠬᠤᠷᠢᠶᠠᠬᠤ ᠬᠡᠷᠡᠭᠲᠡᠶ
ᠠᠷᠪᠠ ᠶᠢᠰᠦᠳᠦᠭᠡᠷ ᠵᠦᠢ᠍ᠯ (ᠭᠤᠷᠪᠠ)᠂ (ᠳᠥᠷᠪᠡ) ᠵᠦᠢ᠍ᠯ ᠪᠡᠯᠡᠳᠬᠡᠮᠵᠢ ᠲᠦᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ᠂ ᠪᠠᠶ᠋ᠢᠭ᠋ᠠᠯᠢ ᠵᠢᠨ ᠴᠡᠴᠡᠷᠯᠢᠭ ᠦ᠋᠊ᠨ ᠲᠥᠯᠥᠪᠵᠢᠭᠦᠯᠭᠡ ᠲᠣᠭᠲᠠᠭ᠋ᠠᠭᠰᠠᠨ ᠳᠡᠭᠦᠵᠢᠩ ᠵᠠᠮ᠂ ᠴᠠᠰᠤᠨ ᠭᠤᠯᠭᠤᠬᠤ ᠲᠠᠯᠠᠪᠠᠶ᠂ ᠨᠠᠭ᠋ᠠᠳᠤᠮ ᠲᠣᠭᠯᠠᠭ᠋ᠠᠮ ᠤᠨ ᠲᠠᠯᠠᠪᠠᠶ ᠵᠡᠷᠭᠡ ᠠᠮᠢ ᠠᠬᠤᠶ ᠪᠠ ᠦᠵᠡᠮᠵᠢ ᠳᠤ ᠨᠥᠯᠥᠭᠡᠪᠠᠷ ᠨᠡᠯᠢᠶᠡᠳ ᠶᠡᠬᠡ ᠲᠥᠷᠥᠯ ᠵᠦᠢ᠍ᠯ ᠦ᠋᠊ᠨ ᠪᠦᠲᠦᠭᠡᠨ ᠮᠣᠩᠭᠣᠯ ᠶᠡᠬᠡ ᠬᠢᠩᠭ᠋ᠠᠨ ᠳᠠᠪᠠᠭ᠎ᠠ ᠵᠢᠨ ᠭᠣᠤᠯᠳᠠᠯᠭ᠎ᠠ ᠲᠠᠢ ᠤᠯᠤᠰ ᠤᠨ ᠥᠮᠴᠢᠯᠡᠯᠲᠦ ᠰᠢᠭᠤᠶ᠋ᠢᠲᠤ ᠣᠷᠣᠨ ᠤ ᠳᠣᠲᠣᠷᠠᠬᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶ᠋ᠢᠭ᠋ᠠᠯᠢ ᠵᠢᠨ ᠴᠡᠴᠡᠷᠯᠢᠭ ᠠᠷᠪᠠ ᠶᠢᠰᠦᠳᠦᠭᠡᠷ ᠵᠦᠢ᠍ᠯ ᠦ᠋᠊ᠨ ᠲᠣᠭᠲᠠᠭ᠋ᠠᠯ (ᠨᠢᠭᠡ)᠂ (ᠬᠣᠶᠠᠷ) ᠵᠤᠷᠪᠤᠰ ᠤᠨ ᠠᠵᠢᠯᠯᠠᠭ᠎ᠠ ᠪᠠ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠥᠷᠨᠢᠭᠦᠯᠬᠦ ᠳᠤ ᠥᠪᠥᠷ ᠮᠣᠩᠭᠣᠯ ᠣᠶ ᠰᠢᠭᠤᠶ ᠵᠢᠨ ᠠᠵᠤ ᠦᠢ᠍ᠯᠡᠳᠪᠦᠷᠢ ᠵᠢᠨ ᠪᠦᠯᠦᠭᠯᠡᠯ ᠦ᠋᠊ᠨ ᠰᠠᠨᠠᠯ ᠢ ᠬᠤᠷᠢᠶᠠᠬᠤ ᠬᠡᠷᠡᠭᠲᠡᠶ᠃ ᠡᠭᠦᠨ ᠳᠤ᠂ ᠤᠯᠤᠰ ᠤᠨ ᠴᠢᠬᠤᠯᠠ ᠶᠡᠭᠡ ᠲᠥᠷᠥᠯ ᠵᠦᠢ᠍ᠯ ᠪᠥᠲᠥᠭᠡᠨ ᠪᠠᠶ᠋ᠢᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠲᠠᠰ ᠪᠠᠶ᠋ᠢᠭ᠋ᠠᠯᠢ ᠵᠢᠨ ᠴᠡᠴᠡᠷᠯᠢᠭ ᠤᠨ ᠬᠠᠮᠢᠶᠠᠷᠤᠨ ᠡᠵᠡᠮᠳᠡᠬᠦ ᠱᠠᠭ᠋ᠠᠷᠳᠠᠯᠭ᠎ᠠ ᠨᠡᠶ᠋ᠢᠴᠡᠬᠦ ᠪᠤᠰᠤᠳ ᠠᠵᠢᠯᠯᠠᠭ᠎ᠠ ᠪᠠ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠳᠤ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠢᠨ ᠰᠠᠨᠠᠯ ᠢ ᠬᠤᠷᠢᠶᠠᠬᠤ ᠴᠢᠬᠤᠯᠠᠲᠠᠶ᠃
ᠥᠪᠡᠷᠲᠡᠭᠡᠨ ᠵᠠᠰᠠᠬᠤ ᠣᠷᠣᠨ ᠱᠠᠲᠤᠨ ᠤ ᠪᠠᠶ᠋ᠢᠭ᠋ᠠᠯᠢ ᠵᠢᠨ ᠴᠡᠴᠡᠷᠯᠢᠭ ᠲᠤ ᠠᠵᠢᠯᠯᠠᠭ᠎ᠠ ᠥᠷᠨᠢᠭᠦᠯᠬᠦ ᠪᠠ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠬᠢᠬᠦ ᠳ᠋ᠦ᠍ ᠬᠡᠷᠡᠭᠵᠢᠭᠦᠯᠬᠦ ᠨᠢᠭᠡᠴᠡ ᠨᠢ ᠮᠡᠲᠦ ᠮᠠᠲ᠋ᠧᠷᠢᠶᠠᠯᠤᠳ ᠢ ᠬᠠᠩᠭ᠋ᠠᠬᠤ ᠬᠡᠷᠡᠭᠲᠡᠶ᠄
( ᠨᠢᠭᠡ ) ᠬᠣᠰᠢᠭᠤ ᠰᠢᠶᠠᠨ ᠤ ᠱᠠᠲᠤᠨ ᠠᠴᠠ ᠠᠷᠠᠳ ᠵᠠᠰᠠᠭ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ ᠦ᠋᠊ᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ᠃
( ᠬᠤᠶᠠᠷ )ᠥᠪᠡᠷᠲᠡᠭᠡᠨ ᠵᠠᠰᠠᠬᠤ ᠣᠷᠣᠨ ᠤ ᠲᠠᠰ ᠪᠠᠶ᠋ᠢᠭ᠋ᠠᠯᠢ ᠵᠢᠨ ᠴᠡᠴᠡᠷᠯᠢᠭ ᠨᠥᠯᠥᠭᠡ ᠵᠢ ᠦᠨᠡᠯᠡᠭᠰᠡᠨ ᠮᠡᠳᠡᠭᠦᠯᠦᠯᠲᠡ᠃ ᠮᠡᠳᠡᠭᠦᠯᠦᠯᠲᠡ ᠳᠤ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠨᠢ ᠡᠷᠬᠡᠪᠰᠢ ᠪᠠᠶ᠋ᠢᠬᠤ ᠮᠥᠷᠲᠡᠭᠡᠨ ᠵᠠᠶ᠋ᠢᠯᠠᠭᠤᠯᠬᠤ ᠵᠢᠨ ᠪᠠᠶ᠋ᠢᠬᠤ ᠂ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠲᠥᠰᠥᠯ᠂ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠂ ᠪᠠᠶ᠋ᠢᠭ᠋ᠠᠯᠢ ᠵᠢᠨ ᠠᠮᠢ ᠠᠬᠤᠢ ᠵᠢᠨ ᠰᠢᠰᠲ᠋ᠧᠮ ᠪᠠ ᠭᠤᠣᠯ ᠪᠣᠯᠬᠤ ᠬᠠᠮᠠᠭ᠋ᠠᠯᠠᠬᠤ ᠡᠲᠡᠭᠡᠳ ᠲᠤ ᠦᠵᠡᠭᠦᠯᠬᠦ ᠨᠥᠯᠥᠭᠡ ᠵᠢ ᠦᠨᠡᠯᠡᠭᠰᠡᠨ ᠵᠠᠳᠠᠯᠤᠯᠲᠠ ᠵᠢ ᠪᠠᠭᠲᠠᠭ᠋ᠠᠬᠤ ᠵᠢᠨ ᠬᠠᠮᠲᠤ᠂ ᠪᠠ ᠨᠥᠬᠦᠪᠦᠷᠢᠯᠡᠬᠦ ᠴᠢᠨᠠᠷᠲᠠᠢ ᠠᠷᠭ᠎ᠠ ᠬᠡᠮᠵᠢᠶ᠎ᠡ ᠵᠢ ᠳᠤᠷᠠᠳᠴᠤ᠂ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠨᠢ ᠥᠪᠡᠷᠲᠡᠭᠡᠨ ᠵᠠᠰᠠᠬᠤ ᠣᠷᠣᠨ ᠤ ᠤᠨ ᠪᠠᠶ᠋ᠢᠭ᠋ᠠᠯᠢ ᠵᠢᠨ ᠴᠡᠴᠡᠷᠯᠢᠭ ᠸᠧᠺᠲ᠋ᠣᠷ ᠤᠨ ᠲᠤᠭ᠎ᠠ ᠪᠠᠷᠢᠮᠲᠠ
( ᠭᠤᠷᠪᠠ )
( ᠲᠦᠷᠪᠡ ) ᠪᠣᠳᠠᠲᠤ ᠪᠠᠶ᠋ᠢᠳᠠᠯ ᠦᠨᠳᠦᠰᠦᠯᠡᠨ ᠬᠠᠩᠭ᠋ᠠᠬᠤ ᠴᠢᠬᠤᠯᠠᠲᠠᠢ ᠪᠤᠰᠤᠳ ᠮᠠᠲ᠋ᠧᠷᠢᠶᠠᠯ ᠃ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠨᠢ ᠬᠠᠮᠢᠶ᠎ᠠ ᠪᠦᠬᠦᠢ ᠮᠡᠷᠭᠡᠵᠢᠯ ᠦ᠋᠊ᠨ ᠵᠢᠷᠤᠮᠵᠢᠯ ᠱᠠᠭ᠋ᠠᠷᠳᠠᠯᠭ᠎ᠠ ᠨᠡᠶ᠋ᠢᠴᠡᠭᠰᠡᠨ ᠪᠠᠶ᠋ᠢᠬᠤ ᠬᠡᠷᠡᠭᠲᠡᠶ᠂ ᠡᠵᠡᠯᠡᠬᠦ ᠦᠭᠡᠶ᠂ ᠪᠠᠭ᠎ᠠ ᠡᠵᠡᠯᠡᠬᠦ ᠪᠠ ᠡᠷᠴᠢᠮᠵᠢᠭᠦᠯᠦᠨ ᠡᠵᠡᠯᠡᠬᠦ ᠵᠠᠷᠴᠢᠮ ᠢ ᠪᠠᠷᠢᠮᠲᠠᠯᠠᠨ᠂ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠬᠡᠪᠴᠢᠶ᠎ᠡ ᠪᠣᠯᠤᠨ ᠬᠦᠴᠦᠯᠡᠴᠡ ᠵᠢ ᠴᠢᠩᠭ᠎ᠠ ᠬᠢᠵᠠᠭ᠋ᠠᠷᠯᠠᠬᠤ ᠬᠡᠷᠡᠭᠲᠡᠶ᠃
ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ ᠦ᠋᠊ᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶ᠋ᠢᠭ᠋ᠠᠯᠢ ᠵᠢᠨ ᠴᠡᠴᠡᠷᠯᠢᠭ ᠦ᠋᠊ᠨ ᠬᠠᠮᠢᠶᠠᠷᠤᠯᠲᠠ ᠵᠢᠨ ᠨᠢᠭᠡᠴᠡ ᠪᠤᠶᠤ ᠥᠪᠥᠷ ᠮᠣᠩᠭᠣᠯ ᠤᠨ ᠣᠶ ᠰᠢᠭᠤᠶ ᠵᠢᠨ ᠠᠵᠤ ᠦᠢ᠍ᠯᠡᠳᠪᠦᠷᠢ ᠵᠢᠨ ᠪᠦᠯᠦᠭᠯᠡᠯᠨᠢ ᠲᠤᠰ ᠲᠤᠰ ᠤᠨ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ ᠠᠵᠢᠯᠯᠠᠭ᠎ᠠ ᠪᠠ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠴᠢᠬᠤᠯᠠ ᠴᠢᠨᠠᠷ᠂ ᠲᠥᠰᠦᠯ ᠦ᠋᠊ᠨ ᠵᠦᠢ ᠴᠢᠨᠠᠷ ᠵᠢᠴᠢ ᠪᠠᠶ᠋ᠢᠭ᠋ᠠᠯᠢ ᠵᠢᠨ ᠴᠡᠴᠡᠷᠯᠢᠭ ᠲᠤ ᠦᠵᠡᠭᠦᠯᠬᠦ ᠨᠥᠯᠥᠭᠡ ᠵᠡᠷᠭᠡ ᠵᠢ ᠬᠢᠨᠠᠨ ᠪᠠᠶ᠋ᠢᠴᠠᠭ᠋ᠠᠬᠤ ᠪᠠᠨ ᠴᠢᠩᠭ᠋ᠠᠳᠬᠠᠵᠤ᠂ ᠴᠢᠬᠤᠯᠠᠲᠠᠢ ᠲᠤᠰᠬᠠᠶ ᠮᠡᠷᠭᠡᠵᠢᠯᠲᠡᠳ ᠢ ᠵᠣᠬᠢᠶᠠᠨ ᠪᠠᠶ᠋ᠢᠭᠤᠯᠤᠨ ᠨᠤᠲᠠᠯᠠᠯᠲᠠ ᠬᠢᠵᠦ᠂ ᠠᠵᠢᠯᠯᠠᠭ᠎ᠠ ᠪᠠ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ᠂ ᠠᠵᠢᠯᠯᠠᠭ᠋ᠠᠨ ᠤ ᠬᠤᠭᠤᠴᠠᠭ᠋ᠠᠨ ᠤ ᠬᠢᠨᠠᠯᠲᠠ ᠬᠠᠮᠢᠶᠠᠷᠤᠯᠲᠠ ᠪᠠᠨ ᠴᠢᠩᠭ᠋ᠠᠳᠬᠠᠬᠤ ᠬᠡᠷᠡᠭᠲᠡᠶ᠃
ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶ᠋ᠢᠭ᠋ᠠᠯᠢ ᠵᠢᠨ ᠴᠡᠴᠡᠷᠯᠢᠭ ᠢ ᠪᠠᠶ᠋ᠢᠭᠤᠯᠬᠤ ᠴᠢᠬᠤᠯᠠᠲᠠᠶ ᠮᠥᠷᠲᠡᠭᠡᠨ ᠵᠠᠶ᠋ᠢᠯᠠᠭᠤᠯᠬᠤ ᠵᠢᠨ ᠠᠷᠭ᠎ᠠ ᠦᠭᠡᠶ ᠶᠤᠮ᠂ ᠬᠢᠨᠠᠨ ᠪᠠᠶ᠋ᠢᠴᠠᠭ᠋ᠠᠭ᠋ᠠᠳ ᠪᠠᠶ᠋ᠢᠭ᠋ᠠᠯᠢ ᠵᠢᠨ ᠴᠡᠴᠡᠷᠯᠢᠭ ᠦ᠋᠊ᠨ ᠬᠠᠮᠠᠭ᠋ᠠᠯᠠᠯᠲᠠ ᠬᠠᠮᠢᠶᠠᠷᠤᠯᠲᠠ ᠯᠤᠭ᠎ᠠ ᠢᠯᠡᠷᠬᠡᠶ ᠮᠥᠷᠭᠥᠯᠳᠦᠭᠡᠨ ᠭᠠᠷᠴᠤ ᠮᠡᠳᠡᠬᠦ ᠤᠯᠤᠰ ᠤᠨ ᠴᠢᠬᠤᠯᠠ ᠶᠡᠬᠡ ᠲᠥᠷᠥᠯ ᠵᠦᠢ᠍ᠯ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶ᠋ᠢᠭ᠋ᠠᠯᠢ ᠵᠢᠨ ᠴᠡᠴᠡᠷᠯᠢᠭ ᠦ᠋᠊ᠨ ᠬᠦᠷᠢᠶ᠎ᠡ ᠬᠡᠪᠴᠢᠶᠡᠨᠳᠤ ᠲᠣᠬᠢᠷᠠᠭᠤᠯᠤᠯᠲᠠ ᠬᠢᠬᠦ ᠪᠠᠷ ᠭᠤᠶᠤᠴᠢᠯᠠᠬᠤ ᠬᠡᠷᠡᠭᠲᠡᠶ᠃
ᠬᠣᠷᠢᠨ ᠨᠢᠭᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠠᠶ᠋ᠢᠭ᠋ᠠᠯᠢ ᠵᠢᠨ ᠴᠡᠴᠡᠷᠯᠢᠭ ᠦ᠋᠊ᠨ ᠬᠠᠮᠢᠶᠠᠷᠤᠯᠲᠠ ᠵᠢᠨ ᠨᠢᠭᠡᠴᠡᠨᠢ ᠲᠤᠰ ᠪᠠᠶ᠋ᠢᠭ᠋ᠠᠯᠢ ᠵᠢᠨ ᠴᠡᠴᠡᠷᠯᠢᠭ ᠦ᠋᠊ᠨ ᠬᠠᠮᠠᠭ᠋ᠠᠯᠠᠯᠲᠠ ᠬᠠᠮᠢᠶᠠᠷᠤᠯᠲᠠ ᠵᠢᠨ ᠳᠦᠷᠢᠮ ᠢ ᠲᠣᠭᠲᠠᠭ᠋ᠠᠬᠤ ᠵᠢᠨ ᠬᠠᠮᠲᠤ ᠣᠯᠠᠨ ᠨᠡᠶ᠋ᠢᠲᠡᠳᠤ ᠮᠡᠳᠡᠭᠳᠡᠬᠦ ᠬᠡᠷᠡᠭᠲᠡᠶ᠃ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠬᠠᠮᠠᠭ᠋ᠠᠯᠠᠵᠤ ᠬᠠᠮᠢᠶᠠᠷᠤᠨ ᠬᠠᠮᠠᠭ᠋ᠠᠯᠠᠬᠤ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠠᠵᠢᠯᠯᠠᠭ᠎ᠠ ᠵᠢᠨ ᠬᠢᠨᠠᠨ ᠬᠡᠮᠵᠢᠯᠲᠡ ᠵᠢ ᠴᠢᠩᠭ᠋ᠠᠳᠬᠠᠵᠤ᠂ ᠪᠠᠶ᠋ᠢᠭ᠋ᠠᠯᠢ ᠵᠢᠨ ᠴᠡᠴᠡᠷᠯᠢᠭ ᠡᠪᠳᠡᠭᠰᠡᠨ ᠦᠢ᠍ᠯᠡ ᠠᠵᠢᠯᠯᠠᠭ᠎ᠠ ᠵᠢ ᠴᠠᠭ ᠲᠤᠬᠠᠶ ᠳᠤᠨᠢ ᠣᠯᠵᠤ ᠂ ᠬᠤᠷᠢᠭᠯᠠᠨ ᠵᠣᠭᠰᠣᠭ᠋ᠠᠵᠤ᠂ ᠮᠡᠳᠡᠭᠦᠯᠬᠦ ᠬᠡᠷᠡᠭᠲᠡᠶ᠃ ᠠᠶᠤᠯᠭᠦᠢ ᠦᠢ᠍ᠯᠡᠳᠪᠦᠷᠢᠯᠡᠯ ᠤᠨ ᠬᠠᠮᠢᠶᠠᠷᠤᠯᠲᠠ ᠵᠢ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠪᠠᠶ᠋ᠢᠭ᠋ᠠᠯᠢ ᠵᠢᠨ ᠴᠡᠴᠡᠷᠯᠢᠭ ᠬᠡᠪᠴᠢᠶᠡᠨᠳᠠᠬᠢ ᠠᠶᠤᠯᠭᠦᠶ ᠵᠢᠨ ᠡ᠊ᠨᠳᠡᠯ᠂ ᠪᠠᠶ᠋ᠢᠭ᠋ᠠᠯᠢ ᠵᠢᠨ ᠭᠠᠮᠰᠢᠭ᠂ ᠤᠢ ᠰᠢᠭᠤᠶ ᠨᠤᠲᠤᠭ ᠪᠡᠯᠴᠢᠭᠡᠷ ᠭᠠᠯ ᠰᠡᠷᠭᠡᠶ᠋ᠢᠯᠡᠬᠦ᠂ ᠡᠪᠡᠳᠴᠢᠨ ᠬᠤᠷᠣᠬᠠᠶ ᠵᠢᠨ ᠬᠥᠨᠥᠭᠡᠯ ᠢ ᠰᠡᠷᠭᠡᠶ᠋ᠢᠯᠡᠨ ᠵᠠᠰᠠᠬᠤ ᠵᠡᠷᠭᠡ ᠤᠷᠢᠳᠴᠢᠯᠠᠨ ᠰᠡᠷᠭᠡᠶ᠋ᠢᠯᠡᠬᠦ ᠪᠠ ᠰᠢᠢ᠍ᠳᠪᠦᠷᠢᠯᠡᠬᠦ ᠵᠢ ᠬᠠᠤᠯᠢ ᠲᠣᠭᠲᠠᠭ᠋ᠠᠯ ᠶᠣᠰᠣᠭ᠋ᠠᠷ ᠰᠠᠶ᠋ᠢᠲᠤᠷ ᠬᠢᠨ᠎ᠡ ᠃
ᠬᠣᠷᠢᠨ ᠬᠣᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠠᠶ᠋ᠢᠭ᠋ᠠᠯᠢ ᠵᠢᠨ ᠴᠡᠴᠡᠷᠯᠢᠭ ᠦ᠋᠊ᠨ ᠬᠠᠮᠢᠶᠠᠷᠤᠯᠲᠠ ᠵᠢᠨ ᠨᠢᠭᠡᠴᠡᠨᠢ ᠬᠣᠰᠢᠭᠤ ᠰᠢᠶᠠᠨᠤ ᠱᠠᠲᠤᠨᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷᠲᠠᠢ ᠬᠠᠮᠵᠢᠯᠴᠠᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠠᠶ᠋ᠢᠭ᠋ᠠᠯᠢ ᠵᠢᠨ ᠴᠡᠴᠡᠷᠯᠢᠭ ᠲᠠᠬᠢ ᠠᠮᠢ ᠠᠬᠤᠶ ᠵᠢ ᠬᠠᠮᠠᠭ᠋ᠠᠯᠠᠬᠤ ᠪᠠ ᠰᠡᠷᠭᠦᠭᠡᠬᠦ ᠠᠵᠢᠯ ᠥᠷᠨᠢᠭᠦᠯᠬᠦ ᠬᠡᠷᠡᠭᠲᠡᠶ᠃ ᠠᠮᠢ ᠠᠬᠤᠶ ᠵᠢ ᠠᠶᠠᠨᠳᠠᠭ᠋ᠠᠨ ᠰᠡᠷᠭᠦᠭᠡᠬᠦ ᠪᠠᠷ ᠭᠣᠤᠯ ᠪᠣᠯᠭ᠋ᠠᠵᠤ᠂ ᠠᠶᠠᠨᠳᠠᠭ᠋ᠠᠨ ᠰᠡᠷᠭᠦᠭᠡᠬᠦ ᠪᠠ ᠬᠥᠮᠦᠨᠤ ᠬᠦᠴᠦ ᠪᠠᠷ ᠰᠡᠷᠭᠦᠭᠡᠬᠦ ᠵᠢ ᠬᠠᠷᠢᠯᠴᠠᠨ ᠤᠶᠠᠯᠳᠤᠭᠤᠯᠬᠤ ᠠᠷᠭ᠎ᠠ ᠬᠡᠮᠵᠢᠶ᠎ᠡ ᠵᠢ ᠠᠪᠬᠤ ᠬᠡᠷᠡᠭᠲᠡᠶ᠃ ᠭᠠᠳᠠᠨ᠎ᠠ ᠠᠮᠢᠳᠤ ᠪᠣᠳᠠᠰ ᠤᠨ ᠵᠢᠨ ᠣᠷᠣᠵᠤ ᠢᠷᠡᠬᠦ ᠵᠢ ᠴᠢᠩᠭ᠎ᠠ ᠰᠡᠷᠭᠡᠶ᠋ᠢᠯᠡᠬᠦ ᠬᠡᠷᠡᠭᠲᠡᠶ᠃
ᠬᠣᠷᠢᠨ ᠭᠤᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶ᠋ᠢᠭ᠋ᠠᠯᠢ ᠵᠢᠨ ᠴᠡᠴᠡᠷᠯᠢᠭ ᠦ᠋᠊ᠨ ᠬᠠᠮᠢᠶᠠᠷᠤᠯᠲᠠ ᠵᠢᠨ ᠨᠢᠭᠡᠴᠡᠨᠢ ᠰᠢᠨᠵᠢᠯᠡᠬᠦ ᠤᠬᠠᠭ᠋ᠠᠨ ᠰᠤᠳᠤᠯᠤᠯ ᠬᠦᠷᠢᠶᠡᠯᠡᠩ᠂ ᠳᠡᠭᠡᠳᠦ ᠰᠤᠷᠭ᠋ᠠᠭᠤᠯᠢ᠂ ᠨᠡᠶ᠋ᠢᠭᠡᠮ ᠦ᠋᠊ᠨ ᠵᠣᠬᠢᠶᠠᠨ ᠪᠠᠶ᠋ᠢᠭᠤᠯᠤᠯᠲᠠ ᠵᠡᠷᠭᠡ ᠲᠤᠰᠬᠠᠶ ᠪᠠᠶ᠋ᠢᠭᠤᠯᠤᠮᠵᠢ ᠯᠤᠭ᠎ᠠ ᠵᠢᠨ ᠬᠠᠮᠵᠢᠯᠴᠠᠭ᠎ᠠ ᠪᠠᠨ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠤ ᠰᠤᠳᠤᠯᠤᠯ ᠪᠠ ᠵᠢᠭ᠋ᠠᠨ ᠰᠤᠷᠭ᠋ᠠᠯᠲᠠ ᠵᠢᠨ ᠳᠠᠳᠤᠯᠭ᠎ᠠ ᠬᠢᠬᠦ ᠵᠢᠴᠢ ᠪᠠᠶ᠋ᠢᠭ᠋ᠠᠯᠢ ᠵᠢᠨ ᠰᠤᠷᠭ᠋ᠠᠨ ᠬᠥᠮᠦᠵᠢᠯ ᠪᠠ ᠰᠢᠨᠵᠢᠯᠡᠬᠦ ᠤᠬᠠᠭ᠋ᠠᠨᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠬᠦ ᠬᠡᠷᠡᠭᠲᠡᠶ᠃
ᠬᠣᠷᠢᠨ ᠳᠥᠷᠪᠡᠳᠦᠭᠡᠷ ᠵᠦᠢ᠍ᠯ ᠠᠷᠠᠳ ᠢᠷᠭᠡᠳ᠂ ᠬᠠᠤᠯᠢ ᠵᠢᠨ ᠡᠷᠬᠡᠲᠡᠨ ᠪᠣᠯᠤᠨ ᠪᠤᠰᠤᠳ ᠵᠣᠬᠢᠶᠠᠨ ᠪᠠᠶ᠋ᠢᠭᠤᠯᠤᠯᠲᠠ ᠵᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶ᠋ᠢᠭ᠋ᠠᠯᠢ ᠵᠢᠨ ᠴᠡᠴᠡᠷᠯᠢᠭ ᠢ ᠬᠠᠮᠠᠭ᠋ᠠᠯᠠᠬᠤ᠂ ᠬᠠᠮᠢᠶᠠᠷᠬᠤ᠂ ᠠᠰᠢᠭᠯᠠᠬᠤ ᠪᠠ ᠬᠢᠨᠠᠯᠲᠠ ᠲᠠᠯᠪᠢᠬᠤ ᠵᠡᠷᠭᠡ ᠠᠵᠢᠯ ᠳᠤ ᠣᠷᠣᠯᠴᠠᠬᠤ ᠵᠢ ᠵᠣᠷᠢᠭᠵᠢᠭᠤᠯᠤᠨ᠎ᠠ ᠃
ᠦᠪᠡᠷᠳᠡᠭᠡᠨ ᠵᠠᠰᠠᠬᠤ ᠣᠷᠣᠨ ᠤᠨ ᠪᠠᠶ᠋ᠢᠭ᠋ᠠᠯᠢ ᠵᠢᠨ ᠴᠡᠴᠡᠷᠯᠢᠭ ᠤᠨ ᠬᠠᠮᠢᠶᠡᠷᠦᠯᠳᠡ ᠵᠢᠨ ᠨᠢᠭᠡᠴᠡ ᠨᠦᠭᠦᠳ ᠪᠠᠶ᠋ᠢᠭ᠋ᠠᠯᠢ ᠵᠢᠨ ᠴᠡᠴᠡᠷᠯᠢᠭ ᠵᠢᠴᠢ ᠦᠢ᠍ᠷᠠ ᠬᠠᠪᠢ ᠵᠢᠨ ᠰᠠᠭᠤᠭ᠋ᠠᠯᠢ ᠠᠷᠡᠳ ᠪᠤᠯᠥᠨ ᠬᠠᠦᠯᠢ ᠵᠢᠨ ᠡᠷᠭᠡᠳᠡᠨ᠂ ᠪᠤᠰᠣᠳ ᠵᠤᠬᠢᠶᠡᠨ ᠪᠠᠶ᠋ᠢᠭᠤᠯᠥᠯᠳᠡ ᠵᠢ ᠬᠦᠳᠦᠯᠥᠨ ᠵᠢᠯᠥᠭᠤᠳᠴᠥ ᠪᠠᠶ᠋ᠢᠭ᠋ᠠᠳ ᠠᠮᠢ ᠠᠬᠤᠢ ᠵᠢᠨ ᠵᠢᠭᠤᠯᠴᠢᠯᠠᠯ ᠵᠡᠷᠭᠡ ᠲᠣᠬᠠᠢ ᠵᠢᠨ ᠭᠠᠵᠡᠷ ᠣᠨᠴᠠᠯᠢᠭ ᠲᠠᠢ ᠪᠣᠬᠢᠷᠳᠦᠯ ᠦᠭᠡᠢ ᠠᠵᠦ ᠦᠢ᠍ᠯᠡᠰ ᠡᠮᠬᠢ ᠵᠢᠷᠦᠮ ᠲᠠᠢ ᠪᠠᠷ ᠬᠦᠭᠵᠢᠬᠦᠯᠥᠨ᠎ᠠ ᠃
ᠥᠪᠡᠷᠲᠡᠭᠡᠨ ᠵᠠᠰᠠᠬᠤ ᠣᠷᠣᠨᠤ ᠲᠡᠰᠤᠨ ᠪᠠᠶ᠋ᠢᠭ᠋ᠠᠯᠢ ᠵᠢᠨ ᠴᠡᠴᠡᠷᠯᠢᠭ ᠨᠡᠭᠦᠷᠡᠰᠦᠲᠥ᠋ᠷᠥᠭᠴᠢ ᠡᠨᠧᠷᠭᠢ ᠠᠷᠪᠢᠯᠠᠬᠤ᠂ ᠣᠷᠴᠢᠨ ᠲᠣᠭᠤᠷᠢᠨ ᠢ ᠬᠠᠮᠠᠭ᠋ᠠᠯᠠᠬᠤ ᠪᠣᠬᠢᠷᠲᠤᠯ ᠦᠭᠡᠢ ᠪᠠᠷᠢᠯᠭ᠎ᠠ ᠵᠢᠨ ᠮᠠᠲ᠋ᠧᠷᠢᠶᠠᠯ᠂ ᠵᠠᠮ ᠬᠠᠷᠢᠯᠴᠠᠭ᠋ᠠᠨᠤ ᠪᠠᠭ᠋ᠠᠵᠢ ᠵᠢ ᠬᠡᠷᠡᠭᠯᠡᠬᠦ ᠵᠢ ᠵᠣᠷᠢᠭᠵᠢᠭᠤᠯᠵᠤ᠂ ᠢᠳᠡᠭᠡᠨ ᠤᠮᠳᠠᠭ᠋ᠠᠨ᠂ ᠂ ᠡᠷᠡᠭᠦᠯ ᠬᠠᠮᠠᠭ᠋ᠠᠯᠠᠯ ᠵᠡᠷᠭᠡ ᠳᠤ ᠰᠦᠯᠢᠶᠥᠤ ᠵᠢ ᠣᠷᠣᠯᠠᠭᠤᠯᠬᠤ ᠦᠢ᠍ᠯᠡᠳᠬᠦᠨᠢ ᠳᠡᠯᠭᠡᠷᠡᠭᠦᠯᠦᠨ ᠬᠡᠷᠡᠭᠯᠡᠨ᠎ᠡ ᠃
ᠲᠠᠪᠤᠳᠤᠭ᠋ᠠᠷ ᠪᠦᠯᠦᠭ
ᠲᠠᠪᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ ᠣᠶ ᠰᠢᠭᠤᠶ ᠪᠠ ᠨᠤᠲᠤᠭ ᠪᠡᠯᠴᠢᠭᠡᠷ ᠦ᠋᠊ᠨ ᠪᠦᠬᠦ ᠣᠷᠣᠨ ᠥᠪᠡᠷᠲᠡᠭᠡᠨ ᠵᠠᠰᠠᠬᠤ ᠣᠷᠣᠨ ᠤ ᠲᠠᠰ ᠪᠠᠶ᠋ᠢᠭ᠋ᠠᠯᠢ ᠵᠢᠨ ᠴᠡᠴᠡᠷᠯᠢᠭ ᠶᠡᠷᠦᠩᠬᠡᠶ᠋ᠢᠯᠡᠭᠰᠡᠨ ᠬᠢᠨᠠᠯᠲᠠ ᠲᠠᠯᠪᠢᠵᠤ ᠰᠤᠭᠤᠴᠢᠨ ᠪᠠᠶ᠋ᠢᠴᠠᠭ᠋ᠠᠬᠤ ᠠᠵᠢᠯ ᠢ ᠬᠠᠷᠢᠭᠤᠴᠠᠨ᠎ᠠ ᠃ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)ᠤ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠵᠠᠰᠠᠭ ᠵᠠᠬᠢᠷᠭ᠋ᠠᠨ ᠤ ᠣᠷᠣᠨ ᠤ ᠪᠠᠨ ᠥᠪᠡᠷᠲᠡᠭᠡᠨ ᠵᠠᠰᠠᠬᠤ ᠣᠷᠣᠨ ᠲᠠᠰ ᠪᠠᠶ᠋ᠢᠭ᠋ᠠᠯᠢ ᠵᠢᠨ ᠴᠡᠴᠡᠷᠯᠢᠭ ᠲᠤ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ ᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠠᠶ᠋ᠢᠭ᠋ᠠᠯᠢ ᠵᠢᠨ ᠴᠡᠴᠡᠷᠯᠢᠭ ᠤᠨ ᠬᠠᠮᠢᠶᠠᠷᠤᠯᠲᠠ ᠵᠢᠨ ᠨᠢᠭᠡᠴᠡ ᠨᠢ ᠥᠪᠡᠷᠲᠡᠭᠡᠨ ᠵᠠᠰᠠᠬᠤ ᠣᠷᠣᠨ ᠤ ᠱᠠᠲᠤᠨᠤ ᠪᠠᠶ᠋ᠢᠭ᠋ᠠᠯᠢ ᠵᠢᠨ ᠴᠡᠴᠡᠷᠯᠢᠭ ᠤᠨ ᠡᠳᠦᠷ ᠲᠤᠲᠤᠮ ᠤᠨ ᠲᠣᠭᠤᠷᠢᠨ ᠪᠠᠶ᠋ᠢᠴᠠᠭ᠋ᠠᠬᠤ ᠠᠵᠢᠯ ᠬᠠᠷᠢᠭᠤᠴᠠᠨ᠎ᠠ ᠃
ᠥᠪᠥᠷ ᠮᠣᠩᠭᠤᠯ ᠤᠨ ᠣᠶ ᠰᠢᠭᠤᠶ ᠵᠢᠨ ᠠᠵᠤ ᠦᠢ᠍ᠯᠡᠳᠪᠦᠷᠢ ᠵᠢᠨ ᠪᠦᠯᠦᠭᠯᠡᠯ ᠨᠢ ᠥᠪᠥᠷ ᠮᠣᠩᠭᠤᠯ ᠤᠨ ᠶᠡᠭᠡ ᠬᠢᠩᠭ᠋ᠠᠨ ᠳᠠᠪᠠᠭ᠎ᠠ ᠵᠢᠨ ᠭᠤᠤᠯᠳᠠᠯᠭ᠎ᠠ ᠲᠠᠢ ᠤᠯᠤᠰ ᠥᠮᠴᠢᠯᠡᠯᠲᠦ ᠰᠢᠭᠤᠶ᠋ᠢᠲᠤ ᠣᠷᠣᠨ ᠤ ᠥᠪᠡᠷᠲᠡᠭᠡᠨ ᠵᠠᠰᠠᠬᠤ ᠣᠷᠣᠨ ᠤ ᠲᠠᠰ ᠪᠠᠶ᠋ᠢᠭ᠋ᠠᠯᠢ ᠵᠢᠨ ᠴᠡᠴᠡᠷᠯᠢᠭ ᠲᠤ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ ᠢ ᠰᠢᠮᠳᠠᠭᠤᠯᠤᠨ ᠵᠢᠯᠣᠭᠤᠳᠬᠤ ᠵᠢ ᠬᠠᠷᠢᠭᠤᠴᠠᠨ᠎ᠠ ᠃
ᠬᠤᠷᠢᠨ ᠵᠢᠷᠭᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ ᠲᠠᠰ ᠪᠠᠶ᠋ᠢᠭ᠋ᠠᠯᠢ ᠵᠢᠨ ᠴᠡᠴᠡᠷᠯᠢᠭ ᠤᠨ ᠬᠠᠮᠢᠶᠠᠷᠤᠯᠲᠠ ᠵᠢᠨ ᠨᠢᠭᠡᠴᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠡᠷᠬᠡ ᠬᠡᠪᠴᠢᠶᠡᠨ ᠬᠠᠮᠢᠶ᠎ᠠ ᠪᠥᠬᠦᠶ ᠵᠠᠰᠠᠭ ᠵᠠᠬᠢᠷᠭ᠋ᠠᠨ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠭᠦᠢ᠍ᠴᠡᠳᠬᠡᠵᠦ᠂ ᠣᠯᠵᠤ ᠮᠡᠳᠡᠭᠰᠡᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶ᠋ᠢᠭ᠋ᠠᠯᠢ ᠵᠢᠨ ᠴᠡᠴᠡᠷᠯᠢᠭ ᠲᠤ ᠣᠷᠣᠰᠢᠵᠤ ᠪᠠᠶ᠋ᠢᠭ᠎ᠠ ᠬᠠᠤᠯᠢ ᠲᠣᠭᠲᠠᠭ᠋ᠠᠯᠠᠴᠠ ᠵᠥᠷᠢᠴᠡᠭᠰᠡᠨ ᠠᠰᠠᠭᠤᠳᠠᠯ ᠢ ᠴᠠᠭ ᠲᠤᠬᠠᠶ ᠳᠤᠨᠢ ᠪᠠᠶ᠋ᠢᠴᠠᠭ᠋ᠠᠨ ᠬᠠᠷᠭᠤᠭᠤᠯᠵᠤ᠂ ᠱᠠᠯᠠᠪᠳᠠᠭᠤᠯᠤᠨ ᠴᠡᠭᠴᠡᠯᠡᠨ ᠰᠠᠶ᠋ᠢᠵᠢᠷᠠᠭᠤᠯᠬᠤ ᠬᠡᠷᠡᠭᠲᠡᠶ
ᠬᠠᠤᠯᠢ ᠬᠡᠷᠡᠭᠵᠢᠭᠦᠯᠬᠦ ᠡᠷᠬᠡ ᠮᠡᠳᠡᠯ ᠦᠭᠡᠢ ᠪᠠᠶ᠋ᠢᠪᠠᠯ᠂ ᠠᠰᠠᠭᠤᠳᠠᠯ ᠰᠦᠪᠡᠭᠴᠢ ᠵᠢ ᠴᠠᠭ ᠲᠤᠬᠠᠶ ᠳᠤᠨᠢ ᠮᠡᠳᠡᠭᠦᠯᠬᠦ ᠪᠤᠶᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶ᠋ᠢᠭ᠋ᠠᠯᠢ ᠵᠢᠨ ᠴᠡᠴᠡᠷᠯᠢᠭ ᠲᠠᠬᠢ ᠬᠠᠤᠯᠢ ᠲᠣᠭᠲᠠᠭ᠋ᠠᠯ ᠵᠥᠷᠢᠴᠡᠭᠰᠡᠨ ᠠᠰᠠᠭᠤᠳᠠᠯ ᠢ ᠴᠡᠭᠴᠡᠯᠡᠨ ᠥᠪᠡᠷᠲᠡᠭᠡᠨ ᠵᠠᠰᠠᠬᠤ ᠣᠷᠣᠨ ᠣᠶ ᠰᠢᠭᠤᠶ ᠪᠠ ᠨᠤᠲᠤᠭ ᠪᠡᠯᠴᠢᠭᠡᠷ ᠲᠣᠪᠴᠢᠶ᠎ᠠ᠂ ᠠᠶ᠋ᠢᠮᠠᠭ ᠬᠤᠲᠠ ᠵᠢᠨ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠥᠪᠥᠷ ᠮᠣᠩᠭᠤᠯ ᠣᠶ ᠰᠢᠭᠤᠶ ᠵᠢᠨ ᠠᠵᠤ ᠦᠢ᠍ᠯᠡᠳᠪᠦᠷᠢ ᠵᠢᠨ ᠪᠦᠯᠦᠭᠯᠡᠯ ᠲᠣᠰ ᠲᠣᠰ ᠤᠨ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ ᠲᠣᠭᠲᠠᠮᠠᠯ ᠬᠤᠭᠤᠴᠠᠭ᠎ᠠ ᠲᠠᠢ ᠪᠠᠷ ᠂ ᠮᠥᠷᠳᠡᠨ ᠬᠢᠨᠠᠨ ᠵᠢᠯᠣᠭᠤᠳᠬᠤ ᠪᠤᠶᠤ ᠲᠤᠬᠠᠶ ᠵᠢᠨ ᠲᠠᠯᠠᠪᠤᠷᠲᠤᠨᠢ ᠬᠢᠨᠠᠨ ᠪᠠᠶ᠋ᠢᠴᠠᠭ᠋ᠠᠵᠤ᠂ ᠴᠡᠭᠴᠡᠯᠡᠨ ᠰᠠᠶ᠋ᠢᠵᠢᠷᠠᠭᠤᠯᠬᠤ ᠵᠢ ᠃
ᠠᠵᠢᠯ ᠨᠢ ᠬᠦᠴᠦᠨ ᠦᠭᠡᠶ᠂ ᠬᠡᠷᠡᠭ ᠪᠠᠶ᠋ᠢᠨ ᠳᠠᠬᠢᠨ ᠭᠠᠷᠴᠤ᠂ ᠣᠯᠠᠨ ᠲᠦᠮᠡᠨ ᠤ ᠲᠤᠰᠬᠠᠯ ᠴᠢᠩᠭ᠎ᠠ ᠪᠠᠶ᠋ᠢᠭ᠎ᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠠᠶ᠋ᠢᠭ᠋ᠠᠯᠢ ᠵᠢᠨ ᠴᠡᠴᠡᠷᠯᠢᠭ ᠲᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠦ᠋᠊ᠨ ᠲᠣᠪᠴᠢᠶ᠎ᠠ ᠂ ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ ᠦ᠋᠊ᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠠᠶ᠋ᠢᠭ᠋ᠠᠯᠢ ᠵᠢᠨ ᠴᠡᠴᠡᠷᠯᠢᠭ ᠦ᠋᠊ᠨ ᠬᠠᠮᠢᠶᠠᠷᠤᠯᠲᠠ ᠵᠢᠨ ᠨᠢᠭᠡᠴᠡ ᠵᠢᠨ ᠬᠠᠷᠢᠭᠤᠴᠠᠯᠭ᠋ᠠᠲᠠᠨ᠂ ᠰᠠᠭᠤᠭ᠎ᠠ ᠭᠠᠵᠠᠷ ᠤᠨ ᠣᠶ ᠰᠢᠭᠤᠶ ᠪᠠ ᠨᠤᠲᠤᠭ ᠪᠡᠯᠴᠢᠭᠡᠷ ᠦ᠋᠊ᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠦ᠋᠊ᠨ ᠬᠠᠷᠢᠭᠤᠴᠠᠯᠭ᠋ᠠᠲᠠᠨ ᠲᠠᠢ ᠪᠣᠯᠵᠣᠨ ᠶᠠᠷᠢᠯᠴᠠᠵᠤ ᠪᠣᠯᠤᠨ᠎ᠠ᠃
ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶ᠋ᠢᠭ᠋ᠠᠯᠢ ᠵᠢᠨ ᠴᠡᠴᠡᠷᠯᠢᠭ ᠦ᠋᠊ᠨ ᠬᠠᠮᠢᠶᠠᠷᠤᠯᠲᠠ ᠵᠢᠨ ᠨᠢᠭᠡᠴᠡ ᠲᠤᠰ ᠠᠷᠭ᠎ᠠ ᠵᠢᠨ ᠲᠣᠭᠲᠠᠭ᠋ᠠᠯ ᠵᠥᠷᠢᠴᠡᠭᠰᠡᠨ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ ᠣᠶ ᠰᠢᠭᠤᠶ ᠪᠠ ᠨᠤᠲᠤᠭ ᠪᠡᠯᠴᠢᠭᠡᠷ ᠦ᠋᠊ᠨ ᠲᠣᠪᠴᠢᠶ᠎ᠠ ᠪᠤᠶᠤ ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ ᠦ᠋᠊ᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠶ᠋ᠢᠵᠢᠷᠠᠭᠤᠯᠬᠤ ᠪᠠᠷ ᠱᠠᠭ᠋ᠠᠷᠳᠠᠬᠤ ᠬᠡᠷᠡᠭᠲᠡᠶ᠂ ᠬᠤᠭᠤᠴᠠᠭ᠎ᠠ ᠥᠩᠭᠡᠷᠡᠲᠡᠯ᠎ᠡ ᠴᠡᠭᠴᠡᠯᠡᠨ ᠰᠠᠶ᠋ᠢᠵᠢᠷᠠᠭᠤᠯᠤᠭᠰᠠᠨ ᠦᠭᠡᠶ ᠪᠣᠯ ᠬᠡᠷᠡᠭᠲᠡᠶ᠃
ᠬᠣᠷᠢᠨ ᠳᠣᠯᠣᠳᠤᠭ᠋ᠠᠷ ᠵᠦᠢ᠍ᠯ ᠲᠤᠰ ᠠᠷᠭ᠎ᠠ ᠵᠢᠨ ᠲᠣᠭᠲᠠᠭ᠋ᠠᠯᠠᠴᠠ ᠵᠥᠷᠢᠴᠡᠵᠦ᠂ ᠥᠪᠡᠷᠲᠡᠭᠡᠨ ᠵᠠᠰᠠᠬᠤ ᠣᠷᠣᠨ ᠤ ᠱᠠᠲᠤᠨᠤ ᠪᠠᠶ᠋ᠢᠭ᠋ᠠᠯᠢ ᠵᠢᠨ ᠴᠡᠴᠡᠷᠯᠢᠭ ᠦ᠋᠊ᠨ ᠠᠮᠢ ᠠᠬᠤᠶ ᠵᠢᠨ ᠣᠷᠴᠢᠨ ᠲᠣᠭᠣᠷᠢᠨ ᠳᠤ ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ ᠤ ᠱᠠᠲᠤᠨ ᠪᠠᠶ᠋ᠢᠭ᠋ᠠᠯᠢ ᠵᠢᠨ ᠴᠡᠴᠡᠷᠯᠢᠭ ᠦ᠋᠊ᠨ ᠬᠠᠮᠢᠶᠠᠷᠤᠯᠲᠠ ᠵᠢᠨ ᠨᠢᠭᠡᠴᠡ ᠨᠢ ᠬᠠᠤᠯᠢ ᠵᠥᠷᠢᠴᠡᠭᠰᠡᠨ ᠦᠢ᠍ᠯᠡ ᠠᠵᠢᠯᠯᠠᠭ᠎ᠠ ᠲᠠᠢ ᠬᠥᠮᠦᠨ ᠰᠡᠷᠭᠦᠭᠡᠬᠦ ᠬᠠᠷᠢᠭᠤᠴᠠᠯᠭ᠎ᠠ ᠂ ᠬᠣᠬᠢᠷᠠᠯ ᠪᠠ ᠬᠣᠯᠪᠣᠭᠳᠠᠯ ᠪᠦᠬᠦᠢ ᠵᠠᠷᠤᠳᠠᠯ ᠢ ᠲᠥᠯᠥᠭᠦᠯᠬᠦ ᠪᠠᠷ ᠬᠠᠤᠯᠢ ᠶᠣᠰᠣᠭ᠋ᠠᠷ ᠱᠠᠭ᠋ᠠᠷᠳᠠᠵᠤ ᠪᠣᠯᠤᠨ᠎ᠠ ᠃
ᠬᠣᠷᠢᠨ ᠨᠠᠢ᠍ᠮᠠᠳᠤᠭ᠋ᠠᠷ ᠵᠦᠢ᠍ᠯ ᠬᠠᠮᠠᠭ᠋ᠠᠯᠠᠵᠤ ᠬᠠᠮᠢᠶᠠᠷᠤᠭᠰᠠᠨᠨᠢ ᠬᠦᠴᠦᠨ ᠦᠭᠡᠶ ᠪᠣᠯᠵᠤ ᠥᠪᠡᠷᠲᠡᠭᠡᠨ ᠵᠠᠰᠠᠬᠤ ᠣᠷᠣᠨ ᠤ ᠲᠠᠰ ᠪᠠᠶ᠋ᠢᠭ᠋ᠠᠯᠢ ᠵᠢᠨ ᠴᠡᠴᠡᠷᠯᠢᠭ ᠪᠠᠶ᠋ᠢᠭᠤᠯᠬᠤ ᠨᠥᠬᠥᠴᠡᠯ ᠵᠶ᠋ᠡᠨ ᠠᠯᠳᠠᠭᠰᠠᠨ ᠪᠣᠯ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠭᠰᠡᠨ ᠤ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠣᠯᠤᠨ ᠨᠤᠲᠤᠭ ᠪᠡᠯᠴᠢᠭᠡᠷ ᠦ᠋᠊ᠨ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠲᠠᠰ ᠪᠠᠶ᠋ᠢᠭ᠋ᠠᠯᠢ ᠵᠢᠨ ᠴᠡᠴᠡᠷᠯᠢᠭ ᠦᠭᠡᠶ᠋ᠢᠰᠬᠡᠬᠦ ᠵᠢᠨ ᠬᠠᠮᠲᠤ ᠨᠡᠶ᠋ᠢᠭᠡᠮ ᠳᠤ ᠨᠡᠶ᠋ᠢᠲᠡᠯᠡᠵᠦ ᠪᠣᠯᠤᠨ᠎ᠠ ᠃
ᠵᠢᠷᠭᠤᠳᠤᠭ᠋ᠠᠷ ᠪᠦᠯᠦᠭ ᠳᠠᠭ᠋ᠠᠯᠳᠤᠭᠤᠯᠤᠯ
ᠶᠢᠰᠦᠳᠦᠭᠡᠷ ᠵᠦᠢ᠍ᠯ ᠲᠤᠰ ᠠᠷᠭ᠎ᠠ ᠵᠢ ᠥᠪᠡᠷᠲᠡᠭᠡᠨ ᠵᠠᠰᠠᠬᠤ ᠣᠷᠣᠨ ᠣᠶ ᠰᠢᠭᠤᠶ ᠪᠠ ᠨᠤᠲᠤᠭ ᠪᠡᠯᠴᠢᠭᠡᠷ ᠦ᠋᠊ᠨ ᠲᠣᠪᠴᠢᠶ᠎ᠠ ᠬᠠᠷᠢᠭᠤᠴᠠᠨ
ᠭᠤᠴᠢᠳᠤᠭ᠋ᠠᠷ ᠵᠦᠢ᠍ᠯ ᠲᠤᠰ ᠠᠷᠭ᠎ᠠ ᠵᠢ ᠳᠠᠷᠤᠮᠠᠯᠯᠠᠨ ᠲᠠᠷᠬᠠᠭ᠋ᠠᠭᠰᠠᠨ ᠡᠳᠦᠷ ᠡᠬᠢᠯᠡᠵᠦ ᠬᠡᠷᠡᠭᠵᠢᠭᠦᠯᠦᠨ᠎ᠡ ᠃ ᠪᠤᠰᠤᠳ ᠲᠣᠭᠲᠠᠭ᠋ᠠᠯ ᠨᠢ ᠲᠤᠰ ᠠᠷᠭ᠎ᠠ ᠯᠤᠭ᠎ᠠ ᠨᠢᠭᠡᠳᠦᠯ ᠦᠭᠡᠶ ᠪᠠᠶ᠋ᠢᠪᠠᠯ᠂ ᠲᠤᠰ ᠪᠠᠷᠢᠮᠵᠢᠶ᠎ᠠ ᠪᠣᠯᠭ᠋ᠠᠨᠠ ᠃