ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠣᠶ ᠰᠢᠭᠤᠢ ᠨᠤᠲᠤᠭ ᠪᠡᠯᠴᠢᠭᠡᠷ᠎ᠤᠨ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠰᠤᠭᠤᠴᠢᠨ ᠪᠠᠶ᠋ᠢᠴᠠᠭ᠋ᠠᠭᠰᠠᠨ ᠦᠷ᠎ᠡ ᠳ᠋ᠦᠩ᠎ᠢ ᠮᠡᠳᠡᠭᠳᠡᠬᠦ ᠪᠢᠴᠢᠭ
ᠨᠡᠶ᠋ᠢᠲᠡᠯᠡᠭᠰᠡᠨ ᠴᠠᠭ᠄ 2024-06-03

ᠣᠷᠳᠣᠰ ᠬᠣᠲᠠ ᠵᠢᠨ ᠭᠤᠤ ᠶᠤᠸᠠᠨ ᠱᠧᠩ ᠭᠦᠸᠧ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢᠨ ᠨᠡᠭᠡᠭᠡᠯᠲᠡ ᠵᠢᠨ ᠬᠢᠵᠠᠭ᠋ᠠᠷᠲᠤ ᠺᠣᠮᠫᠠᠨᠢ᠄
    《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠰᠤᠭᠤᠴᠢᠨ ᠪᠠᠶ᠋ᠢᠴᠠᠭ᠋ᠠᠬᠤ ᠮᠡᠳᠡᠭᠳᠡᠯ᠎ᠤᠨ ᠪᠢᠴᠢᠭ》 ᠶᠣᠰᠣᠭ᠋ᠠᠷ᠂ ᠮᠠᠨ᠎ᠤ ᠲᠣᠪᠴᠢᠶ᠎ᠠ᠎ᠠᠴᠠ ᠬᠥᠮᠦᠨ ᠲᠣᠮᠢᠯᠠᠨ 2024 ᠣᠨ᠎ᠤ 5 ᠰᠠᠷ᠎ᠠ ᠵᠢᠨ 7᠎ᠤ ᠡᠳᠦᠷ ᠲᠠᠨ᠎ᠤ ᠺᠣᠮᠫᠠᠨᠢ ᠵᠢᠨ ᠡᠵᠡᠩᠨᠡᠯᠲᠡ ᠵᠢᠨ ᠭᠠᠵᠠᠷ᠎ᠤᠨ ᠪᠡᠯᠡᠳᠬᠡᠮᠵᠢ ᠲᠥᠬᠥᠭᠡᠷᠦᠮᠵᠢ᠂ ᠲᠠᠩᠰᠠ ᠡᠪᠬᠡᠮᠡᠯ᠎ᠤᠨ ᠱᠣᠰᠢᠭ᠎ᠠ᠂ ᠦᠷ᠎ᠡ ᠵᠢᠨ ᠶᠠᠰᠤ ᠴᠢᠨᠠᠷ ᠵᠡᠷᠭᠡ ᠲᠠᠯ᠎ᠠ᠎ᠪᠠᠷ ᠲᠤᠬᠠᠶ ᠵᠢᠨ ᠭᠠᠵᠠᠷ᠎ᠤᠨ ᠬᠢᠨᠠᠨ ᠪᠠᠶ᠋ᠢᠴᠠᠭ᠋ᠠᠯᠲᠠ ᠬᠢᠯᠭᠡᠪᠡ᠃ ᠪᠠᠢ᠌ᠴᠠᠭ᠋ᠠᠯᠳᠠ᠎ᠳᠤ ᠣᠯᠵᠤ ᠮᠡᠳᠡᠭᠰᠡᠨ᠎ᠨᠢ᠂ ᠲᠠᠨ᠎ᠤ ᠺᠣᠮᠫᠠᠨᠢ᠎ᠳᠤ ᠦᠢ᠍ᠯᠡᠳᠪᠦᠷᠢᠯᠡᠯ ᠡᠵᠡᠩᠨᠡᠯᠲᠡ ᠵᠢᠨ ᠳᠠᠩᠰᠠ ᠡᠪᠬᠡᠮᠡᠯ ᠪᠦᠷᠢᠨ ᠪᠤᠰᠤ᠂ ᠣᠶ᠋ᠢᠷ᠎ᠠ ᠵᠢᠨ ᠭᠤᠷᠪᠠᠨ ᠵᠢᠯ᠎ᠤᠨ ᠲᠤᠷᠰᠢᠬᠢ ᠦᠢ᠍ᠯᠡᠳᠪᠦᠷᠢᠯᠡᠯ᠎ᠤᠨ ᠠᠩᠬᠠᠨ᠎ᠤ ᠲᠡᠮᠳᠡᠭᠯᠡᠯ᠂ ᠰᠢᠯᠭ᠋ᠠᠨ ᠪᠠᠶ᠋ᠢᠴᠠᠭ᠋ᠠᠭᠰᠠᠨ ᠲᠡᠮᠳᠡᠭᠯᠡᠯ ᠳᠤᠲᠠᠭᠤ᠂ ᠴᠢᠬᠢ ᠮᠣᠳᠣᠨ᠎ᠤ ᠱᠣᠰᠢᠭ᠎ᠠ ᠵᠢ ᠲᠠᠭᠯᠠᠨ ᠪᠢᠴᠢᠭᠰᠡᠨ᠎ᠨᠢ ᠵᠢᠷᠤᠮᠵᠢᠯ ᠦᠭᠡᠶ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠢᠨᠠᠨ ᠵᠣᠬᠢᠶᠠᠭᠰᠠᠨ ᠱᠣᠰᠢᠭ᠎ᠠ ᠵᠢᠨ ᠶᠠᠩᠵᠤ ᠬᠡᠯᠪᠡᠷᠢ ᠵᠢ ᠬᠡᠷᠡᠭᠯᠡᠭᠰᠡᠨ ᠦᠭᠡᠶ᠂ ᠢᠵᠢ ᠪᠦᠷᠢᠳᠦᠭᠦᠯᠦᠨ ᠬᠡᠷᠡᠭᠯᠡᠭᠰᠡᠨ ᠲᠣᠳᠣᠷᠬᠠᠶ᠋ᠢᠯᠠᠯᠲᠠ ᠦᠭᠡᠢ ᠵᠡᠷᠭᠡ ᠠᠰᠠᠭᠤᠳᠠᠯ ᠣᠷᠣᠰᠢᠵᠤ ᠪᠠᠶ᠋ᠢᠨ᠎ᠠ᠃
    ᠲᠠᠨ᠎ᠤ ᠺᠣᠮᠫᠠᠨᠢ ᠳᠤᠤᠷᠠᠬᠢ ᠱᠠᠭ᠋ᠠᠷᠳᠠᠯᠭ᠎ᠠ ᠶᠣᠰᠣᠭ᠋ᠠᠷ ᠠᠯᠢ ᠲᠦᠷᠭᠡᠨ ᠵᠶ᠋ᠠᠷ ᠥᠭᠡᠷᠡᠴᠢᠯᠡᠭᠡᠷᠡᠶ᠃ ᠨᠢᠭᠡ᠎ᠳᠤ 《ᠣᠶ ᠮᠣᠳᠣᠨ᠎ᠤ ᠦᠷ᠎ᠡ ᠦᠢ᠍ᠯᠡᠳᠪᠦᠷᠢᠯᠡᠵᠦ ᠡᠵᠡᠩᠨᠡᠬᠦ ᠳᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠠᠷᠭ᠎ᠠ》 ᠶᠣᠰᠣᠭ᠋ᠠᠷ᠂ ᠦᠢ᠍ᠯᠡᠳᠪᠦᠷᠢᠯᠡᠵᠦ ᠡᠵᠡᠩᠨᠡᠬᠦ ᠳᠠᠩᠰᠠ ᠡᠪᠬᠡᠮᠡᠯ᠎ᠤᠨ ᠬᠠᠮᠢᠶᠠᠷᠤᠯᠲᠠ᠎ᠪᠠᠨ ᠴᠢᠩᠭ᠋ᠠᠳᠬᠠᠨ᠂ ᠦᠷ᠎ᠡ᠂ ᠴᠢᠬᠢ ᠮᠣᠳᠣ᠎ᠪᠠᠨ ᠥᠪᠡᠷ᠎ᠲᠡᠭᠡᠨ ᠪᠠᠶ᠋ᠢᠴᠠᠭ᠋ᠠᠵᠦ᠂ ᠤᠭ ᠲᠡᠮᠳᠡᠭᠯᠡᠯ᠎ᠤᠨ ᠬᠦᠰᠦᠨᠦᠭᠲᠦ ᠵᠢ ᠲᠠᠭᠯᠠᠨ ᠪᠢᠴᠢᠬᠦ ᠵᠢᠨ ᠬᠠᠮᠲᠤ ᠳᠠᠩᠰᠠ ᠡᠪᠬᠡᠮᠡᠯ᠎ᠳᠤ ᠦᠯᠡᠳᠡᠭᠡᠨ ᠬᠠᠳᠠᠭ᠋ᠠᠯᠠᠵᠤ᠂ ᠦᠷ᠎ᠡ᠂ ᠴᠢᠬᠢ ᠮᠣᠳᠣ ᠵᠢᠨ ᠥᠪᠡᠷ᠎ᠲᠡᠭᠡᠨ ᠪᠠᠶ᠋ᠢᠴᠠᠭ᠋ᠠᠭᠰᠠᠨ ᠦᠷ᠎ᠡ ᠳ᠋ᠦᠩ ᠵᠢᠴᠢ ᠦᠷ᠎ᠡ᠂ ᠴᠢᠬᠢ ᠮᠣᠳᠣᠨ᠎ᠤ ᠱᠣᠰᠢᠭ᠎ᠠ ᠵᠢᠨ ᠦᠨᠳᠦᠰᠦᠯᠡᠯ ᠪᠣᠯᠭ᠋ᠠᠬᠤ ᠬᠡᠷᠡᠭᠲᠡᠶ᠃ ᠬᠣᠶᠠᠷ᠎ᠲᠤ 《ᠣᠶ ᠮᠣᠳᠣᠨ᠎ᠤ ᠦᠷ᠎ᠡ ᠵᠢ ᠪᠣᠭᠣᠳᠠᠯᠯᠠᠬᠤ ᠪᠠ ᠱᠣᠰᠢᠭ᠎ᠠ ᠲᠡᠮᠳᠡᠭ᠎ᠤᠨ ᠬᠠᠮᠢᠶᠠᠷᠤᠯᠲᠠ ᠵᠢᠨ ᠠᠷᠭ᠎ᠠ》 ᠵᠢᠨ ᠶᠣᠰᠣᠭ᠋ᠠᠷ᠂ ᠦᠷ᠎ᠡ᠂ ᠴᠢᠬᠢ ᠮᠣᠳᠣᠨ᠎ᠤ ᠱᠣᠰᠢᠭ᠎ᠠ ᠲᠡᠮᠳᠡᠭ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠢᠨᠠᠨ ᠵᠣᠬᠢᠶᠠᠭᠰᠠᠨ ᠱᠣᠰᠢᠭ᠎ᠠ ᠵᠢᠨ ᠶᠠᠩᠵᠤ ᠬᠡᠯᠪᠡᠷᠢ ᠵᠢ ᠬᠡᠷᠡᠭᠯᠡᠨ᠂ ᠱᠣᠰᠢᠭ᠎ᠠ ᠲᠡᠮᠳᠡᠭ᠎ᠤᠨ ᠲᠠᠭᠯᠠᠨ ᠪᠢᠴᠢᠬᠦ ᠠᠭᠤᠯᠭ᠎ᠠ ᠵᠢ ᠵᠢᠷᠤᠮᠵᠢᠭᠤᠯᠵᠤ᠂ ᠦᠷ᠎ᠡ᠂ ᠴᠢᠬᠢ ᠮᠣᠳᠣᠨ᠎ᠤ ᠱᠣᠰᠢᠭ᠎ᠠ ᠲᠡᠮᠳᠡᠭ ᠨᠢᠭᠡᠪᠦᠷᠢ᠎ᠳᠤ ᠡᠷᠬᠡᠪᠰᠢ ᠢᠵᠢ ᠪᠥᠷᠢᠳᠦᠭᠦᠯᠦᠭᠰᠡᠨ ᠬᠡᠷᠡᠭᠯᠡᠬᠦ ᠲᠣᠳᠣᠷᠬᠠᠶ᠋ᠢᠯᠠᠯᠲᠠ ᠵᠢ ᠳᠠᠭ᠋ᠠᠯᠳᠤᠭᠤᠯᠵᠤ᠂ ᠬᠤᠳᠠᠯᠳᠤᠨ ᠠᠪᠤᠭᠰᠠᠨ ᠲᠠᠯ᠎ᠠ᠎ᠳᠤ ᠬᠠᠩᠭ᠋ᠠᠬᠤ ᠵᠢᠨ ᠬᠠᠮᠲᠤ ᠦᠷ᠎ᠡ᠂ ᠴᠢᠬᠢ ᠮᠣᠳᠣᠨ᠎ᠤ ᠱᠣᠰᠢᠭ᠎ᠠ ᠵᠢᠴᠢ ᠬᠡᠷᠡᠭᠯᠡᠬᠦ ᠲᠣᠳᠣᠷᠬᠠᠶ᠋ᠢᠯᠠᠯᠲᠠ ᠵᠢᠨ ᠣᠭ ᠡᠬᠡ ᠵᠢ ᠦᠯᠡᠳᠡᠭᠡᠨ ᠲᠠᠩᠰᠠ ᠡᠪᠬᠡᠮᠡᠯ᠎ᠳᠤ ᠬᠠᠳᠠᠭ᠋ᠠᠯᠠᠬᠤ ᠬᠡᠷᠡᠭᠲᠡᠶ᠃
     ᠲᠠᠨ᠎ᠤ ᠺᠣᠮᠫᠠᠨᠢ ᠲᠣᠰ ᠮᠡᠳᠡᠭᠳᠡᠯ᠎ᠤᠨ ᠪᠢᠴᠢᠭ᠎ᠢ ᠣᠯᠤᠭᠰᠠᠨ ᠡᠳᠦᠷ᠎ᠠᠴᠠ ᠡᠬᠢᠯᠡᠨ 30 ᠡᠳᠦᠷ᠎ᠤᠨ ᠳᠣᠲᠣᠷ᠎ᠠ ᠴᠡᠭᠴᠡᠯᠡᠨ ᠵᠠᠰᠠᠵᠤ ᠳᠠᠭᠤᠰᠬᠠᠬᠤ ᠵᠢᠨ ᠬᠠᠮᠲᠤ ᠮᠠᠨ᠎ᠤ ᠲᠣᠪᠴᠢᠶ᠎ᠠ᠎ᠳᠤ ᠴᠡᠭᠴᠡᠯᠡᠨ ᠵᠠᠰᠠᠭᠰᠠᠨ ᠪᠢᠴᠢᠭ᠎ᠤᠨ ᠮᠡᠳᠡᠭᠦᠯᠦᠯᠲᠡ᠎ᠪᠠᠨ ᠬᠦᠷᠭᠡᠭᠡᠷᠡᠶ᠃ ᠬᠡᠷᠪᠡ ᠤᠨᠳᠤᠤ ᠰᠠᠨᠠᠯ᠎ᠲᠠᠢ ᠪᠣᠯ᠂ ᠲᠣᠰ ᠮᠡᠳᠡᠭᠳᠡᠬᠦ ᠪᠢᠴᠢᠭ᠎ᠢ ᠣᠯᠤᠭᠰᠠᠨ ᠡᠳᠦᠷ᠎ᠠᠴᠠ ᠡᠬᠢᠯᠡᠨ 15 ᠡᠳᠦᠷ᠎ᠤᠨ ᠳᠣᠲᠣᠷ᠎ᠠ᠂ ᠮᠠᠨ᠎ᠤ ᠲᠣᠪᠴᠢᠶ᠎ᠠ᠎ᠳᠤ ᠳᠠᠬᠢᠨ ᠪᠠᠶ᠋ᠢᠴᠠᠭ᠋ᠠᠯᠭ᠋ᠠᠬᠤ᠎ᠪᠠᠷ ᠭᠤᠶᠤᠴᠢᠯᠠᠭ᠋ᠠᠷᠠᠶ᠃



                  2024 ᠣᠨ᠎ᠤ 5 ᠰᠠᠷ᠎ᠠ ᠵᠢᠨ 30᠎ᠤ ᠡᠳᠦᠷ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠪᠥᠬᠥ ᠣᠷᠣᠨ᠎ᠤ ᠣᠷᠣᠨ ᠰᠠᠭᠤᠴᠠ ᠵᠢᠨ ᠪᠥᠲᠥᠭᠡᠨ ᠪᠠᠶ᠋ᠢᠭᠤᠯᠤᠯᠲᠠ ᠪᠠ ᠠᠮᠢ ᠠᠬᠤᠶ ᠣᠷᠴᠢᠨ ᠲᠣᠭᠣᠷᠢᠨ᠎ᠤ ᠬᠦᠷᠢᠶᠡᠨ᠎ᠳᠠᠬᠢ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠵᠢᠨ ᠰᠦᠪᠡᠭᠴᠢ ᠵᠢ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠪᠠᠶ᠋ᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠵᠠᠷ
 
             蒙ICP备05000248号