《ᠠᠮᠢ ᠠᠬᠤᠢ ᠵᠢ ᠲᠡᠷᠢᠭᠦᠨ᠎ᠳᠤ ᠲᠠᠯᠪᠢᠵᠤ᠂ ᠪᠣᠬᠢᠷᠲᠤᠯ ᠦᠭᠡᠢ ᠬᠥᠭᠵᠢᠭᠦᠯᠬᠦ》 ᠣᠶ᠋ᠢᠯᠠᠭ᠋ᠠᠭᠳᠠᠬᠤᠨ᠎ᠢ ᠭᠦᠨᠵᠡᠭᠡᠢ ᠦᠢ᠍ᠯᠡᠳᠦᠯᠭᠡᠵᠢᠭᠦᠯᠵᠦ᠂ ᠣᠶ ᠰᠢᠭᠤᠢ ᠡᠪᠡᠰᠦ ᠪᠡᠯᠴᠢᠭᠡᠷ᠎ᠢ ᠰᠦᠢ᠍ᠳᠬᠡᠬᠦ ᠪᠦᠬᠦ ᠲᠠᠯ᠎ᠠ ᠵᠢᠨ ᠳᠠᠶ᠋ᠢᠨ᠎ᠢ ᠬᠤᠷᠢᠭᠯᠠᠨ ᠵᠣᠭᠰᠤᠭ᠋ᠠᠬᠤ ᠵᠢ ᠡᠷᠡᠰ ᠰᠠᠶ᠋ᠢᠲᠤᠷ ᠬᠢᠬᠦ ᠵᠢᠨ ᠲᠦᠯᠦᠭᠡ᠂ ᠲᠣᠭᠲᠠᠬᠤ ᠰᠢᠶᠠᠨ᠎ᠤ ᠶᠡᠷᠦᠩᠬᠡᠶ᠋ᠢᠯᠡᠨ ᠵᠠᠰᠠᠬᠤ ᠲᠥᠪ᠎ᠤᠨ᠎ᠬᠢᠨ ᠦᠨᠳᠦᠰᠦᠨ ᠱᠠᠲᠤᠨ᠎ᠤ ᠬᠦᠴᠦᠨ᠎ᠢ ᠭᠦᠢ᠍ᠴᠡᠳ ᠲᠠᠶ᠋ᠢᠴᠢᠯᠠᠵᠦ᠂ ᠬᠥᠮᠥᠨ᠎ᠤ ᠬᠦᠴᠦᠨ᠎ᠢ ᠵᠢᠭᠰᠠᠭ᠋ᠠᠨ ᠪᠠᠶ᠋ᠢᠴᠠᠭ᠋ᠠᠵᠤ ᠬᠢᠨᠠᠨ ᠪᠠᠶ᠋ᠢᠴᠠᠭ᠋ᠠᠬᠤ ᠵᠢ ᠴᠢᠩᠭ᠋ᠠᠳᠬᠠᠵᠤ᠂ ᠤᠢ ᠰᠢᠭᠤᠢ ᠡᠪᠡᠰᠦ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠬᠤ ᠬᠠᠷᠢᠭᠤᠴᠠᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠪᠠᠶ᠋ᠢᠷᠢᠯᠠᠭᠤᠯᠬᠤ᠂ ᠬᠠᠮᠵᠢᠯᠴᠠᠨ ᠬᠠᠮᠲᠤᠷᠠᠯᠴᠠᠬᠤ᠎ᠪᠠᠷ ᠳᠠᠮᠵᠢᠭᠤᠯᠵᠤ᠂ ᠤᠢ ᠰᠢᠭᠤᠢ ᠡᠪᠡᠰᠦ ᠪᠡᠯᠴᠢᠭᠡᠷ᠎ᠢ ᠰᠦᠢ᠍ᠳᠬᠡᠬᠦ ᠨᠡᠮᠡᠭᠳᠡᠯ᠎ᠤᠨ ᠬᠡᠮᠵᠢᠶ᠎ᠡ ᠵᠢᠨ ᠠᠰᠠᠭᠤᠳᠠᠯ᠎ᠢ ᠪᠦᠲᠦᠮᠵᠢᠲᠡᠢ ᠬᠤᠷᠢᠭᠯᠠᠬᠤ ᠵᠢᠨ ᠬᠠᠮᠲᠤ ᠪᠦᠬᠦ ᠠᠷᠠᠳ᠎ᠤᠨ ᠤᠢ ᠰᠢᠭᠤᠢ ᠡᠪᠡᠰᠦ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠬᠤ ᠤᠬᠠᠮᠰᠠᠷ᠎ᠢ ᠢᠯᠡᠳᠲᠡ ᠳᠡᠭᠡᠭᠰᠢᠯᠡᠭᠦᠯᠵᠦ᠂ ᠰᠢᠶᠠᠨ᠎ᠤ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠬᠢᠵᠢᠭᠦᠯᠪᠡ᠃ ᠵᠢᠭᠰᠠᠭ᠋ᠠᠨ ᠪᠠᠶ᠋ᠢᠴᠠᠭ᠋ᠠᠬᠤ ᠰᠡᠷᠭᠡᠶ᠋ᠢᠯᠡᠯᠲᠡ ᠵᠢᠨ ᠲᠣᠣᠷ᠎ᠢ ᠪᠠᠲᠤ ᠴᠣᠭᠴᠠᠯᠠᠪᠠ᠄ ᠰᠢᠶᠠᠨ᠎ᠤ ᠶᠡᠷᠦᠩᠬᠡᠶ᠋ᠢᠯᠡᠨ ᠵᠠᠰᠠᠬᠤ ᠲᠥᠪ᠎ᠨᠢ ᠦᠨᠳᠦᠰᠦᠨ ᠱᠠᠲᠤᠨ᠎ᠤ ᠭᠤᠣᠯᠯᠠᠭᠴᠢ ᠬᠦᠴᠦᠨ ᠪᠣᠯᠭ᠋ᠠᠵᠤ᠂ 244 ᠲᠣᠣᠷᠵᠢᠯ᠎ᠤᠨ ᠠᠵᠢᠯᠲᠠᠨ᠎ᠢ ᠨᠢᠭᠡᠳᠦᠯᠲᠡᠢ ᠲᠥᠯᠥᠪᠵᠢᠭᠦᠯᠦᠨ ᠵᠣᠬᠢᠶᠠᠨ ᠪᠠᠶ᠋ᠢᠭᠤᠯᠵᠤ᠂ ᠲᠣᠣᠷᠵᠢᠯ᠎ᠤᠨ ᠨᠠᠮ᠎ᠤᠨ ᠳᠤᠭᠤᠶ᠋ᠢᠯᠠᠩ ᠪᠣᠯᠣᠨ ᠬᠤᠯᠪᠣᠭ᠋ᠠᠲᠤ ᠡᠷᠦᠬᠡ ᠵᠢᠨ ᠳᠠᠷᠤᠭ᠎ᠠ᠎ᠲᠠᠢ ᠪᠦᠲᠦᠮᠵᠢᠲᠡᠢ ᠬᠤᠯᠪᠤᠭ᠋ᠠᠯᠠᠨ ᠬᠥᠳᠡᠯᠦᠯᠴᠡᠵᠦ᠂ ᠪᠦᠬᠦ ᠰᠢᠶᠠᠨ᠎ᠤ ᠤᠢ ᠰᠢᠭᠤᠢ ᠡᠪᠡᠰᠦ ᠪᠡᠯᠴᠢᠭᠡᠷ᠎ᠤᠨ᠎ᠲᠤ 《ᠲᠣᠣᠷ ᠲᠠᠲᠠᠬᠤ ᠬᠡᠯᠪᠡᠷᠢ》᠎ᠪᠠᠷ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠯᠲᠠ ᠬᠢᠪᠡ᠃
ᠲᠤᠤᠷᠵᠢᠯ᠎ᠤᠨ ᠨᠠᠮ᠎ᠤᠨ ᠳᠤᠭᠤᠶ᠋ᠢᠯᠠᠩ᠎ᠤᠨ᠎ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢ᠍ᠯᠡᠳᠦᠯ ᠵᠶ᠋ᠠᠨ ᠪᠠᠳᠠᠷᠠᠭᠤᠯᠵᠤ᠂ ᠵᠢᠭᠰᠠᠭ᠋ᠠᠨ ᠪᠠᠶ᠋ᠢᠴᠠᠭ᠋ᠠᠬᠤ ᠱᠤᠭᠤᠮ᠎ᠢ ᠤᠨᠢᠨ ᠳᠡᠭᠡᠷ᠎ᠡ᠎ᠨᠢ ᠲᠥᠯᠥᠪᠵᠢᠭᠦᠯᠪᠡ; ᠲᠤᠤᠷᠵᠢᠯ᠎ᠤᠨ ᠠᠵᠢᠯᠲᠠᠨ 《ᠡᠮᠦᠨ᠎ᠡ ᠬᠠᠷᠠᠭᠤᠯ》᠎ᠤᠨ ᠦᠢ᠍ᠯᠡᠳᠦᠯ ᠵᠶ᠋ᠠᠨ ᠪᠠᠳᠠᠷᠠᠭᠤᠯᠵᠤ᠂ ᠭᠠᠵᠠᠷ ᠪᠣᠯᠭ᠋ᠠᠨ᠎ᠤ ᠣᠶ ᠰᠢᠭᠤᠢ ᠡᠪᠡᠰᠦᠲᠦ ᠭᠠᠵᠠᠷ᠎ᠢ ᠨᠠᠷᠢᠨ ᠨᠢᠮᠪᠠᠢ ᠬᠠᠶ᠋ᠢᠨ ᠪᠠᠶ᠋ᠢᠴᠠᠭ᠋ᠠᠨ᠎ᠠ; ᠬᠤᠯᠪᠣᠭ᠋ᠠᠲᠤ ᠡᠷᠦᠬᠡ ᠵᠢᠨ ᠳᠠᠷᠤᠭ᠎ᠠ᠎ᠨᠢ ᠲᠠᠨᠢᠯ ᠳᠠᠰᠤᠯ ᠪᠣᠯᠤᠭᠰᠠᠨ ᠳᠠᠪᠠᠭᠤᠯᠢᠭ᠎ᠲᠠᠭᠠᠨ ᠲᠦᠰᠢᠭᠯᠡᠨ᠂ ᠵᠢᠭᠰᠠᠭ᠋ᠠᠨ ᠪᠠᠶ᠋ᠢᠴᠠᠭ᠋ᠠᠬᠤ ᠠᠵᠢᠯ᠎ᠢ ᠬᠠᠪᠰᠤᠷᠤᠨ ᠬᠥᠲᠥᠯᠥᠨ ᠵᠢᠯᠣᠭᠤᠳᠤᠨ᠎ᠠ᠃ ᠭᠤᠣᠯᠳᠠᠯᠭ᠎ᠠ᠎ᠲᠠᠢ ᠣᠷᠣᠨ ᠪᠦᠰᠡ᠎ᠳᠤ ᠴᠢᠭᠯᠡᠭᠦᠯᠦᠨ᠂ ᠲᠣᠭᠤᠷᠢᠨ ᠪᠠᠶ᠋ᠢᠴᠠᠭ᠋ᠠᠬᠤ + 《ᠡᠷᠬᠢᠨ ᠬᠠᠷᠠᠬᠤ》 ᠠᠷᠭ᠎ᠠ ᠮᠠᠶᠢᠭ᠎ᠢ ᠠᠪᠴᠤ᠂ ᠥᠨᠴᠥᠭ ᠪᠤᠯᠤᠩ ᠦᠭᠡᠢ᠂ ᠰᠣᠬᠤᠷ ᠪᠠᠯᠠᠢ ᠣᠷᠣᠨ ᠦᠭᠡᠢ ᠪᠠᠶ᠋ᠢᠬᠤ ᠵᠢ ᠦᠨᠡᠨ ᠬᠦ᠌ ᠪᠠᠲᠤᠯᠠᠵᠤ᠂ ᠬᠤᠷᠳᠤᠴᠠ ᠵᠢ ᠳᠡᠭᠡᠭᠰᠢᠯᠡᠭᠦᠯᠦᠨ ᠶᠠᠰᠤ ᠴᠢᠨᠠᠷ᠎ᠢ ᠳᠡᠭᠡᠭᠰᠢᠯᠡᠭᠦᠯᠵᠦ᠂ ᠣᠶ ᠰᠢᠭᠤᠢ ᠡᠪᠡᠰᠦ ᠪᠡᠯᠴᠢᠭᠡᠷ᠎ᠢ ᠦᠭᠡᠶ᠋ᠢᠬᠢᠬᠦ ᠨᠡᠮᠡᠭᠳᠡᠯ᠎ᠤᠨ ᠬᠡᠮᠵᠢᠶ᠎ᠡ ᠵᠢ ᠬᠤᠷᠢᠭᠯᠠᠨ ᠵᠣᠭᠰᠣᠭ᠋ᠠᠵᠤ᠂ ᠬᠦᠴᠦᠷᠬᠡᠭ ᠶᠡᠭᠡ ᠨᠡᠶ᠋ᠢᠯᠡᠮᠡᠯ ᠬᠦᠴᠦᠨ ᠵᠶ᠋ᠠᠷ ᠣᠶ ᠰᠢᠭᠤᠢ ᠡᠪᠡᠰᠦ ᠪᠡᠯᠴᠢᠭᠡᠷ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠲᠣᠣᠷ᠎ᠢ ᠴᠣᠭᠴᠠᠯᠠᠨ᠎ᠠ᠃ ᠲᠤᠤᠷᠵᠢᠯ᠎ᠤᠨ ᠠᠵᠢᠯᠲᠠᠨ ᠪᠣᠯᠣᠨ ᠬᠤᠯᠪᠣᠭ᠋ᠠᠲᠤ ᠡᠷᠦᠬᠡ ᠵᠢᠨ ᠳᠠᠷᠤᠭ᠎ᠠ ᠬᠤᠣᠰᠯᠠᠨ ᠡᠷᠦᠬᠡ᠎ᠳᠤ ᠣᠷᠣᠵᠤ᠂ ᠲᠤᠤᠷᠵᠢᠯ᠎ᠤᠨ ᠨᠠᠮ᠎ᠤᠨ ᠳᠤᠭᠤᠶ᠋ᠢᠯᠠᠩ᠎ᠤᠨ᠎ᠬᠢᠨ ᠠᠭᠤᠯᠭ᠎ᠠ ᠵᠢ ᠤᠬᠠᠭ᠋ᠠᠯᠠᠨ ᠰᠡᠳᠦᠵᠦ᠂ ᠠᠶ᠋ᠢᠵᠠᠮ᠎ᠢ ᠡᠵᠡᠮᠳᠡᠨ᠂ 《ᠡᠭᠦᠳᠡ ᠲᠣᠭᠰᠢᠬᠤ ᠤᠬᠠᠭᠤᠯᠭ᠎ᠠ》 ᠵᠢᠨ ᠠᠵᠢᠯᠯᠠᠭ᠎ᠠ ᠵᠢ ᠬᠠᠮᠲᠤ᠎ᠪᠠᠷ ᠥᠷᠨᠢᠭᠦᠯᠪᠡ᠃ 《ᠤᠢ ᠰᠢᠭᠤᠢ ᠡᠪᠡᠰᠦ ᠪᠡᠯᠴᠢᠭᠡᠷ᠎ᠢ ᠰᠦᠢ᠍ᠳᠬᠡᠬᠦ ᠬᠠᠤᠯᠢ ᠲᠣᠭᠲᠠᠭ᠋ᠠᠯ᠎ᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠠᠭ᠋ᠠᠵᠠᠯᠠᠬᠤ ᠲᠤᠬᠠᠢ ᠮᠡᠳᠡᠭᠳᠡᠬᠦ ᠪᠢᠴᠢᠭ》᠎ᠢ ᠨᠡᠶ᠋ᠢᠳᠡ 705 ᠬᠤᠪᠢ ᠲᠠᠷᠬᠠᠭ᠋ᠠᠵᠤ᠂ 《ᠤᠢ ᠰᠢᠭᠤᠢ ᠡᠪᠡᠰᠦ ᠪᠡᠯᠴᠢᠭᠡᠷ᠎ᠢ ᠰᠦᠢ᠍ᠳᠬᠡᠬᠦ ᠵᠢ ᠴᠢᠩᠭ᠎ᠠ ᠴᠠᠭ᠋ᠠᠵᠠᠯᠠᠬᠤ ᠠᠮᠠᠯᠠᠯᠲᠠ ᠵᠢᠨ ᠪᠢᠴᠢᠭ》᠎ᠢ 1025 ᠬᠤᠪᠢ ᠲᠣᠭᠲᠠᠭ᠋ᠠᠵᠤ᠂ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ 700 ᠭᠠᠷᠤᠢ ᠤᠳᠠᠭ᠎ᠠ ᠲᠠᠶ᠋ᠢᠯᠪᠤᠷᠢᠯᠠᠪᠠ᠃ ᠡᠷᠦᠬᠡ ᠪᠦᠷᠢ᠎ᠳᠤ ᠲᠤᠤᠷᠵᠢᠯ᠎ᠤᠨ ᠠᠵᠢᠯᠲᠠᠨ ᠲᠤᠰᠬᠠᠢ ᠮᠡᠷᠭᠡᠵᠢᠯ ᠵᠶ᠋ᠠᠷ ᠵᠶ᠋ᠠᠨ ᠬᠠᠤᠯᠢ ᠲᠣᠭᠲᠠᠭ᠋ᠠᠯ᠎ᠢ ᠲᠣᠳᠣᠷᠬᠠᠢ ᠶᠠᠷᠢᠵᠤ᠂ ᠬᠤᠯᠪᠣᠭ᠋ᠠᠲᠤ ᠡᠷᠦᠬᠡ ᠵᠢᠨ ᠳᠠᠷᠤᠭ᠎ᠠ ᠲᠠᠨᠢᠯ ᠳᠠᠰᠤᠯ ᠳᠦᠷᠢ᠎ᠪᠠᠷ ᠵᠶ᠋ᠠᠨ ᠣᠶ᠋ᠢᠷᠠᠲᠤᠭᠤᠯᠵᠤ᠂ ᠲᠤᠤᠷᠵᠢᠯ᠎ᠤᠨ ᠨᠠᠮ᠎ᠤᠨ ᠳᠤᠭᠤᠶ᠋ᠢᠯᠠᠩ ᠬᠡᠷᠡᠭ᠎ᠤᠨ ᠵᠢᠱ᠌ᠢᠶ᠎ᠡ ᠵᠢ ᠠᠰᠢᠭᠯᠠᠨ ᠰᠦᠷᠳᠡᠭᠦᠯᠦᠯ ᠵᠶ᠋ᠠᠨ ᠴᠢᠩᠭ᠋ᠠᠳᠬᠠᠵᠤ᠂ 《ᠤᠢ ᠰᠢᠭᠤᠢ ᠵᠢ ᠡᠪᠳᠡᠪᠡᠯ ᠵᠠᠪᠠᠯ ᠨᠡᠬᠡᠮᠵᠢᠯᠡᠵᠦ᠂ ᠡᠪᠡᠰᠦ ᠪᠡᠯᠴᠢᠭᠡᠷ᠎ᠢ ᠡᠪᠳᠡᠪᠡᠯ ᠵᠠᠪᠠᠯ ᠰᠢᠳᠬᠡᠬᠦ》 ᠬᠠᠤᠯᠢᠵᠢᠯ᠎ᠤᠨ ᠣᠶ᠋ᠢᠯᠠᠭ᠋ᠠᠭᠳᠠᠬᠤᠨ᠎ᠢ ᠲᠣᠰᠬᠤᠨ᠎ᠤ ᠠᠷᠠᠳ᠎ᠤᠨ ᠰᠡᠳᠬᠢᠯ᠎ᠳᠤ ᠭᠦᠨ ᠬᠠᠳᠠᠩᠰᠢᠭᠤᠯᠵᠠᠢ᠃ ᠲᠣᠰᠬᠤᠨ᠎ᠤ ᠠᠷᠠᠳ᠎ᠤᠨ ᠬᠠᠮᠠᠭ᠋ᠠᠯᠠᠯᠲᠠ ᠵᠢᠨ ᠤᠬᠠᠮᠰᠠᠷ᠎ᠢ ᠶᠡᠭᠡ᠎ᠪᠠᠷ ᠳᠡᠭᠡᠭᠰᠢᠯᠡᠭᠦᠯᠦᠨ᠂ 《ᠬᠥᠮᠥᠨ ᠪᠦᠬᠦᠨ ᠬᠠᠤᠯᠢ ᠵᠢ ᠮᠡᠳᠡᠵᠦ᠂ ᠡᠷᠦᠬᠡ ᠪᠣᠯᠭ᠋ᠠᠨ ᠨᠣᠭᠤᠭ᠋ᠠᠷᠠᠭᠤᠯᠤᠯᠲᠠ ᠵᠢ ᠬᠠᠮᠠᠭ᠋ᠠᠯᠠᠬᠤ》 ᠠᠮᠢᠳᠤᠯᠢᠭ ᠪᠠᠶ᠋ᠢᠳᠠᠯ᠎ᠢ ᠪᠣᠶ ᠪᠣᠯᠭ᠋ᠠᠪᠠ᠃ ᠰᠢᠶᠠᠨ᠎ᠤ ᠶᠡᠷᠦᠩᠬᠡᠶ᠋ᠢᠯᠡᠨ ᠵᠠᠰᠠᠬᠤ ᠲᠥᠪ᠎ᠨᠢ ᠦᠨᠳᠦᠰᠦᠨ ᠱᠠᠲᠤᠨ᠎ᠤ ᠬᠦᠴᠦᠨ ᠵᠶ᠋ᠠᠷ ᠭᠤᠣᠯ ᠪᠣᠯᠭ᠋ᠠᠵᠤ᠂ ᠦᠷᠭᠦᠯᠵᠢᠯᠡᠨ ᠡᠨᠧᠷᠭᠢ ᠣᠯᠭᠤᠵᠤ ᠤᠢ ᠰᠢᠭᠤᠢ ᠡᠪᠡᠰᠦᠨ᠎ᠤ ᠡᠬᠢ ᠪᠠᠶᠠᠯᠢᠭ᠎ᠢ ᠬᠠᠮᠠᠭ᠋ᠠᠯᠠᠬᠤ ᠠᠵᠢᠯ᠎ᠢ ᠬᠢᠨ᠎ᠡ᠃ ᠨᠢᠭᠡ ᠲᠠᠯ᠎ᠠ᠎ᠪᠠᠷ᠂ ᠲᠣᠭᠤᠷᠢᠨ ᠪᠠᠶ᠋ᠢᠴᠠᠭ᠋ᠠᠵᠤ ᠬᠢᠨᠠᠨ ᠬᠠᠮᠢᠶᠠᠷᠬᠤ ᠤᠳᠠᠭ᠎ᠠ ᠵᠢ ᠴᠢᠩᠭ᠋ᠠᠳᠬᠠᠵᠤ᠂ ᠬᠥᠮᠥᠰ᠎ᠤᠨ ᠲᠠᠨᠢᠯ ᠳᠠᠰᠤᠯ ᠪᠣᠯᠤᠭᠰᠠᠨ ᠳᠠᠪᠠᠭᠤᠯᠢᠭ᠎ᠢ ᠠᠰᠢᠭᠯᠠᠵᠤ᠂ ᠠᠰᠠᠭᠤᠳᠠᠯ᠎ᠢ ᠡᠷᠲᠡ ᠢᠯᠡᠷᠡᠭᠦᠯᠵᠦ᠂ ᠡᠷᠲᠡ ᠰᠢᠢ᠍ᠳᠪᠦᠷᠢᠯᠡᠬᠦ ᠵᠢ ᠪᠡᠶᠡᠯᠡᠭᠦᠯᠪᠡ; ᠨᠦᠭᠦᠭᠡ ᠲᠠᠯ᠎ᠠ᠎ᠪᠠᠷ᠂ ᠤᠬᠠᠭᠤᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠵᠦ᠂ ᠠᠮᠢ ᠠᠬᠤᠢ ᠵᠢᠨ ᠣᠶ᠋ᠢᠯᠠᠭ᠋ᠠᠭᠳᠠᠬᠤᠨ᠎ᠢ ᠤᠯᠠᠮᠵᠢᠯᠠᠬᠤ 《ᠬᠥᠩᠭᠡᠨ ᠮᠣᠷᠢᠲᠤ ᠴᠡᠷᠢᠭ》 ᠪᠣᠯᠭ᠋ᠠᠵᠤ᠂ ᠪᠦᠬᠦ ᠠᠷᠠᠳ᠎ᠤᠨ ᠬᠠᠤᠯᠢᠵᠢᠯ᠎ᠤᠨ ᠤᠬᠠᠮᠰᠠᠷ ᠪᠣᠯᠣᠨ ᠠᠮᠢ ᠠᠬᠤᠢ ᠵᠢᠨ ᠤᠬᠠᠮᠰᠠᠷ᠎ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃
ᠣᠲᠣ ᠵᠢᠨ ᠪᠠᠶ᠋ᠢᠭ᠎ᠠ ᠦᠷ᠎ᠡ ᠪᠦᠲᠦᠭᠡᠯ ᠵᠶ᠋ᠠᠨ ᠪᠠᠬᠢᠵᠢᠭᠦᠯᠬᠦ᠎ᠪᠠᠷ ᠳᠠᠮᠵᠢᠭᠤᠯᠤᠨ᠂ ᠬᠠᠮᠤᠭ᠎ᠤᠨ ᠶᠡᠭᠡ ᠦᠢ᠍ᠯᠡᠳᠦᠯ ᠴᠢᠳᠠᠪᠤᠷᠢ ᠵᠢ ᠪᠠᠳᠠᠷᠠᠭᠤᠯᠵᠤ᠂ ᠰᠢᠨ᠎ᠡ᠎ᠪᠠᠷ ᠨᠡᠮᠡᠭᠳᠡᠭᠰᠡᠨ ᠣᠶ ᠰᠢᠭᠤᠢ ᠡᠪᠡᠰᠦ ᠪᠡᠯᠴᠢᠭᠡᠷ᠎ᠢ ᠡᠪᠳᠡᠬᠦ ᠦᠶᠯᠡ ᠠᠵᠢᠯᠯᠠᠭ᠎ᠠ ᠵᠢ ᠡᠷᠡᠰ ᠬᠤᠷᠢᠭᠯᠠᠨ ᠵᠣᠭᠰᠣᠭ᠋ᠠᠵᠤ᠂ ᠣᠶ ᠰᠢᠭᠤᠢ ᠡᠪᠡᠰᠦ ᠪᠡᠯᠴᠢᠭᠡᠷ᠎ᠤᠨ ᠠᠮᠢ ᠠᠬᠤᠢ ᠵᠢᠨ ᠣᠷᠴᠢᠨ ᠲᠣᠭᠤᠷᠢᠨ᠎ᠤ ᠬᠠᠮᠠᠭ᠋ᠠᠯᠠᠯᠳᠠ ᠵᠢ ᠦᠷᠭᠦᠯᠵᠢᠯᠡᠨ ᠰᠠᠶ᠋ᠢᠵᠢᠷᠠᠭᠤᠯᠵᠤ᠂ ᠰᠢᠶᠠᠨ᠎ᠤ ᠬᠡᠪᠴᠢᠶᠡᠨ᠎ᠤ ᠠᠮᠢ ᠠᠬᠤᠢ ᠵᠢᠨ ᠠᠮᠤᠷ ᠲᠦᠪᠰᠢᠨ᠎ᠳᠤ ᠪᠠᠲᠤ ᠪᠠᠬᠢ ᠰᠡᠷᠭᠡᠶ᠋ᠢᠯᠡᠯᠲᠡ ᠵᠢᠨ ᠱᠤᠭᠤᠮ᠎ᠢ ᠪᠠᠶ᠋ᠢᠭᠤᠯᠵᠤ ᠥᠭᠬᠦ ᠬᠡᠷᠡᠭᠲᠡᠢ᠃