ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠮᠠᠨ᠎ᠤ ᠠᠶ᠋ᠢᠮᠠᠭ ᠨᠢᠰᠬᠡᠯ ᠵᠶ᠋ᠠᠷ ᠤᠢ ᠰᠢᠭᠤᠢ ᠵᠢᠨ ᠲᠦᠢ᠍ᠮᠡᠷ᠎ᠢ ᠤᠷᠢᠳᠴᠢᠯᠠᠨ ᠰᠡᠷᠬᠡᠶ᠋ᠢᠯᠡᠵᠦ ᠪᠠᠶ᠋ᠢᠨ᠎ᠠ
ᠨᠡᠶ᠋ᠢᠲᠡᠯᠡᠭᠰᠡᠨ ᠴᠠᠭ᠄ 2025-04-17


   
    ᠲᠦᠷᠦᠭᠦᠬᠡᠨ᠂ ᠮᠠᠨ᠎ᠤ ᠠᠶ᠋ᠢᠮᠠᠭ ᠡᠭᠴᠡ ᠨᠢᠰᠬᠦ ᠨᠢᠰᠬᠡᠯ ᠵᠶ᠋ᠠᠷ ᠡᠨᠡ ᠵᠢᠯ᠎ᠤᠨ ᠣᠶ ᠰᠢᠭᠤᠢ ᠵᠢᠨ ᠬᠠᠮᠠᠭ᠋ᠠᠯᠠᠯᠲᠠ ᠵᠢᠨ ᠠᠩᠬᠠᠨ᠎ᠤ ᠡᠭᠦᠷᠭᠡ᠎ᠪᠠᠨ ᠭᠦᠢ᠍ᠴᠡᠳᠬᠡᠵᠦ᠂ ᠣᠶ ᠰᠢᠭᠤᠢ ᠨᠤᠳᠤᠭ ᠪᠡᠯᠴᠢᠭᠡᠷ᠎ᠤᠨ ᠲᠦᠢ᠍ᠮᠡᠷ᠎ᠢ ᠤᠷᠢᠳᠴᠢᠯᠠᠨ ᠰᠡᠷᠬᠡᠶ᠋ᠢᠯᠡᠭᠰᠡᠨ ᠪᠠᠶ᠋ᠢᠨ᠎ᠠ᠃ ᠬᠠᠪᠤᠷ᠎ᠤᠨ ᠤᠯᠠᠷᠢᠯ ᠪᠣᠯ ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠵᠠᠩᠭᠢᠯᠠᠭ᠎ᠠ ᠵᠢᠨ ᠴᠠᠭ ᠬᠤᠭᠤᠴᠠᠭ᠎ᠠ ᠪᠣᠯᠣᠨ᠎ᠠ᠃ ᠠᠶ᠋ᠢᠮᠠᠭ᠎ᠤᠨ ᠠᠭ᠋ᠠᠷ ᠠᠶᠠᠯᠠᠯ ᠵᠶ᠋ᠠᠷ ᠣᠶ ᠰᠢᠭᠤᠢ ᠬᠠᠮᠠᠭ᠋ᠠᠯᠠᠬᠤ ᠥᠷᠲᠡᠭᠡᠨ᠎ᠤ ᠠᠶᠠᠯᠠᠯ᠎ᠤᠨ ᠶᠠᠪᠤᠳᠠᠯ᠎ᠤᠨ ᠰᠠᠯᠠᠭ᠋ᠠᠨ᠎ᠤ ᠬᠠᠷᠢᠭᠤᠴᠠᠯᠭ᠋ᠠᠲᠠᠨ ᠲᠡᠭᠷᠢ ᠵᠢᠨ ᠲᠠᠨᠢᠯᠴᠠᠭᠤᠯᠬᠤ᠎ᠪᠠᠷ᠂ ᠮᠠᠨ᠎ᠤ ᠠᠶ᠋ᠢᠮᠠᠭ ᠬᠠᠪᠤᠷ᠎ᠤᠨ ᠤᠯᠠᠷᠢᠯ᠎ᠤᠨ ᠨᠢᠰᠬᠡᠯ ᠵᠶ᠋ᠠᠷ ᠲᠤᠭᠤᠷᠢᠨ ᠬᠠᠮᠠᠭ᠋ᠠᠯᠠᠬᠤ᠎ᠪᠠᠷ ᠲᠠᠮᠵᠢᠨ᠂ ᠨᠢᠭᠡᠨᠲᠡ ᠪᠥᠬᠦ ᠠᠶ᠋ᠢᠮᠠᠭ᠎ᠤᠨ ᠣᠶ ᠰᠢᠭᠤᠢ ᠵᠢᠨ ᠲᠦᠢ᠍ᠮᠡᠷ ᠡᠬᠦᠰᠴᠦ ᠮᠡᠳᠡᠬᠦ ᠭᠠᠵᠡᠷ ᠪᠤᠯᠭ᠋ᠠᠨ᠎ᠳᠤ ᠦᠨᠳᠦᠰᠦᠨ᠎ᠳᠡᠭᠡᠨ ᠪᠠᠶ᠋ᠢᠴᠠᠭ᠋ᠠᠯᠳᠠ ᠬᠢᠵᠦ᠂ ᠣᠶ ᠰᠢᠭᠤᠢ ᠵᠢᠨ ᠲᠦᠢ᠍ᠮᠡᠷ᠎ᠢ ᠰᠡᠷᠬᠡᠶ᠋ᠢᠯᠡᠨ ᠪᠠᠶ᠋ᠢᠴᠠᠭ᠋ᠠᠬᠤ ᠦᠷ᠎ᠡ ᠪᠦᠲᠦᠮᠵᠢ ᠪᠠ ᠡᠮᠦᠨᠡᠬᠢ ᠬᠤᠭᠤᠴᠠᠭ᠋ᠠᠨ᠎ᠤ ᠤᠷᠢᠳᠴᠢᠯᠠᠨ ᠰᠡᠷᠡᠮᠵᠢᠯᠡᠭᠦᠯᠵᠦ ᠰᠶ᠋ᠢᠳᠪᠦᠷᠢᠯᠡᠬᠦ ᠴᠢᠳᠠᠪᠤᠷᠢ ᠵᠢ ᠪᠦᠲᠦᠮᠵᠢᠲᠡᠶ ᠳᠡᠭᠡᠭᠰᠢᠯᠡᠭᠦᠯᠵᠦ᠂ ᠣᠶ ᠰᠢᠭᠤᠢ ᠵᠢᠨ ᠡᠬᠢ ᠪᠠᠶᠠᠯᠢᠭ ᠪᠠ ᠣᠯᠠᠨ ᠲᠦᠮᠡᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠬᠠᠮᠠᠭ᠋ᠠᠯᠠᠬᠤ᠎ᠳᠤ ᠬᠦᠴᠦᠲᠤ ᠪᠠᠲᠤᠯᠠᠭ᠎ᠠ ᠬᠠᠨᠭ᠌ᠭ᠋ᠠᠵᠠᠢ᠃ ᠡᠬᠦᠨ᠎ᠠᠴᠠ ᠭᠠᠳᠠᠨ᠎ᠠ᠂ ᠪᠢᠳᠡ ᠳᠠᠬᠢᠨ ᠳᠠᠪᠲᠠᠨ ᠰᠤᠳᠤᠯᠤᠨ ᠨᠤᠲᠠᠯᠠᠬᠤ᠎ᠪᠠᠷ ᠲᠠᠮᠵᠢᠨ᠂ ᠡᠨᠡ ᠵᠢᠯ᠎ᠤᠨ ᠨᠢᠰᠬᠡᠯ ᠵᠶ᠋ᠠᠷ ᠲᠣᠭᠤᠷᠢᠨ ᠬᠠᠮᠠᠭ᠋ᠠᠯᠠᠬᠤ ᠬᠤᠭᠤᠴᠠᠭ᠎ᠠ ᠵᠢ 3 ᠰᠠᠷ᠎ᠠ ᠵᠢᠨ 15 — 12 ᠰᠠᠷ᠎ᠠ ᠵᠢᠨ 31᠎ᠤ ᠡᠳᠦᠷ ᠪᠣᠯᠲᠠᠯ᠎ᠠ ᠲᠤᠭᠳᠠᠭ᠋ᠠᠵᠦ᠂ 950 ᠴᠠᠭ᠎ᠤᠨ ᠨᠢᠰᠦᠯᠲᠡ ᠵᠢᠨ ᠶᠡᠷᠦᠩᠬᠡᠢ ᠡᠭᠦᠷᠭᠡ ᠵᠢ ᠪᠡᠶᠡᠯᠡᠭᠦᠯᠬᠦ᠎ᠪᠠᠷ ᠲᠥᠯᠥᠪᠯᠡᠵᠦ ᠪᠣᠶ᠂ ᠡᠭᠦᠨ᠎ᠳᠤ ᠡᠭᠴᠡ ᠨᠢᠰᠬᠡᠯ᠎ᠤᠨ ᠨᠢᠰᠦᠯᠲᠡ᠎ᠨᠢ 600 ᠴᠠᠭ᠂ ᠵᠢᠯᠣᠭᠤᠴᠢ ᠦᠭᠡᠢ ᠨᠢᠰᠬᠡᠯ᠎ᠤᠨ ᠨᠢᠰᠦᠯᠲᠡ᠎ᠨᠢ 350 ᠴᠠᠭ ᠪᠣᠯᠣᠨ᠎ᠠ ᠭᠡᠪᠡ᠃

    ᠣᠶ ᠰᠢᠭᠤᠢ ᠵᠢᠨ ᠲᠦᠢ᠍ᠮᠡᠷ᠎ᠢ ᠰᠡᠷᠬᠡᠶ᠋ᠢᠯᠡᠬᠦ ᠤᠯᠠᠮᠵᠢᠯᠠᠯᠲᠦ ᠠᠷᠭ᠎ᠠ᠎ᠲᠠᠢ ᠬᠠᠷᠢᠴᠠᠭᠤᠯᠪᠠᠯ᠂ ᠨᠢᠰᠬᠡᠯ ᠵᠶ᠋ᠠᠷ ᠲᠤᠭᠤᠷᠢᠨ ᠪᠠᠶ᠋ᠢᠴᠠᠭ᠋ᠠᠬᠤ ᠳᠠᠪᠠᠭᠤᠯᠢᠭ᠎ᠨᠢ ᠢᠯᠡᠷᠬᠡᠢ ᠪᠠᠶ᠋ᠢᠳᠠᠭ᠃ ᠲᠣᠭᠤᠷᠢᠨ ᠬᠠᠮᠠᠭ᠋ᠠᠯᠠᠬᠤ᠎ᠳᠤ ᠣᠷᠣᠯᠴᠠᠭᠰᠠᠨ ᠨᠢᠰᠬᠡᠯ᠎ᠨᠢ ᠤᠯᠠᠭ᠋ᠠᠨ᠎ᠤ ᠭᠠᠳᠠᠨᠠᠬᠢ ᠢᠯᠴᠢ ᠵᠢᠨ ᠳᠦᠷᠰᠦ ᠪᠦᠲᠦᠭᠡᠬᠦ ᠬᠡᠮᠵᠢᠭᠦᠷᠯᠢᠭ ᠪᠠ ᠤᠨᠴᠠ ᠲᠣᠳᠣ ᠵᠢᠷᠤᠭ ᠲᠦᠷᠰᠦ ᠰᠡᠬᠦᠳᠡᠷᠯᠡᠬᠦ ᠲᠥᠬᠦᠭᠡᠷᠦᠮᠵᠢ ᠵᠢ ᠠᠰᠢᠭᠯᠠᠨ᠂ ᠠᠭᠤᠯᠠ ᠪᠤᠶᠤ ᠣᠢ ᠰᠢᠭᠤᠢ᠎ᠳᠤ ᠨᠢᠭᠤᠭᠳᠠᠵᠤ ᠪᠠᠶ᠋ᠢᠭ᠎ᠠ ᠢᠯᠴᠢ ᠵᠢᠨ ᠰᠤᠷᠪᠤᠯᠵᠢ ᠵᠢ ᠣᠨᠣᠪᠴᠢᠲᠠᠢ ᠬᠠᠶ᠋ᠢᠨ ᠬᠡᠮᠵᠢᠬᠦ ᠵᠢᠨ ᠬᠠᠮᠲᠤ ᠭᠠᠵᠠᠷ ᠳᠡᠭᠡᠷᠡᠬᠢ ᠵᠢᠯᠤᠭᠤᠳᠬᠤ ᠲᠥᠪ᠎ᠲᠠᠢ ᠴᠠᠭ ᠲᠤᠬᠠᠢ᠎ᠳᠤᠨᠢ ᠬᠠᠷᠢᠯᠴᠠᠵᠤ᠂ ᠮᠡᠳᠡᠭᠡ ᠵᠠᠩᠭᠢ ᠵᠢ ᠲᠦᠷᠭᠡᠨ ᠳᠠᠮᠵᠢᠭᠤᠯᠬᠤ᠂ ᠵᠠᠷᠯᠢᠭ᠎ᠢ ᠪᠦᠲᠦᠮᠵᠢᠲᠡᠢ ᠬᠡᠷᠡᠭᠵᠢᠭᠦᠯᠬᠦ ᠵᠢ ᠪᠠᠲᠤᠯᠠᠵᠤ ᠴᠢᠳᠠᠨ᠎ᠠ᠃ ᠡᠭᠦᠨ᠎ᠠᠴᠠ ᠭᠠᠳᠠᠨ᠎ᠠ᠂ ᠡᠭᠴᠡ ᠨᠢᠰᠬᠡᠯ ᠨᠢᠭᠡ ᠤᠳᠠᠭ᠎ᠠ᠎ᠳᠤ ᠪᠠᠷᠤᠭ 1 ᠲᠣᠨ ᠤᠰᠤ ᠵᠦᠬᠡᠬᠡᠪᠦᠷᠢᠯᠡᠵᠦ᠂ ᠲᠦᠢ᠍ᠮᠡᠷ᠎ᠤᠨ ᠪᠠᠶ᠋ᠢᠳᠠᠯ ᠢᠯᠡᠷᠡᠪᠡᠯ ᠵᠦᠬᠡᠬᠡᠪᠦᠷᠢᠯᠡᠭᠰᠡᠨ ᠤᠰᠤ᠎ᠪᠠᠨ ᠭᠠᠯ ᠡᠬᠦᠰᠦᠭᠰᠡᠨ ᠴᠡᠭ᠎ᠲᠤ ᠨᠠᠷᠢᠯᠢᠭ ᠤᠨᠤᠴᠠᠳᠡᠢ ᠰᠦᠷᠴᠢᠵᠤ ᠲᠦᠢ᠍ᠮᠡᠷ᠎ᠢ ᠠᠯᠢ ᠲᠦᠷᠬᠡᠨ ᠵᠶ᠋ᠠᠷ ᠰᠶ᠋ᠢᠳᠪᠦᠷᠢᠯᠡᠵᠦ ᠴᠢᠳᠠᠨ᠎ᠠ᠃ ᠲᠡᠭᠷᠢ᠂ ᠪᠢᠳᠠ ᠠᠯᠠᠱ᠌ᠠ ᠠᠭᠤᠯᠠ ᠵᠢᠨ ᠣᠶ᠋ᠢᠲᠤ ᠣᠷᠣᠨ᠎ᠳᠤ ᠲᠥᠯᠥᠪᠵᠢᠭᠦᠯᠦᠭᠰᠡᠨ ᠲᠣᠭᠤᠷᠢᠨ ᠬᠠᠮᠠᠭ᠋ᠠᠯᠠᠬᠤ 3 ᠣᠷᠣᠨ᠂ 2 ᠵᠤᠷᠪᠤᠰ ᠠᠭ᠋ᠠᠷ᠎ᠤᠨ ᠱᠤᠭᠤᠮ᠂ ᠲᠦᠷ ᠴᠠᠭ᠎ᠤᠨ ᠨᠢᠰᠴᠦ ᠪᠠᠭᠤᠬᠤ 5 ᠲᠠᠯᠠᠪᠠᠢ᠂ ᠪᠠᠴᠢᠮ᠎ᠢ ᠠᠷᠭ᠋ᠠᠴᠠᠭ᠋ᠠᠬᠤ ᠤᠰᠤ ᠲᠠᠲᠠᠬᠤ 4 ᠴᠡᠭ᠎ᠲᠤ ᠵᠠᠳᠠᠯᠤᠯᠲᠠ ᠬᠢᠵᠦ᠂ ᠭᠠᠵᠠᠷ᠎ᠤᠨ ᠪᠠᠶ᠋ᠢᠴᠠ᠂ ᠤᠰᠤ ᠲᠠᠲᠠᠬᠤ ᠴᠡᠭ᠎ᠤᠨ ᠵᠠᠢ ᠪᠠ ᠤᠰᠤᠨ᠎ᠤ ᠬᠡᠮᠵᠢᠶ᠎ᠠ ᠵᠡᠷᠭᠡ ᠪᠠᠶ᠋ᠢᠳᠠᠯ᠎ᠢ ᠦᠨᠳᠦᠰᠦᠯᠠᠨ ᠬᠠᠷᠭᠤᠭᠤᠯᠤᠭᠰᠠᠨ ᠪᠠᠶ᠋ᠢᠴᠠᠭ᠋ᠠᠯᠳᠠ ᠵᠢ ᠤᠯᠠᠨᠳᠠ ᠦᠷᠨᠢᠬᠦᠯᠵᠦ᠂ ᠤᠷᠤᠰᠢᠵᠦ ᠪᠠᠶ᠋ᠢᠭ᠎ᠠ ᠠᠰᠠᠭᠤᠳᠠᠯ ᠵᠶ᠋ᠠᠨ ᠴᠠᠭ ᠲᠤᠬᠠᠢ᠎ᠳᠤᠨᠢ ᠰᠶ᠋ᠢᠳᠪᠦᠷᠢᠯᠡᠵᠦ ᠲᠡᠭᠦᠯᠳᠡᠷᠵᠢᠭᠦᠯᠪᠠ ᠬᠡᠯ᠎ᠠ᠃
    

ᠢᠷᠡᠯᠲᠡ᠄ ᠠᠯᠠᠱ᠌ᠠ ᠵᠢᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠠᠯᠠᠱ᠌ᠠ ᠪᠠᠷᠠᠭᠤᠨ ᠬᠤᠰᠢᠭᠤ᠄ ᠰᠢᠵᠢᠷ ᠠᠯᠲᠠᠨ ᠡᠯᠡᠰᠦ ᠮᠠᠩᠬ᠎ᠠ ᠵᠢ ᠰᠣᠶᠣᠯ ᠵᠢᠭᠤᠯᠴᠢᠯᠠᠯ᠎ᠤᠨ ᠨᠡᠷᠡᠳᠦ ᠲᠡᠮᠳᠡᠭ ᠪᠤᠯᠭ᠋ᠠᠵᠤ ᠪᠠᠶ᠋ᠢᠨ᠎ᠠ
ᠡᠵᠡᠨ ᠬᠣᠷᠣᠭ᠎ᠠ ᠬᠣᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 2024 ᠣᠨ᠎ᠤ ᠨᠡᠢ᠌ᠲᠡ ᠵᠢᠨ ᠠᠰᠠᠷᠠᠮᠵᠢ ᠵᠢᠨ ᠣᠶ ᠵᠢ ᠬᠢᠨᠠᠨ ᠬᠡᠮᠵᠢᠬᠦ ᠠᠵᠢᠯ᠎ᠢ ᠪᠥᠬᠥ ᠲᠠᠯ᠎ᠠ᠎ᠪᠠᠷ ᠥᠷᠨᠢᠭᠦᠯᠪᠡ
ᠲᠣᠭᠲᠠᠬᠤ ᠰᠢᠶᠠᠨ ᠣᠶ ᠰᠢᠭᠤᠢ ᠡᠪᠡᠰᠦ ᠪᠡᠯᠴᠢᠭᠡᠷ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠵᠦ ᠪᠠᠶ᠋ᠢᠨ᠎ᠠ
ᠤᠯᠠᠭ᠋ᠠᠨᠬᠠᠳᠠ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠵᠢᠨ ᠰᠡᠷᠡᠮᠵᠢᠯᠡᠭᠦᠯᠬᠦ ᠬᠥᠮᠦᠵᠢᠯ᠎ᠤᠨ ᠬᠤᠷᠠᠯ ᠬᠤᠷᠠᠯᠳᠤᠭᠤᠯᠪᠠ
ᠮᠠᠨᠵᠤᠤᠷ ᠬᠤᠲᠠ ᠣᠶ ᠰᠢᠭᠤᠶ ᠡᠪᠡᠰᠦ ᠪᠡᠯᠴᠢᠭᠡᠷ᠎ᠢ ᠰᠦᠢ᠍ᠳᠭᠡᠬᠦ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠲᠤᠰᠬᠠᠶ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠪᠡ
 
             蒙ICP备05000248号