《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠵᠦᠢ᠍ᠯᠡᠰ᠎ᠤᠨ ᠨᠡᠶ᠋ᠢᠭᠡᠮ᠎ᠤᠨ ᠲᠣᠭᠲᠠᠭᠤᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠠᠵᠢᠯ᠎ᠤᠨ ᠠᠵᠢᠯᠯᠠᠭᠤᠯᠬᠤ ᠲᠦᠷᠢᠮ (ᠲᠤᠷᠰᠢᠨ ᠬᠡᠷᠡᠭᠵᠢᠭᠦᠯᠬᠦ)》 (ᠥᠪᠥᠷ ᠲᠣᠭᠲᠠᠭᠤᠨ ᠲᠠᠷᠬᠠᠭ᠋ᠠᠭᠰᠠᠨ [2016]1 ᠳ᠋ᠦ᠍ᠭᠡᠷ ᠲᠣᠭ᠋ᠠᠲᠤ) ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠨᠡᠶ᠋ᠢᠭᠡᠮ᠎ᠤᠨ ᠲᠣᠭᠲᠠᠭᠤᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠵᠢᠨ ᠬᠡᠷᠡᠭᠵᠢᠭᠦᠯᠬᠦ ᠠᠷᠭ᠎ᠠ》 (ᠥᠪᠥᠷ ᠨᠠᠮ ᠠᠯᠪᠠᠨ ᠲᠠᠷᠬᠠᠭ᠋ᠠᠭᠰᠠᠨ[2021]7 ᠳ᠋ᠤᠭ᠋ᠠᠷ ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ 《ᠡᠯ᠎ᠡ ᠲᠠᠯ᠎ᠠ ᠵᠢᠨ ᠢᠳᠡᠪᠬᠢᠵᠢᠯ᠎ᠢ ᠭᠦᠢ᠍ᠴᠡᠳ ᠳᠠᠶ᠋ᠢᠴᠢᠯᠠᠵᠤ ᠬᠦᠴᠦ᠎ᠪᠠᠨ ᠬᠠᠮᠲᠤᠳᠬᠠᠨ 〈ᠤᠮᠠᠷᠠᠲᠤ ᠵᠢᠨ ᠭᠤᠷᠪᠠᠨ ᠣᠷᠣᠨ〉᠎ᠤ ᠢᠨᠵᠧᠨᠧᠷᠢᠩ᠎ᠤᠨ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠲᠤᠬᠠᠶ ᠰᠠᠨᠠᠯ》᠎ᠤᠨ ᠨᠡᠶ᠋ᠢᠭᠡᠮ᠎ᠤᠨ ᠲᠣᠭᠲᠠᠭᠤᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠭᠡᠷᠡᠴᠢᠯᠡᠭᠡ ᠰᠣᠨᠣᠰᠬᠤ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠡᠳᠦᠭᠡ ᠬᠣᠯᠪᠣᠭᠳᠠᠯ ᠪᠥᠬᠥᠶ ᠵᠦᠢ᠍ᠯᠡᠰ᠎ᠢ ᠳᠤᠤᠷᠠᠬᠢ ᠮᠡᠲᠦ ᠵᠠᠷᠯᠠᠪᠠ᠄
ᠨᠢᠭᠡ᠂ ᠬᠤᠷᠠᠯ᠎ᠤᠨ ᠴᠠᠭ᠄
2024 ᠣᠨ᠎ᠤ 5 ᠰᠠᠷ᠎ᠠ ᠵᠢᠨ 20᠎ᠤ ᠡᠳᠦᠷ (ᠭᠠᠷᠠᠭ᠎ᠤᠨ ᠨᠢᠭᠡᠨ)᠎ᠤᠨ ᠦᠳᠡ ᠵᠢᠨ ᠡᠮᠦᠨ᠎ᠡ 09᠄ 30—12᠄ 00
ᠬᠣᠶᠠᠷ᠂ ᠬᠤᠷᠠᠯ ᠬᠢᠬᠦ ᠭᠠᠵᠠᠷ᠄
ᠵᠢᠨ ᠢ ᠪᠠᠭᠤᠳᠠᠯ (ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠬᠠᠵᠠᠭᠤ᠎ᠳᠠᠬᠢ)᠎ᠤᠨ ᠶᠢᠰᠦᠳᠦᠭᠡᠷ ᠳᠠᠪᠬᠤᠷᠯᠢᠭ᠎ᠤᠨ ᠬᠤᠷᠠᠯ᠎ᠤᠨ ᠬᠡᠷ
ᠭᠤᠷᠪᠠ᠂ ᠭᠡᠷᠡᠴᠢᠯᠡᠭᠡ ᠰᠣᠨᠣᠰᠬᠤ ᠬᠤᠷᠠᠯ᠎ᠤᠨ ᠵᠦᠢ᠍ᠯᠡᠰ᠄
ᠭᠡᠷᠡᠴᠢᠯᠡᠭᠡ ᠰᠣᠨᠣᠰᠬᠤ ᠬᠤᠷᠠᠯ᠎ᠤᠨ ᠠᠵᠢᠯᠲᠠᠳ 《ᠡᠯ᠎ᠡ ᠲᠠᠯ᠎ᠠ ᠵᠢᠨ᠎ᠬᠢᠨ᠎ᠤ ᠢᠳᠡᠪᠬᠢᠵᠢᠯ᠎ᠢ ᠭᠦᠢ᠍ᠴᠡᠳ ᠳᠠᠶ᠋ᠢᠴᠢᠯᠠᠵᠤ ᠬᠦᠴᠦ᠎ᠪᠠᠨ ᠬᠠᠮᠲᠤᠳᠬᠠᠨ 〈ᠤᠮᠠᠷᠠᠲᠤ ᠵᠢᠨ ᠭᠤᠷᠪᠠᠨ ᠤᠷᠤᠨ〉 ᠤ ᠢᠨᠵᠧᠨᠧᠷᠢᠩ᠎ᠤᠨ ᠪᠤᠭᠤᠮᠳᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠲᠤᠬᠠᠶ ᠰᠠᠨᠠᠯ》᠎ᠤᠨ ᠨᠡᠶ᠋ᠢᠭᠡᠮ᠎ᠢ ᠲᠣᠭᠲᠠᠭᠤᠨ ᠪᠠᠶ᠋ᠢᠯᠭ᠋ᠠᠬᠤ ᠲᠦᠭᠰᠢᠭᠦᠷᠢ ᠵᠢ ᠦᠨᠡᠯᠡᠨ ᠵᠢᠱ᠌ᠢᠬᠦ ᠠᠵᠢᠯ᠎ᠤᠨ ᠲᠤᠬᠠᠶ ᠰᠠᠨᠠᠯ᠂ ᠰᠠᠨᠠᠭᠤᠯᠭ᠎ᠠ ᠵᠢ ᠰᠣᠨᠣᠰᠬᠤ ᠵᠢᠨ ᠬᠠᠮᠲᠤ ᠯᠠᠪᠯᠠᠯᠭ᠎ᠠ ᠵᠢ ᠬᠦᠯᠢᠶᠡᠨ ᠠᠪᠤᠨ᠎ᠠ᠃
ᠲᠦᠷᠪᠡ᠂ ᠭᠡᠷᠡᠴᠢᠯᠡᠭᠡ ᠰᠣᠨᠣᠰᠬᠤ᠎ᠳᠤ ᠣᠷᠣᠯᠴᠠᠭᠰᠠᠳ᠄
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ 《ᠤᠮᠠᠷᠠᠲᠤ ᠵᠢᠨ ᠭᠤᠷᠪᠠᠨ ᠤᠷᠤᠨ》 ᠤ ᠢᠨᠵᠧᠨᠧᠷᠢᠩ᠎ᠤᠨ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠳᠤ ᠬᠤᠯᠪᠤᠭᠳᠠᠬᠤ ᠭᠤᠤᠯ ᠪᠣᠯᠬᠤ ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠲᠥᠯᠥᠭᠡᠯᠡᠭᠴᠢ᠂ ᠡᠯ᠎ᠡ ᠭᠠᠵᠠᠷ ᠣᠷᠣᠨ᠎ᠤ ᠲᠣᠰ ᠰᠠᠨᠠᠯ᠎ᠢ ᠬᠡᠷᠡᠭᠵᠢᠭᠦᠯᠬᠦ ᠬᠡᠪᠴᠢᠶᠡᠨ᠎ᠳᠠᠬᠢ ᠭᠤᠤᠯ ᠪᠣᠯᠬᠤ ᠠᠰᠢᠭ ᠲᠤᠰᠠ ᠵᠢᠨ ᠬᠠᠮᠲᠤᠯᠢᠭ᠎ᠤᠨ ᠲᠥᠯᠥᠭᠡᠯᠡᠭᠴᠢ᠃
ᠲᠠᠪᠤ᠂ ᠭᠡᠷᠡᠴᠢᠯᠡᠭᠡ ᠰᠣᠨᠣᠰᠬᠤ ᠬᠤᠷᠠᠯ᠎ᠳᠤ ᠣᠷᠣᠯᠴᠠᠬᠤ᠎ᠳᠤ ᠠᠩᠬᠠᠷᠬᠤ ᠵᠦᠢ᠍ᠯ᠄
1 . ᠭᠡᠷᠡᠴᠢᠯᠡᠭᠡ ᠰᠣᠨᠣᠰᠬᠤ᠎ᠳᠤ ᠣᠷᠣᠯᠴᠠᠬᠤ ᠬᠥᠮᠦᠰ ᠭᠡᠷᠡᠴᠢᠯᠡᠭᠡ ᠰᠣᠨᠣᠰᠬᠤ ᠬᠤᠷᠠᠯ᠎ᠳᠤ ᠴᠠᠭ᠎ᠲᠠᠭᠠᠨ ᠣᠷᠣᠯᠴᠠᠬᠤ ᠬᠡᠷᠡᠭᠲᠡᠶ᠂ ᠬᠣᠵᠢᠭᠳᠠᠪᠠᠯ ᠭᠡᠷᠡᠴᠢᠯᠡᠭᠡ ᠰᠣᠨᠣᠰᠬᠤ ᠡᠷᠬᠡ᠎ᠪᠠᠨ ᠰᠠᠨᠠᠭ᠋ᠠᠴᠢᠯᠠᠭ᠎ᠠ᠎ᠠᠴᠠ᠎ᠪᠠᠨ ᠬᠠᠶᠠᠭᠰᠠᠨ ᠵᠶ᠋ᠠᠷ ᠦᠵᠡᠵᠦ᠂ ᠬᠤᠷᠠᠯ᠎ᠤᠨ ᠲᠠᠯᠠᠪᠠᠶ᠎ᠳᠤ ᠣᠷᠣᠵᠤ ᠪᠣᠯᠬᠤ ᠦᠭᠡᠶ;
2᠂ ᠭᠡᠷᠡᠴᠢᠯᠡᠭᠡ ᠰᠣᠨᠣᠰᠬᠤ᠎ᠳᠤ ᠣᠷᠣᠯᠴᠠᠬᠤ ᠬᠥᠮᠦᠰ ᠭᠡᠷᠡᠴᠢᠯᠡᠭᠡ ᠰᠣᠨᠣᠰᠬᠤ᠎ᠪᠠᠷ ᠪᠠᠶ᠋ᠢᠭ᠎ᠠ ᠵᠦᠢ᠍ᠯᠡᠰ᠎ᠤᠨ ᠴᠢᠬᠤᠯᠠ ᠴᠢᠨᠠᠷ᠂ ᠪᠣᠯᠤᠮᠵᠢᠲᠤ ᠴᠢᠨᠠᠷ ᠵᠢᠴᠢ ᠪᠣᠳᠠᠲᠠᠢ ᠠᠭᠤᠯᠭ᠎ᠠ ᠵᠢᠨ ᠲᠤᠬᠠᠢ ᠰᠠᠨᠠᠯ ᠰᠠᠨᠠᠭᠤᠯᠭ᠎ᠠ ᠳᠤᠷᠠᠳᠬᠤ ᠡᠷᠬᠡ᠎ᠲᠠᠢ;
3 . ᠭᠡᠷᠡᠴᠢᠯᠡᠭᠡ ᠰᠣᠨᠣᠰᠬᠤ᠎ᠳᠤ ᠣᠷᠣᠯᠴᠠᠭᠰᠠᠨ ᠬᠥᠮᠦᠰ ᠪᠣᠳᠠᠲᠤ ᠬᠡᠷᠡᠭ᠎ᠲᠤ ᠦᠨᠡᠨᠴᠢ ᠪᠠᠶ᠋ᠢᠵᠤ᠂ ᠲᠥᠯᠥᠭᠡᠯᠡᠵᠦ ᠪᠠᠶ᠋ᠢᠭ᠎ᠠ ᠠᠷᠠᠳ ᠢᠷᠭᠡᠨ᠂ ᠬᠠᠤᠯᠢ ᠵᠢᠨ ᠬᠥᠮᠦᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠵᠢᠨ ᠰᠠᠨᠠᠯ᠎ᠢ ᠦᠨᠡᠨ ᠪᠤᠳᠠᠳᠠᠢ᠎ᠪᠠᠷ ᠲᠤᠰᠬᠠᠬᠤ ᠬᠡᠷᠡᠭᠲᠡᠢ᠃
ᠡᠭᠦᠨ᠎ᠤ ᠲᠤᠯᠠ ᠣᠨᠴᠠᠭ᠋ᠠᠶ᠋ᠢᠯᠠᠨ ᠵᠠᠷᠯᠠᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ
2024 ᠣᠨ᠎ᠤ 5 ᠰᠠᠷ᠎ᠠ ᠵᠢᠨ 12᠎ᠤᠨ ᠡᠳᠦᠷ