ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠮᠠᠨᠵᠤᠤᠷ ᠬᠤᠲᠠ ᠣᠶ ᠰᠢᠭᠤᠶ ᠡᠪᠡᠰᠦ ᠪᠡᠯᠴᠢᠭᠡᠷ᠎ᠢ ᠰᠦᠢ᠍ᠳᠭᠡᠬᠦ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠲᠤᠰᠬᠠᠶ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠪᠡ
ᠨᠡᠶ᠋ᠢᠲᠡᠯᠡᠭᠰᠡᠨ ᠴᠠᠭ᠄ 2025-06-10


     ᠣᠶ ᠰᠢᠭᠤᠶ ᠵᠢᠨ ᠡᠬᠢ ᠪᠠᠶᠠᠯᠢᠭ᠎ᠢ ᠬᠠᠮᠠᠭ᠋ᠠᠯᠠᠬᠤ ᠡᠷᠴᠢᠮ ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠣᠶ ᠰᠢᠭᠤᠶ ᠡᠪᠡᠰᠦ ᠪᠡᠯᠴᠢᠭᠡᠷ᠎ᠢ ᠰᠦᠢ᠍ᠳᠬᠡᠭᠰᠡᠨ ᠲᠣᠪᠤᠶ᠋ᠢᠮ᠎ᠠ ᠠᠰᠠᠭᠤᠳᠠᠯ᠎ᠢ ᠡᠷᠡᠰ ᠴᠡᠭᠴᠡᠯᠡᠨ ᠵᠠᠰᠠᠵᠤ᠂ ᠣᠶ ᠰᠢᠭᠤᠶ ᠡᠪᠡᠰᠦ ᠪᠡᠯᠴᠢᠭᠡᠷ᠎ᠢ ᠰᠦᠢ᠍ᠳᠬᠡᠭᠰᠡᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠵᠢᠨ ᠲᠥᠯᠥᠭᠡ᠃ ᠮᠠᠨᠵᠤᠤᠷ ᠬᠤᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ᠂ ᠬᠥᠯᠥᠨ ᠪᠣᠶ᠋ᠢᠷ ᠬᠤᠲᠠ ᠵᠢᠨ ᠠᠮᠢ ᠠᠬᠤᠢ ᠵᠢᠨ ᠣᠷᠴᠢᠨ ᠲᠣᠭᠤᠷᠢᠨ᠎ᠤ ᠲᠣᠪᠴᠢᠶ᠎ᠠ ᠵᠢᠨ ᠮᠠᠨᠵᠤᠤᠷ ᠬᠤᠲᠠ ᠵᠢᠨ ᠬᠤᠪᠢᠶᠠᠷᠢ ᠲᠣᠪᠴᠢᠶ᠎ᠠ᠂ ᠬᠤᠲᠠ ᠵᠢᠨ ᠠᠷᠠᠳ᠎ᠤᠨ ᠪᠠᠶ᠋ᠢᠴᠠᠭ᠋ᠠᠬᠤ ᠬᠤᠷᠢᠶ᠎ᠠ ᠵᠡᠷᠭᠡ ᠣᠯᠠᠨ ᠨᠢᠭᠡᠴᠡ ᠮᠠᠨᠵᠤᠤᠷ᠎ᠤᠨ ᠡᠯ ᠺᠠ ᠨᠤᠭᠤ ᠭᠠᠵᠠᠷ᠎ᠤᠨ ᠴᠡᠴᠡᠷᠯᠢᠭ᠎ᠲᠤ ᠣᠢ ᠱ᠌ᠢᠭᠤᠢ ᠡᠪᠡᠰᠦ ᠪᠡᠯᠴᠢᠭᠡᠷ᠎ᠢ ᠰᠦᠢ᠍ᠳᠭᠡᠬᠦ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠬᠠᠤᠯᠢ ᠲᠣᠭᠲᠠᠭ᠋ᠠᠯ᠎ᠤᠨ ᠲᠣᠰᠬᠠᠢ ᠲᠥᠷᠥᠯ᠎ᠤᠨ ᠬᠠᠤᠯᠢ ᠴᠠᠭ᠋ᠠᠵᠠ ᠵᠢᠨ ᠤᠬᠠᠭᠤᠯᠭ᠎ᠠ ᠵᠢᠨ ᠠᠵᠢᠯᠯᠠᠭ᠎ᠠ ᠵᠢ ᠬᠠᠮᠲᠤᠷᠠᠨ ᠥᠷᠨᠢᠭᠦᠯᠪᠡ᠃


6388410897485877978346946.jpg


     ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠰᠠᠶ᠋ᠢᠨ ᠳᠤᠷ᠎ᠠ ᠵᠢᠨ ᠦᠢ᠍ᠯᠡᠴᠢᠯᠡᠭᠴᠢᠳ ᠲᠤᠬᠠᠶ ᠵᠢᠨ ᠲᠠᠯᠠᠪᠠᠢ᠎ᠳᠤ ᠰᠠᠭᠤᠭ᠋ᠠᠯᠢ ᠠᠷᠠᠳ᠎ᠲᠤ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠷᠭᠡᠨ᠎ᠤ ᠬᠠᠤᠯᠢ ᠵᠢᠨ ᠪᠢᠴᠢᠭ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠢ ᠰᠢᠭᠤᠶ ᠵᠢᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠤᠨ ᠬᠠᠤᠯᠢ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠡᠷᠭᠡ ᠬᠠᠮᠢᠶ᠎ᠠ ᠪᠦᠬᠦᠢ ᠤᠬᠠᠭᠤᠯᠭ᠎ᠠ ᠵᠢᠨ ᠬᠠᠭᠤᠳᠠᠰᠤ ᠵᠢ ᠲᠠᠷᠬᠠᠭ᠋ᠠᠵᠤ᠂ ᠪᠠᠰᠠ ᠲᠤᠬᠠᠶ ᠵᠢᠨ ᠲᠠᠯᠠᠪᠠᠢ᠎ᠳᠤ ᠰᠠᠭᠤᠭ᠋ᠠᠯᠢ ᠠᠷᠠᠳ᠎ᠲᠤ ᠬᠠᠤᠯᠢ ᠴᠠᠭ᠋ᠠᠵᠠ ᠵᠢᠨ ᠵᠥᠪᠯᠡᠯᠭᠡ ᠬᠠᠩᠭ᠋ᠠᠪᠠ᠃ ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ᠂ ᠡᠯ᠎ᠡ ᠣᠷᠣᠯᠴᠠᠭᠰᠠᠨ ᠨᠢᠭᠡᠴᠡ ᠨᠡᠶ᠋ᠢᠳᠡ 10 ᠭᠠᠷᠤᠢ ᠳᠡᠯᠭᠡᠨ ᠦᠵᠡᠭᠦᠯᠬᠦ ᠰᠠᠮᠪᠠᠷ᠎ᠠ ᠵᠢ ᠳᠡᠯᠭᠡᠨ ᠦᠵᠡᠭᠦᠯᠬᠦ ᠵᠢᠨ ᠬᠠᠮᠲᠤ ᠮᠡᠳᠡᠯᠭᠡ ᠵᠢᠨ ᠭᠠᠷ ᠳᠡᠪᠲᠡᠷ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠩᠰᠢᠬᠤ ᠪᠢᠴᠢᠭ ᠵᠡᠷᠭᠡ ᠤᠬᠠᠭᠤᠯᠭ᠎ᠠ ᠵᠢᠨ ᠮᠠᠲ᠋ᠧᠷᠢᠶᠠᠯ᠎ᠢ 3000 ᠭᠠᠷᠤᠢ ᠬᠤᠪᠢ ᠲᠠᠷᠬᠠᠭ᠋ᠠᠪᠠ᠃ ᠣᠶ᠋ᠢᠷ᠎ᠠ ᠵᠢᠨ ᠵᠢᠯ᠎ᠤᠨ ᠲᠤᠷᠰᠢ ᠪᠠᠶ᠋ᠢᠴᠠᠭ᠋ᠠᠨ ᠰᠢᠢ᠍ᠳᠪᠦᠷᠢᠯᠡᠭᠰᠡᠨ ᠣᠶ ᠰᠢᠭᠤᠶ ᠨᠤᠲᠤᠭ ᠪᠡᠯᠴᠢᠭᠡᠷ᠎ᠢ ᠰᠦᠢ᠍ᠳᠬᠡᠭᠰᠡᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ᠂ ᠰᠠᠶ᠋ᠢᠨ ᠳᠤᠷ᠎ᠠ ᠵᠢᠨ ᠦᠢ᠍ᠯᠡᠴᠢᠯᠡᠭᠴᠢᠳ ᠲᠥᠬᠦᠮ ᠣᠶ᠋ᠢᠯᠠᠭ᠋ᠠᠮᠵᠢᠲᠠᠶ ᠦᠭᠡ ᠬᠡᠯᠡ᠎ᠪᠠᠷ ᠣᠯᠠᠨ ᠲᠦᠮᠡᠨ᠎ᠳᠤ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠡᠪᠳᠡᠵᠦ ᠠᠮᠢ ᠠᠬᠤᠶ ᠣᠷᠴᠢᠨ ᠲᠣᠭᠤᠷᠢᠨ᠎ᠢ ᠬᠦᠨᠳᠦ ᠨᠣᠴᠢᠲᠠᠶ ᠤᠴᠠᠷᠠᠭᠤᠯᠤᠭᠰᠠᠨ ᠵᠢᠴᠢ ᠡᠭᠦᠷᠭᠡᠯᠡᠬᠦ ᠴᠢᠬᠤᠯᠠᠲᠠᠶ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢ ᠲᠠᠶ᠋ᠢᠯᠪᠤᠷᠢᠯᠠᠪᠠ᠃ ᠦᠨᠡᠨ ᠪᠣᠳᠠᠲᠠᠶ ᠬᠡᠷᠡᠭ᠎ᠤᠨ ᠵᠢᠱ᠌ᠢᠶ᠎ᠡ ᠵᠢᠨ ᠵᠠᠳᠠᠯᠤᠯᠲᠠ᠎ᠪᠠᠷ ᠳᠠᠮᠵᠢᠭᠤᠯᠤᠨ᠂ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠬᠤ ᠵᠢᠨ ᠴᠢᠬᠤᠯᠠ ᠴᠢᠨᠠᠷ᠎ᠢ ᠣᠯᠠᠨ ᠲᠦᠮᠡᠨ᠎ᠳᠤ ᠭᠦᠨᠵᠡᠭᠡᠶ ᠲᠠᠨᠢᠭᠤᠯᠵᠤ᠂ ᠣᠯᠠᠨ ᠲᠦᠮᠡᠨ᠎ᠢ ᠬᠥᠲᠥᠯᠦᠨ ᠵᠢᠯᠣᠭᠤᠳᠴᠤ ᠪᠠᠶ᠋ᠢᠭ᠋ᠠᠳ ᠠᠮᠢ ᠠᠬᠤᠶ ᠵᠢᠨ ᠣᠷᠴᠢᠨ ᠲᠣᠭᠤᠷᠢᠨ᠎ᠢ ᠡᠪᠳᠡᠭᠰᠡᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠤᠬᠠᠮᠰᠠᠷ᠎ᠠᠴᠠ᠎ᠪᠠᠨ ᠬᠤᠷᠢᠭᠯᠠᠬᠤ ᠪᠠ ᠢᠯᠡᠴᠢᠯᠡᠨ ᠮᠡᠳᠡᠭᠦᠯᠦᠨ᠎ᠡ᠃


6388410898385877609896497.jpg



    ᠲᠣᠰ ᠤᠳᠠᠭ᠋ᠠᠨ᠎ᠤ ᠠᠵᠢᠯᠯᠠᠭ᠎ᠠ ᠳᠤᠮᠳᠠ ᠰᠠᠶ᠋ᠢᠨ ᠳᠤᠷ᠎ᠠ ᠵᠢᠨ ᠦᠢ᠍ᠯᠡᠴᠢᠯᠡᠭᠴᠢᠳ ᠣᠯᠠᠨ ᠲᠦᠮᠡᠨ᠎ᠢ ᠬᠥᠲᠥᠯᠥᠨ ᠵᠢᠯᠣᠭᠤᠳᠴᠤ 《ᠠᠮᠢ ᠠᠬᠤᠢ ᠵᠢᠨ ᠤᠯᠠᠭ᠋ᠠᠨ ᠱᠤᠭᠤᠮ》᠎ᠤᠨ ᠤᠬᠠᠮᠰᠠᠷ᠎ᠢ ᠪᠣᠶ ᠪᠣᠯᠭ᠋ᠠᠵᠤ᠂ ᠠᠮᠢ ᠠᠬᠤᠢ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ᠎ᠳᠤ ᠤᠬᠠᠮᠰᠠᠷ᠎ᠠᠴᠠ᠎ᠪᠠᠨ ᠣᠷᠣᠯᠴᠠᠭᠤᠯᠵᠤ᠂ ᠰᠠᠭᠤᠭ᠋ᠠᠯᠢ ᠠᠷᠠᠳ᠎ᠲᠤ ᠣᠶ ᠰᠢᠭᠤᠢ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠬᠤ ᠬᠠᠮᠢᠶ᠎ᠠ ᠪᠦᠬᠦᠢ ᠮᠡᠳᠡᠯᠭᠡ ᠵᠢ ᠭᠦᠢ᠍ᠴᠡᠳ ᠰᠤᠷᠤᠯᠴᠠᠭᠤᠯᠵᠤ᠂ ᠠᠷᠠᠳ ᠣᠯᠠᠨ᠎ᠤ ᠬᠠᠤᠯᠢ ᠵᠢ ᠮᠡᠳᠡᠵᠦ ᠬᠠᠤᠯᠢ ᠵᠢ ᠰᠠᠬᠢᠬᠤ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠰᠠᠶ᠋ᠢᠨ ᠰᠠᠶ᠋ᠢᠬᠠᠨ ᠨᠡᠶ᠋ᠢᠭᠡᠮ᠎ᠤᠨ ᠠᠭᠤᠷ ᠠᠮᠢᠰᠬᠤᠯ᠎ᠢ ᠪᠣᠶ ᠪᠣᠯᠭ᠋ᠠᠪᠠ᠃

 

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠪᠠᠢ ᠮᠢᠶᠣᠣ ᠽᠢ ᠪᠠᠯᠭ᠋ᠠᠰᠤ᠎ᠨᠢ ᠬᠤᠰᠢᠭᠤᠨ᠎ᠤ ᠭᠠᠯ ᠤᠨᠲᠠᠷᠠᠭ᠋ᠠᠬᠤ ᠶᠡᠭᠡ ᠠᠩᠭᠢ᠎ᠲᠠᠢ ᠬᠠᠮᠲᠤᠷᠠᠨ ᠭᠠᠯ ᠤᠨᠲᠠᠷᠠᠭ᠋ᠠᠬᠤ ᠰᠣᠷᠢᠯᠲᠠ ᠵᠢᠨ ᠠᠵᠢᠯᠯᠠᠭ᠎ᠠ ᠥᠷᠨᠢᠭᠦᠯᠪᠡ
ᠦᠪᠦᠷ ᠮᠣᠩᠭᠣᠯ᠎ᠤᠨ ᠬᠢᠩᠭ᠋ᠠᠨ ᠠᠶ᠋ᠢᠮᠠᠭ᠎ᠤᠨ ᠬᠣᠷᠴᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠢᠷᠠᠭᠤ ᠠᠯᠳᠠᠷ᠎ᠨᠢ ᠦᠨᠭᠭᠡᠷᠡᠭᠰᠡᠨ᠎ᠢ ᠦᠨᠡᠯᠠᠨ ᠢᠷᠡᠭᠡᠳᠦᠶ ᠵᠢ ᠵᠢᠷᠤᠭᠯᠠᠵᠦ ᠪᠤᠢ
ᠦᠪᠦᠷ ᠮᠣᠩᠭᠣᠯ᠎ᠤᠨ ᠶᠡᠬᠡ ᠬᠢᠩᠭ᠋ᠠᠨ ᠳᠠᠪᠠᠭ᠎ᠠ ᠵᠢᠨ ᠤᠢ ᠰᠢᠭᠤᠶ ᠵᠢᠨ ᠲᠤᠢ᠌ᠮᠠᠷ᠎ᠤᠨ ᠪᠠᠶ᠋ᠢᠳᠠᠯ᠎ᠤᠨ ᠵᠠᠯᠭ᠋ᠠᠮᠵᠢ ᠮᠡᠳᠡᠭᠦᠯᠦᠯᠲᠡ
ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ᠎ᠠᠴᠠ ᠰᠢᠯᠢ ᠵᠢᠨ ᠭᠣᠣᠯ ᠠᠶ᠋ᠢᠮᠠᠭ᠎ᠤᠨ ᠬᠡᠪᠴᠢᠶᠡᠵᠢᠬᠦᠯᠦᠭᠰᠡᠨ ᠣᠶ ᠰᠢᠭᠤᠶ ᠵᠢᠨ ᠲᠠᠯᠠᠪᠠᠶ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠣᠭᠣᠳᠪᠠ
ᠬᠦᠯᠦᠨ ᠪᠣᠶ᠋ᠢᠷ᠎ᠤᠨ ᠬᠠᠭᠤᠴᠢᠨ ᠪᠠᠷᠭᠤ ᠬᠣᠰᠢᠭᠤᠨ᠎ᠤ ᠣᠶ ᠰᠢᠭᠤᠶ ᠵᠢᠨ ᠲᠤᠪᠴᠢᠶ᠎ᠠ ᠵᠢᠨ ᠨᠠᠮ᠎ᠤᠨ ᠡᠭᠦᠷ᠎ᠠᠴᠠ《2018 ᠣᠨ᠎ᠤ ᠠᠯᠪᠠᠨ ᠵᠢᠷᠤᠮ᠎ᠤᠨ ᠮᠣᠳᠣ ᠲᠠᠷᠢᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠦᠷᠨᠢᠬᠦᠯᠪᠠ
 
             蒙ICP备05000248号