ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠣᠶ ᠰᠢᠭᠤᠢ ᠨᠤᠲᠤᠭ ᠪᠡᠯᠴᠢᠭᠡᠷ᠎ᠤᠨ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠲᠠᠰᠢᠷᠠᠮ ᠵᠶ᠋ᠠᠷ ᠰᠤᠭᠤᠴᠢᠨ ᠪᠠᠶ᠋ᠢᠴᠠᠭ᠋ᠠᠭᠰᠠᠨ ᠦᠷ᠎ᠡ ᠳ᠋ᠦᠩ᠎ᠢ ᠮᠡᠳᠡᠭᠳᠡᠬᠦ ᠪᠢᠴᠢᠭ
ᠨᠡᠶ᠋ᠢᠲᠡᠯᠡᠭᠰᠡᠨ ᠴᠠᠭ᠄ 2024-08-06

 
  
ᠤᠷᠠᠳ᠎ᠤᠨ ᠬᠣᠶ᠋ᠢᠲᠤ ᠬᠣᠰᠢᠭᠤᠨ᠎ᠤ ᠬᠣᠩ ᠱᠸᠩ ᠠᠷᠠᠯᠵᠢᠶ᠎ᠠ ᠬᠤᠳᠠᠯᠳᠤᠭ᠋ᠠᠨ᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠄
    《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠰᠤᠭᠤᠴᠢᠨ ᠪᠠᠢ᠌ᠴᠠᠭ᠋ᠠᠭᠰᠠᠨ ᠦᠷ᠎ᠡ ᠳ᠋ᠦᠩ᠎ᠤᠨ ᠮᠡᠳᠡᠭᠳᠡᠯ᠎ᠤᠨ ᠪᠢᠴᠢᠭ》 (ᠥᠪᠥᠷ ᠣᠶ ᠰᠢᠭᠤᠢ ᠨᠤᠲᠤᠭ ᠪᠡᠯᠴᠢᠭᠡᠷ ᠵᠠᠬᠢᠳᠠᠯ  [2024]1553 ᠳ᠋ᠤᠭ᠋ᠠᠷ ᠲᠣᠭ᠋ᠠᠲᠤ)᠎ᠤᠨ ᠲᠣᠬᠢᠷᠠᠭᠤᠯᠤᠯᠲᠠ ᠶᠣᠰᠣᠭ᠋ᠠᠷ᠂ ᠮᠠᠨ᠎ᠤ ᠲᠣᠪᠴᠢᠶ᠎ᠠ᠎ᠠᠴᠠ ᠰᠣᠩᠭᠣᠨ ᠲᠣᠮᠢᠯᠠᠭᠰᠠᠨ ᠠᠵᠢᠯᠲᠠᠨ 2024 ᠣᠨ᠎ᠤ 7 ᠰᠠᠷ᠎ᠠ ᠵᠢᠨ 29᠎ᠤ ᠡᠳᠦᠷ ᠲᠠᠨ᠎ᠤ ᠺᠣᠮᠫᠠᠨᠢ ᠵᠢᠨ ᠡᠵᠡᠩᠨᠡᠯᠲᠡ ᠵᠢᠨ ᠲᠠᠯᠠᠪᠤᠷ᠂ ᠪᠡᠯᠡᠳᠬᠡᠮᠵᠢ ᠲᠥᠬᠥᠭᠡᠷᠦᠮᠵᠢ᠂ ᠲᠠᠩᠰᠠ ᠡᠪᠬᠡᠮᠡᠯ᠎ᠤᠨ ᠱᠣᠰᠢᠭ᠎ᠠ᠂ ᠦᠷ᠎ᠡ ᠵᠢᠨ ᠶᠠᠰᠤ ᠴᠢᠨᠠᠷ ᠵᠡᠷᠭᠡ ᠲᠠᠯ᠎ᠠ᠎ᠳᠤ ᠲᠤᠬᠠᠶ ᠵᠢᠨ ᠭᠠᠵᠠᠷ᠎ᠤᠨ ᠬᠢᠨᠠᠯᠲᠠ ᠪᠠᠶ᠋ᠢᠴᠠᠭ᠋ᠠᠯᠲᠠ ᠬᠢᠵᠦ᠂ ᠲᠠᠨ᠎ᠤ ᠺᠣᠮᠫᠠᠨᠢ᠎ᠳᠤ ᠳᠤᠤᠷᠠᠬᠢ ᠮᠡᠲᠦ ᠠᠰᠠᠭᠤᠳᠠᠯ ᠣᠷᠣᠰᠢᠵᠤ ᠪᠠᠶ᠋ᠢᠬᠤ ᠵᠢ ᠲᠤᠰᠬᠠᠶ᠎ᠠ᠄
    1 . ᠦᠷ᠎ᠡ ᠰᠢᠯᠭ᠋ᠠᠨ ᠪᠠᠶ᠋ᠢᠴᠠᠭ᠋ᠠᠬᠤ ᠲᠠᠰᠤᠭ᠎ᠤᠨ ᠰᠢᠯᠭ᠋ᠠᠨ ᠪᠠᠶ᠋ᠢᠴᠠᠭ᠋ᠠᠬᠤ ᠣᠷᠴᠢᠨ ᠲᠣᠭᠣᠷᠢᠨ᠎ᠨᠢ ᠱᠠᠭ᠋ᠠᠷᠳᠠᠯᠭ᠎ᠠ᠎ᠳᠤ ᠬᠦᠷᠬᠦ ᠦᠭᠡᠶ᠂ ᠲᠣᠭᠲᠠᠮᠠᠯ ᠳᠤᠯᠠᠭ᠋ᠠᠨ᠂ ᠲᠣᠭᠲᠠᠮᠠᠯ ᠴᠢᠭᠢᠭᠲᠦᠴᠡ ᠵᠢᠨ ᠨᠥᠬᠥᠴᠡᠯ ᠳᠤᠲᠠᠭᠳᠠᠵᠤ᠂ ᠰᠢᠯᠭ᠋ᠠᠨ ᠪᠠᠶ᠋ᠢᠴᠠᠭ᠋ᠠᠬᠤ ᠲᠥᠬᠥᠭᠡᠷᠦᠮᠵᠢ᠎ᠳᠠᠬᠢ ᠡᠯᠸᠺᠲᠷᠣᠨ ᠲᠡᠩᠨᠡᠭᠦᠷ᠎ᠤᠨ ᠨᠠᠷᠢᠯᠢᠭ᠎ᠤᠨ ᠬᠡᠮᠵᠢᠶ᠎ᠡ᠎ᠨᠢ ᠡᠪᠡᠰᠦᠨ ᠦᠷ᠎ᠡ ᠵᠢᠨ ᠰᠢᠯᠭ᠋ᠠᠨ ᠪᠠᠶ᠋ᠢᠴᠠᠭ᠋ᠠᠬᠤ ᠬᠡᠷᠡᠭᠴᠡᠭᠡ ᠵᠢ ᠬᠠᠩᠭ᠋ᠠᠵᠤ ᠳᠡᠶ᠋ᠢᠯᠬᠦ ᠦᠭᠡᠶ᠂ ᠡᠯᠸᠺᠲᠷᠣᠨ ᠲᠡᠩᠨᠡᠭᠦᠷ᠎ᠤᠨ ᠠᠵᠢᠯᠯᠠᠬᠤ ᠲᠠᠪᠴᠠᠩ ᠳᠤᠲᠠᠭᠳᠠᠵᠤ᠂ ᠨᠠᠬᠢᠶ᠎ᠠ ᠪᠤᠢ᠌ᠵᠢᠭᠤᠯᠬᠤ ᠬᠠᠶ᠋ᠢᠷᠴᠠᠭ᠎ᠨᠢ ᠳᠡᠩᠳᠡᠭᠦᠦ ᠪᠠᠭ᠎ᠠ ᠪᠣᠯᠬᠣᠷ ᠦᠷ᠎ᠡ ᠰᠢᠯᠭ᠋ᠠᠨ ᠪᠠᠶ᠋ᠢᠴᠠᠭ᠋ᠠᠬᠤ ᠬᠡᠷᠡᠭᠴᠡᠭᠡ ᠵᠢ ᠬᠠᠩᠭ᠋ᠠᠵᠤ ᠳᠡᠶ᠋ᠢᠯᠬᠦ ᠦᠭᠡᠶ ᠪᠠᠶ᠋ᠢᠨ᠎ᠠ; 
    2 . ᠴᠢᠬᠢ ᠮᠣᠳᠣ ᠪᠠᠶ᠋ᠢᠴᠠᠭ᠋ᠠᠨ ᠬᠡᠮᠵᠢᠬᠦ ᠪᠠᠭ᠋ᠠᠵᠢ ᠳᠤᠲᠠᠭᠳᠠᠵᠤ ᠪᠠᠶ᠋ᠢᠨ᠎ᠠ;
    3 . ᠦᠨᠳᠦᠰᠦᠨ ᠳᠠᠩᠰᠠ ᠡᠪᠬᠡᠮᠡᠯ᠎ᠳᠤ ᠣᠶ ᠮᠣᠳᠣᠨ᠎ᠤ ᠦᠷ᠎ᠡ᠂ ᠴᠢᠬᠢ ᠮᠣᠳᠣ ᠵᠢᠨ ᠬᠠᠮᠢᠶ᠎ᠠ ᠪᠦᠬᠦᠢ ᠶᠠᠰᠤ ᠴᠢᠨᠠᠷ᠎ᠤᠨ ᠳᠡᠰ ᠲᠤᠭᠲᠠᠭ᠋ᠠᠯᠳᠠ᠂ ᠪᠠᠶ᠋ᠢᠴᠠᠭ᠋ᠠᠨ ᠰᠢᠯᠭ᠋ᠠᠵᠤ ᠪᠠᠶ᠋ᠢᠴᠠᠭ᠋ᠠᠨ ᠬᠡᠮᠵᠢᠬᠦ ᠮᠡᠷᠭᠡᠵᠢᠯ᠎ᠤᠨ ᠪᠠᠷᠢᠮᠵᠢᠶ᠎ᠠ ᠳᠤᠲᠠᠭᠳᠠᠵᠤ᠂ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠪᠢᠴᠢᠭ ᠮᠠᠲ᠋ᠧᠷᠢᠶᠠᠯ ᠳᠤᠲᠠᠭᠳᠠᠵᠤ ᠪᠠᠶ᠋ᠢᠨ᠎ᠠ;
    4 . ᠦᠢ᠍ᠯᠡᠳᠪᠦᠷᠢᠯᠡᠬᠦ᠂ ᠡᠵᠡᠩᠨᠡᠬᠦ᠂ ᠰᠢᠯᠭ᠋ᠠᠨ ᠪᠠᠶ᠋ᠢᠴᠠᠭ᠋ᠠᠬᠤ᠎ᠳᠠᠭᠠᠨ ᠵᠦᠢ᠍ᠯ ᠵᠤᠷᠪᠤᠰ᠎ᠤᠨ ᠢᠯᠭ᠋ᠠᠯ ᠵᠶ᠋ᠠᠷ ᠬᠤᠪᠢᠶᠠᠭᠰᠠᠨ ᠦᠭᠡᠢ;
    5 . ᠱᠣᠰᠢᠭ᠎ᠠ ᠲᠠᠭᠯᠠᠭᠰᠠᠨ᠎ᠨᠢ ᠪᠤᠷᠤᠭᠤ ᠮᠦᠷᠲᠡᠭᠡᠨ ᠳᠦᠷᠰᠦᠯᠡᠭᠰᠡᠨ᠎ᠨᠢ ᠣᠨᠣᠪᠴᠢ ᠥᠬᠡᠶ᠂ ᠱᠣᠰᠢᠭ᠎ᠠ ᠵᠢᠨ ᠬᠡᠯᠪᠡᠷᠢ ᠮᠠᠶᠢᠭ᠎ᠨᠢ ᠴᠢᠬᠤᠯᠠ ᠪᠥᠬᠥᠶ ᠠᠭᠤᠯᠭ᠎ᠠ ᠳᠤᠲᠠᠭᠳᠠᠵᠤ ᠪᠠᠶ᠋ᠢᠬᠤ ᠵᠡᠷᠭᠡ ᠠᠰᠠᠭᠤᠳᠠᠯ ᠤᠷᠤᠰᠢᠵᠦ ᠪᠤᠢ᠃
    ᠲᠠᠨ᠎ᠤ ᠺᠣᠮᠫᠠᠨᠢ ᠳᠤᠤᠷᠠᠬᠢ ᠱᠠᠭ᠋ᠠᠷᠳᠠᠯᠭ᠎ᠠ ᠶᠣᠰᠣᠭ᠋ᠠᠷ ᠲᠦᠷᠭᠡᠬᠡᠨ ᠦᠭᠡᠷᠡᠴᠢᠯᠡᠨ ᠰᠠᠢ᠌ᠵᠢᠷᠠᠭᠤᠯᠤᠭ᠋ᠠᠷᠠᠢ᠃ ᠨᠢᠭᠡ᠎ᠳᠤ᠂ ᠦᠷ᠎ᠡ ᠰᠢᠯᠭ᠋ᠠᠨ ᠪᠠᠶ᠋ᠢᠴᠠᠭ᠋ᠠᠬᠤ ᠲᠠᠰᠤᠭ᠎ᠤᠨ ᠣᠷᠴᠢᠨ ᠲᠣᠭᠣᠷᠢᠨ᠎ᠨᠢ ᠠᠵᠢᠯᠯᠠᠬᠤ ᠲᠠᠶ᠋ᠢᠰᠠ᠂ ᠲᠣᠭᠲᠠᠮᠠᠯ ᠳᠤᠯᠠᠭ᠋ᠠᠨ᠂ ᠲᠣᠭᠲᠠᠮᠠᠯ ᠴᠢᠭᠢᠭᠲᠦᠴᠡ ᠵᠢᠨ ᠨᠥᠬᠥᠴᠡᠯ᠎ᠢ ᠪᠦᠷᠢᠯᠳᠦᠭᠦᠯᠵᠦ᠂ ᠱᠠᠭ᠋ᠠᠷᠳᠠᠯᠭ᠎ᠠ᠎ᠳᠤ ᠨᠡᠶ᠋ᠢᠴᠡᠭᠰᠡᠨ ᠡᠯᠧᠺᠲᠷᠣᠨ ᠲᠡᠩᠨᠡᠭᠦᠷ᠂ ᠨᠠᠬᠢᠶ᠎ᠠ ᠪᠤᠢ᠌ᠵᠢᠭᠤᠯᠬᠤ ᠬᠠᠶ᠋ᠢᠷᠴᠠᠭ᠂ ᠴᠢᠬᠢ ᠮᠣᠳᠣ ᠰᠢᠯᠭ᠋ᠠᠨ ᠪᠠᠶ᠋ᠢᠴᠠᠭ᠋ᠠᠬᠤ ᠪᠠᠭ᠋ᠠᠵᠢ ᠬᠡᠷᠡᠭᠰᠡᠯ᠎ᠤᠨ ᠭᠦᠶᠦᠪᠦᠷᠢᠲᠦ ᠺᠠᠷᠲ᠎ᠤᠨ ᠱᠤᠭᠤᠮ ᠵᠢᠴᠢ ᠪᠣᠯᠣᠳ ᠣᠷᠢᠶᠠᠮᠠᠯ ᠱᠤᠭᠤᠮ ᠬᠤᠳᠠᠯᠳᠤᠨ ᠠᠪᠬᠤ ᠵᠢᠨ ᠬᠠᠮᠲᠤ᠂ ᠰᠢᠯᠭ᠋ᠠᠨ ᠪᠠᠶ᠋ᠢᠴᠠᠭ᠋ᠠᠵᠤ ᠰᠢᠯᠭ᠋ᠠᠨ ᠬᠡᠮᠵᠢᠬᠦ ᠬᠡᠮᠵᠢᠭᠦᠷᠯᠢᠭ ᠲᠥᠬᠥᠭᠡᠷᠦᠮᠵᠢ ᠵᠢ ᠰᠢᠯᠭ᠋ᠠᠨ ᠲᠣᠭᠲᠠᠭ᠋ᠠᠬᠤ ᠬᠡᠷᠡᠭᠲᠡᠶ᠃ ᠬᠣᠶᠠᠷ᠎ᠲᠤ᠂ 《ᠣᠶ ᠮᠣᠳᠣᠨ᠎ᠤ ᠦᠷ᠎ᠡ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠠᠷᠭ᠎ᠠ》᠎ᠪᠠᠷ ᠯᠠᠪᠯᠠᠯᠲᠠ ᠪᠣᠯᠭ᠋ᠠᠵᠤ᠂ ᠦᠢ᠍ᠯᠡᠳᠪᠦᠷᠢᠯᠡᠯ ᠡᠵᠡᠩᠨᠡᠯᠲᠡ ᠵᠢᠨ ᠲᠠᠩᠰᠠ ᠡᠪᠬᠡᠮᠡᠯ᠎ᠤᠨ ᠬᠠᠮᠢᠶᠠᠷᠤᠯᠲᠠ ᠵᠢ ᠴᠢᠩᠭ᠋ᠠᠳᠬᠠᠨ᠂ ᠦᠷ᠎ᠡ᠂ ᠴᠢᠬᠢ ᠮᠣᠳᠣ ᠵᠢᠨ ᠪᠠᠢ᠌ᠴᠠᠭ᠋ᠠᠯᠳᠠ ᠵᠢ ᠰᠠᠶ᠋ᠢᠲᠤᠷ ᠬᠢᠵᠦ᠂ ᠠᠩᠬᠠᠨ᠎ᠤ ᠲᠡᠮᠳᠡᠭᠯᠡᠯ᠎ᠤᠨ ᠬᠦᠰᠦᠨᠦᠭᠲᠦ ᠵᠢ ᠲᠠᠭᠯᠠᠬᠤ ᠵᠢᠨ ᠬᠠᠮᠲᠤ ᠲᠠᠩᠰᠠ ᠡᠪᠬᠡᠮᠡᠯ᠎ᠢ ᠦᠯᠡᠳᠡᠭᠡᠨ ᠬᠠᠳᠠᠭ᠋ᠠᠯᠠᠵᠤ᠂ ᠦᠷ᠎ᠡ᠂ ᠴᠢᠬᠢ ᠮᠣᠳᠣ ᠵᠢᠨ ᠪᠠᠢ᠌ᠴᠠᠭ᠋ᠠᠯᠳᠠ ᠵᠢᠨ ᠦᠷ᠎ᠡ ᠳ᠋ᠦᠩ ᠵᠢᠴᠢ ᠦᠷ᠎ᠡ᠂ ᠴᠢᠬᠢ ᠮᠣᠳᠣᠨ᠎ᠤ ᠱᠣᠰᠢᠭ᠎ᠠ ᠲᠡᠮᠳᠡᠭ ᠪᠣᠯᠭ᠋ᠠᠨ ᠲᠠᠭᠯᠠᠨ᠎ᠠ᠃ ᠭᠤᠷᠪᠠ᠎ᠳᠤ᠂ ᠳᠠᠩᠰᠠ ᠡᠪᠬᠡᠮᠡᠯ᠎ᠳᠤ ᠳᠤᠲᠠᠭᠳᠠᠵᠤ ᠪᠠᠶ᠋ᠢᠭ᠎ᠠ ᠮᠡᠷᠭᠡᠵᠢᠯ᠎ᠤᠨ ᠪᠠᠷᠢᠮᠵᠢᠶ᠎ᠠ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠪᠢᠴᠢᠭ ᠮᠠᠲᠸᠷᠢᠶᠠᠯ᠎ᠢ ᠨᠥᠬᠥᠪᠥᠷᠢᠯᠡᠬᠦ ᠬᠡᠷᠡᠭᠲᠡᠶ᠃ ᠳᠥᠷᠪᠡ᠎ᠳᠤ 《ᠣᠶ ᠮᠣᠳᠣᠨ᠎ᠤ ᠦᠷ᠎ᠡ ᠵᠢᠨ ᠪᠣᠭᠣᠳᠠᠯ ᠪᠠᠭᠯᠠᠭ᠎ᠠ ᠪᠣᠯᠤᠨ ᠱᠣᠰᠢᠭ᠎ᠠ ᠲᠡᠮᠳᠡᠭ᠎ᠤᠨ ᠬᠠᠮᠢᠶᠠᠷᠤᠯᠲᠠ ᠵᠢᠨ ᠠᠷᠭ᠎ᠠ》᠎ᠪᠠᠷ ᠯᠠᠪᠯᠠᠯᠲᠠ ᠪᠣᠯᠭ᠋ᠠᠨ᠂ ᠦᠷ᠎ᠡ ᠴᠢᠬᠢ ᠵᠢᠨ ᠱᠣᠰᠢᠭ᠎ᠠ ᠲᠡᠮᠳᠡᠭ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠱᠣᠰᠢᠭ᠎ᠠ ᠲᠡᠮᠳᠡᠭ᠎ᠤᠨ ᠠᠭᠤᠯᠭ᠎ᠠ ᠵᠢ ᠪᠢᠴᠢᠬᠦ ᠠᠵᠢᠯ᠎ᠢ ᠵᠢᠷᠤᠮᠵᠢᠭᠤᠯᠬᠤ ᠬᠡᠷᠡᠭᠲᠡᠶ᠃

     ᠲᠠᠨ᠎ᠤ ᠺᠣᠮᠫᠠᠨᠢ ᠲᠣᠰ ᠮᠡᠳᠡᠭᠳᠡᠯ᠎ᠤᠨ ᠪᠢᠴᠢᠭ᠎ᠢ ᠣᠯᠤᠭᠰᠠᠨ ᠡᠳᠦᠷ᠎ᠠᠴᠠ ᠡᠬᠢᠯᠡᠨ 30 ᠡᠳᠦᠷ᠎ᠤᠨ ᠳᠣᠲᠣᠷ᠎ᠠ ᠴᠡᠭᠴᠡᠯᠡᠨ ᠵᠠᠰᠠᠵᠤ ᠳᠠᠭᠤᠰᠬᠠᠬᠤ ᠵᠢᠨ ᠬᠠᠮᠲᠤ ᠮᠠᠨ᠎ᠤ ᠲᠣᠪᠴᠢᠶ᠎ᠠ᠎ᠳᠤ ᠴᠡᠭᠴᠡᠯᠡᠨ ᠵᠠᠰᠠᠭᠰᠠᠨ ᠮᠡᠳᠡᠭᠦᠯᠦᠯᠲᠡ᠎ᠪᠠᠨ ᠮᠡᠳᠡᠭᠦᠯᠦᠨ ᠬᠦᠷᠭᠡᠬᠦ ᠬᠡᠷᠡᠭᠲᠡᠶ᠃ ᠬᠡᠷᠪᠡ ᠤᠨᠳᠤᠤ ᠰᠠᠨᠠᠯ᠎ᠲᠠᠢ ᠪᠣᠯ᠂ ᠲᠣᠰ ᠮᠡᠳᠡᠭᠳᠡᠬᠦ ᠪᠢᠴᠢᠭ᠎ᠢ ᠣᠯᠤᠭᠰᠠᠨ ᠡᠳᠦᠷ᠎ᠠᠴᠠ ᠡᠬᠢᠯᠡᠨ 15 ᠡᠳᠦᠷ᠎ᠤᠨ ᠳᠣᠲᠣᠷ᠎ᠠ᠂ ᠮᠠᠨ᠎ᠤ ᠲᠣᠪᠴᠢᠶ᠎ᠠ᠎ᠳᠤ ᠳᠠᠬᠢᠨ ᠪᠠᠶ᠋ᠢᠴᠠᠭ᠋ᠠᠯᠭ᠋ᠠᠬᠤ᠎ᠪᠠᠷ ᠭᠤᠶᠤᠴᠢᠯᠠᠭ᠋ᠠᠷᠠᠶ᠃
        

             2024 ᠣᠨ᠎ᠤ 8 ᠰᠠᠷ᠎ᠠ ᠵᠢᠨ 2᠎ᠤᠨ ᠡᠳᠦᠷ

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢ ᠳᠡᠮᠵᠢᠵᠤ ᠱᠠᠩᠨᠠᠬᠤ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ (ᠲᠦᠷ ᠬᠡᠷᠡᠭᠵᠢᠭᠦᠯᠬᠦ)》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢ ᠳᠡᠮᠵᠢᠵᠤ ᠱᠠᠩᠨᠠᠬᠤ ᠪᠡᠯᠡ ᠮᠥᠩᠭᠥ ᠵᠢᠨ ᠦᠷ᠎ᠡ ᠪᠦᠲᠦᠮᠵᠢ ᠵᠢ ᠬᠢᠨᠠᠨ ᠰᠢᠯᠭ᠋ᠠᠬᠤ ᠠᠷᠭ᠎ᠠ (ᠲᠦᠷ ᠬᠡᠷᠡᠭᠵᠢᠭᠦᠯᠬᠦ)》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠡᠳ᠋᠎ᠤᠨ ᠵᠠᠰᠠᠭ᠎ᠤᠨ ᠲᠢᠩᠬᠢᠮ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠤᠨ ᠮᠡᠳᠡᠭᠳᠡᠯ
2024 ᠣᠨ᠎ᠤ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠠᠵᠤ ᠠᠬᠤᠶ᠋ᠢᠯᠠᠯ᠎ᠤᠨ ᠳᠡᠭᠡᠳᠦ ᠲᠠᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠴᠢᠳᠠᠪᠤᠷᠢᠲᠠᠨ᠎ᠢ ᠤᠷᠢᠨ ᠬᠦᠮᠦᠵᠢᠬᠦᠯᠬᠦ ᠵᠢ ᠱᠠᠩᠨᠠᠬᠤ ᠲᠥᠷᠥᠯ ᠵᠦᠢ᠍ᠯ᠎ᠢ ᠳᠠᠭ᠋ᠠᠭ᠋ᠠᠴᠢᠯᠠᠭᠰᠠᠨ ᠨᠢᠭᠡᠴᠡ ᠵᠢ ᠲᠠᠨᠢᠯᠴᠠᠭᠤᠯᠬᠤ ᠲᠤᠬᠠᠶ ᠵᠠᠷᠯᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠠᠵᠤ ᠦᠢᠯᠡᠰᠵᠢᠭᠰᠡᠨ ᠭᠤᠤᠯᠳᠠᠯᠭ᠎ᠠ᠎ᠲᠠᠢ ᠳᠠᠭ᠋ᠠᠭᠤᠯᠤᠭᠴᠢ ᠠᠵᠤ ᠠᠬᠤᠶ᠋ᠢᠯᠠᠯ᠎ᠢ ᠮᠠᠭ᠋ᠠᠳᠯᠠᠨ ᠲᠣᠭᠲᠠᠭ᠋ᠠᠬᠤ ᠬᠠᠮᠢᠶᠠᠷᠤᠯᠲᠠ ᠵᠢᠨ ᠠᠷᠭ᠎ᠠ》 (ᠰᠠᠨᠠᠯ ᠬᠤᠷᠢᠶᠠᠬᠤ ᠨᠤᠤᠷᠠᠭ) ᠵᠢᠨ ᠰᠠᠨᠠᠯ ᠬᠤᠷᠢᠶᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠵᠠᠷ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠰᠢᠳᠬᠡᠯ ᠲᠣᠷᠭ᠋ᠠᠭᠤᠯᠢ ᠵᠢᠨ ᠴᠢᠯᠥᠭᠡᠲᠦ ᠲᠠᠰᠤᠯᠤᠯᠲᠠ ᠵᠢᠨ ᠡᠷᠬᠡ ᠵᠢᠨ ᠳᠣᠭᠢᠷᠠᠬᠤ ᠲᠦᠷᠢᠮ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠰᠢᠳᠬᠡᠯ ᠲᠣᠷᠭ᠋ᠠᠭᠤᠯᠢ ᠵᠢᠨ ᠴᠢᠯᠥᠭᠡᠲᠦ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ
2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠮᠣᠳᠣᠨ᠎ᠤ ᠡᠭᠦᠯᠳᠡᠷ᠎ᠤᠨ ᠬᠢᠨᠠᠨ ᠲᠤᠭᠲᠠᠭ᠋ᠠᠯᠳᠠ ᠵᠢᠨ ᠠᠩᠬ᠎ᠠ ᠬᠢᠨᠠᠭᠰᠠᠨ ᠦᠷ᠎ᠡ ᠳ᠋ᠦᠩ᠎ᠢ ᠢᠯᠡ ᠨᠡᠶ᠋ᠢᠲᠡᠯᠡᠬᠦ ᠲᠤᠬᠠᠶ ᠮᠡᠳᠡᠭᠳᠡᠯ
 
             蒙ICP备05000248号