ᠬᠤᠯᠪᠣᠭᠳᠠᠯ ᠪᠦᠬᠦᠢ ᠨᠢᠭᠡᠴᠢ᠎ᠨᠦᠭᠦᠳ᠄
《ᠦᠷ᠎ᠡ ᠵᠢᠨ ᠬᠠᠤᠯᠢ》 《ᠭᠤᠣᠯ ᠪᠣᠯᠬᠤ ᠲᠠᠷᠢᠮᠠᠯ᠎ᠤᠨ ᠡᠭᠦᠯᠳᠡᠷ᠎ᠢ ᠬᠢᠨᠠᠨ ᠲᠣᠭᠲᠠᠭ᠋ᠠᠬᠤ ᠠᠷᠭ᠎ᠠ》 ᠵᠢᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠡᠳᠦᠭᠡ 2024 ᠣᠨ᠎ᠤ ᠭᠤᠣᠯ ᠪᠣᠯᠬᠤ ᠲᠠᠷᠢᠮᠠᠯ᠎ᠤᠨ ᠡᠭᠦᠯᠳᠡᠷ᠎ᠢ ᠬᠢᠨᠠᠨ ᠲᠣᠭᠲᠠᠭ᠋ᠠᠯᠭ᠋ᠠᠬᠤ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠬᠦ ᠬᠤᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ᠃
ᠨᠢᠭᠡ᠂ ᠭᠤᠶᠤᠴᠢᠯᠠᠬᠤ ᠮᠠᠲ᠋ᠧᠷᠢᠶᠠᠯ
ᠭᠤᠶᠤᠴᠢᠯᠠᠭᠴᠢ ᠳᠣᠣᠷᠠᠬᠢ ᠮᠠᠲ᠋ᠧᠷᠢᠶᠠᠯ᠎ᠤᠳ᠎ᠢ ᠲᠤᠰᠢᠶᠠᠨ᠎ᠠ᠄
1. ᠭᠤᠶᠤᠴᠢᠯᠠᠯ᠎ᠤᠨ ᠪᠢᠴᠢᠭ᠃ ᠭᠤᠶᠤᠴᠢᠯᠠᠯ᠎ᠤᠨ ᠪᠢᠴᠢᠭ᠎ᠤᠨ ᠬᠡᠯᠪᠡᠷᠢ ᠮᠠᠶᠢᠭ (ᠳᠠᠭ᠋ᠠᠯᠳᠤᠭᠤᠯᠤᠯ 1) ᠶᠣᠰᠣᠭ᠋ᠠᠷ᠂ ᠬᠠᠮᠢᠶ᠎ᠠ ᠪᠦᠬᠦᠢ ᠠᠭᠤᠯᠭ᠎ᠠ ᠵᠢ ᠲᠠᠭᠯᠠᠨ ᠮᠡᠳᠡᠭᠦᠯᠬᠦ ᠬᠡᠷᠡᠭᠲᠡᠢ (ᠡᠭᠦᠨ᠎ᠳᠤ ᠲᠥᠷᠥᠯ ᠵᠦᠢ᠍ᠯ᠎ᠢ ᠰᠣᠩᠭᠤᠨ ᠪᠣᠶ᠋ᠢᠵᠢᠭᠤᠯᠤᠭᠰᠠᠨ ᠪᠠᠶ᠋ᠢᠳᠠᠯ᠎ᠤᠨ ᠲᠣᠶ᠋ᠢᠮᠣᠴᠢᠯᠠᠯ᠎ᠨᠢ ᠪᠥᠬᠦ ᠲᠠᠯ᠎ᠠ ᠵᠢᠨ᠂ ᠨᠠᠷᠢᠨ ᠲᠣᠳᠣᠷᠬᠠᠢ ᠪᠠᠶ᠋ᠢᠬᠤ ᠬᠡᠷᠡᠭᠲᠡᠢ᠂ ᠢᠯᠠᠩᠭᠤᠶ᠎ᠠ ᠡᠴᠢᠭᠡ ᠡᠬᠡ ᠪᠡᠶ᠎ᠡ ᠵᠢᠨ ᠢᠷᠡᠯᠲᠡ ᠵᠢ ᠵᠠᠪᠠᠯ ᠲᠣᠳᠣᠷᠬᠠᠢ ᠲᠣᠭ᠋ᠠᠴᠢᠬᠤ ᠬᠡᠷᠡᠭᠲᠡᠢ)᠃ ᠡᠭᠦᠯᠳᠡᠷ᠎ᠤᠨ ᠲᠤᠷᠰᠢᠯᠲᠠ ᠵᠢᠨ ᠲᠤᠭ᠎ᠠ ᠪᠠᠷᠢᠮᠲᠠ ᠵᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ᠎ᠤᠨ ᠠᠯᠪᠠᠨ ᠰᠦᠯᠵᠢᠶ᠎ᠡ ᠪᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠭᠦᠯᠳᠡᠷ᠎ᠤᠨ ᠦᠢ᠍ᠯᠡᠰ᠎ᠤᠨ ᠮᠡᠳᠡᠭᠡ ᠵᠠᠩᠭᠢ ᠵᠢᠨ ᠰᠦᠯᠵᠢᠶ᠎ᠡ ᠵᠢᠨ ᠨᠡᠶ᠋ᠢᠲᠡᠯᠡᠭᠰᠡᠨ ᠠᠭᠤᠯᠭ᠎ᠠ ᠵᠢᠨ ᠶᠣᠰᠣᠭ᠋ᠠᠷ ᠲᠠᠭᠯᠠᠨ ᠮᠡᠳᠡᠭᠦᠯᠵᠦ᠂ ᠪᠡᠶ᠎ᠡ᠎ᠪᠠᠨ ᠳᠠᠭ᠋ᠠᠭ᠋ᠠᠭᠰᠠᠨ ᠲᠤᠷᠰᠢᠯᠲᠠ ᠵᠢᠨ ᠲᠤᠭ᠎ᠠ ᠪᠠᠷᠢᠮᠲᠠ ᠵᠢ ᠭᠤᠶᠤᠴᠢᠯᠠᠭᠴᠢ᠎ᠠᠴᠠ ᠬᠠᠩᠭ᠋ᠠᠬᠤ ᠵᠢᠨ ᠬᠠᠮᠲᠤ ᠦᠨᠡᠨ ᠪᠤᠲᠠᠲᠠᠢ ᠪᠠᠶ᠋ᠢᠬᠤ᠎ᠳᠤ ᠬᠠᠷᠢᠭᠤᠴᠠᠯᠭ᠎ᠠ ᠡᠷᠭᠦᠭᠡᠯᠡᠬᠦ ᠬᠡᠷᠡᠭᠲᠡᠢ᠃
2. ᠶᠠᠰᠤ ᠴᠢᠨᠠᠷ᠂ ᠡᠰᠡᠷᠭᠦᠴᠡᠬᠦ ᠴᠢᠨᠠᠷ᠎ᠤᠨ ᠬᠢᠨᠠᠨ ᠲᠣᠭᠲᠠᠭ᠋ᠠᠯᠲᠠ ᠪᠠ ᠭᠧᠨ ᠬᠤᠪᠢᠷᠠᠭᠤᠯᠤᠭᠰᠠᠨ ᠰᠢᠯᠭ᠋ᠠᠨ ᠪᠠᠶ᠋ᠢᠴᠠᠭ᠋ᠠᠯᠲᠠ ᠵᠢᠨ ᠮᠡᠳᠡᠭᠦᠯᠦᠯᠲᠡ᠃ ᠭᠤᠶᠤᠴᠢᠯᠠᠭᠴᠢ᠎ᠳᠤ ᠶᠠᠰᠤ ᠴᠢᠨᠠᠷ᠂ ᠡᠰᠡᠷᠭᠦᠴᠡᠬᠦ ᠴᠢᠨᠠᠷ᠎ᠤᠨ ᠬᠢᠨᠠᠨ ᠲᠣᠭᠲᠠᠭ᠋ᠠᠯᠲᠠ᠂ ᠭᠧᠨ ᠬᠤᠪᠢᠷᠠᠭᠤᠯᠤᠭᠰᠠᠨ ᠰᠢᠯᠭ᠋ᠠᠨ ᠪᠠᠶ᠋ᠢᠴᠠᠭ᠋ᠠᠯᠲᠠ ᠵᠡᠷᠭᠡ ᠵᠢᠨ ᠮᠡᠳᠡᠭᠦᠯᠦᠯᠲᠡ ᠵᠢᠨ ᠤᠭ ᠮᠠᠲ᠋ᠧᠷᠢᠶᠠᠯ᠎ᠲᠠᠢ ᠪᠠᠶ᠋ᠢᠪᠠᠯ᠂ ᠥᠪᠡᠷ ᠵᠶ᠋ᠠᠨ ᠲᠠᠭᠯᠠᠨ ᠮᠡᠳᠡᠭᠦᠯᠬᠦ ᠪᠥᠭᠡᠳ ᠮᠡᠳᠡᠭᠦᠯᠦᠯᠲᠡ᠎ᠪᠠᠨ ᠬᠠᠩᠭ᠋ᠠᠨ᠎ᠠ; ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠢ ᠵᠣᠬᠢᠶᠠᠨ ᠪᠠᠶ᠋ᠢᠭᠤᠯᠵᠤ ᠪᠠᠶ᠋ᠢᠴᠠᠭ᠋ᠠᠨ ᠰᠢᠯᠭ᠋ᠠᠭᠰᠠᠨ ᠪᠠᠶ᠋ᠢᠪᠠᠯ᠂ ᠲᠤᠷᠰᠢᠯᠲᠠ ᠵᠢ ᠵᠣᠬᠢᠶᠠᠨ ᠪᠠᠶ᠋ᠢᠭᠤᠯᠤᠭᠰᠠᠨ ᠨᠢᠭᠡᠴᠢ ᠵᠢᠨ ᠬᠠᠩᠭ᠋ᠠᠭᠰᠠᠨ ᠮᠡᠳᠡᠭᠦᠯᠦᠯᠲᠡ ᠵᠢᠨ ᠶᠣᠰᠣᠭ᠋ᠠᠷ ᠲᠠᠭᠯᠠᠨ ᠮᠡᠳᠡᠭᠦᠯᠬᠦ ᠬᠡᠷᠡᠭᠲᠡᠢ᠃
3. ᠥᠪᠡᠷᠮᠢᠴᠡ ᠴᠢᠨᠠᠷ᠂ ᠨᠢᠭᠡᠳᠦᠯᠲᠦ ᠴᠢᠨᠠᠷ᠂ ᠲᠣᠭᠲᠠᠪᠤᠷᠢᠲᠤ ᠴᠢᠨᠠᠷ᠎ᠤᠨ ᠰᠢᠯᠭ᠋ᠠᠯᠲᠠ ᠵᠢᠨ ᠮᠡᠳᠡᠭᠦᠯᠦᠯᠲᠡ᠃ 《ᠮᠠᠨ᠎ᠤ ᠣᠷᠣᠨ᠎ᠤ ᠭᠤᠣᠯ ᠪᠣᠯᠬᠤ ᠲᠠᠷᠢᠮᠠᠯ᠎ᠤᠨ ᠡᠭᠦᠯᠳᠡᠷ᠎ᠢ ᠬᠢᠨᠠᠨ ᠲᠣᠭᠲᠠᠭ᠋ᠠᠬᠤ ᠵᠢᠨ ᠥᠪᠡᠷᠮᠢᠴᠡ ᠴᠢᠨᠠᠷ ᠨᠢᠭᠡᠳᠦᠯᠲᠦ ᠴᠢᠨᠠᠷ ᠲᠣᠭᠲᠠᠪᠤᠷᠢᠲᠤ ᠴᠢᠨᠠᠷ᠎ᠤᠨ ᠰᠣᠷᠢᠯᠲᠠ ᠵᠢᠨ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ》 (ᠥᠪᠥᠷ ᠲᠠᠷᠢᠶᠠᠯᠠᠩ᠎ᠤᠨ ᠡᠭᠦᠯᠳᠡᠷ᠎ᠤᠨ ᠥᠷᠲᠡᠭᠡ ᠵᠢᠨ ᠪᠦᠲᠦᠭᠡᠭᠳᠡᠬᠦᠨ ᠬᠠᠮᠢᠶᠠᠷᠤᠯᠲᠠ ᠲᠠᠷᠬᠠᠭ᠋ᠠᠭᠰᠠᠨ 【2017】8 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ᠂ DUS ᠰᠣᠷᠢᠯᠲᠠ ᠵᠢᠨ ᠮᠡᠳᠡᠭᠦᠯᠦᠯᠲᠡ (ᠨᠠᠭ᠋ᠠᠲᠤ ᠵᠠᠬ᠎ᠠ᠎ᠳᠠᠭᠠᠨ ᠨᠢᠭᠡ ᠬᠤᠪᠢ ᠤᠭ ᠮᠠᠲ᠋ᠧᠷᠢᠶᠠᠯ᠎ᠢ ᠬᠠᠩᠭ᠋ᠠᠨ᠎ᠠ) ᠵᠢ ᠬᠠᠩᠭ᠋ᠠᠨ᠎ᠠ᠃
4. ᠭᠤᠶᠤᠴᠢᠯᠠᠬᠤ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠤᠨ ᠠᠮᠠᠯᠠᠯᠲᠠ ᠵᠢᠨ ᠪᠢᠴᠢᠭ (ᠳᠠᠭ᠋ᠠᠯᠳᠤᠭᠤᠯᠤᠯ 2)᠃
5. ᠭᠧᠨ ᠬᠤᠪᠢᠷᠠᠭᠤᠯᠤᠭᠰᠠᠨ ᠪᠤᠰᠤ ᠠᠮᠠᠯᠠᠯᠲᠠ ᠵᠢᠨ ᠪᠢᠴᠢᠭ (ᠳᠠᠭ᠋ᠠᠯᠳᠤᠭᠤᠯᠤᠯ 3) (ᠡᠷᠳᠡᠨᠢ ᠰᠢᠰᠢ᠂ ᠰᠢᠷ᠎ᠠ ᠪᠤᠷᠴᠠᠭ᠂ ᠤᠰᠤᠨ ᠲᠤᠲᠤᠷᠭ᠎ᠠ ᠵᠢᠨ ᠲᠦᠷᠦᠯ ᠵᠦᠢ᠍ᠯ᠎ᠳᠤ 2023 ᠣᠨ᠎ᠳᠤ ᠨᠢᠭᠡᠨᠲᠡ ᠭᠧᠨ ᠬᠤᠪᠢᠷᠠᠭᠤᠯᠤᠭᠰᠠᠨ ᠪᠦᠷᠢᠯᠳᠦᠭᠦᠨ᠎ᠤ ᠪᠠᠶ᠋ᠢᠴᠠᠭ᠋ᠠᠨ ᠬᠡᠮᠵᠢᠯᠲᠡ ᠵᠢ ᠨᠢᠭᠡᠳᠦᠯᠲᠡᠢ ᠬᠢᠭᠰᠡᠨ ᠪᠣᠯᠬᠤᠷ ᠭᠧᠨ ᠬᠤᠪᠢᠷᠠᠭᠤᠯᠤᠭᠰᠠᠨ ᠪᠠᠶ᠋ᠢᠴᠠᠭ᠋ᠠᠨ ᠬᠡᠮᠵᠢᠯᠲᠡ ᠵᠢᠨ ᠮᠡᠳᠡᠭᠦᠯᠦᠯᠲᠡ ᠵᠢ ᠬᠠᠩᠭ᠋ᠠᠬᠤ ᠴᠢᠬᠤᠯᠠᠲᠠᠢ; ᠪᠤᠭᠤᠳᠠᠢ ᠵᠡᠷᠭᠡ ᠲᠦᠷᠦᠯ ᠵᠦᠢ᠍ᠯ᠎ᠳᠤ ᠠᠮᠠᠯᠠᠯᠲᠠ ᠵᠢᠨ ᠪᠢᠴᠢᠭ ᠬᠠᠩᠭ᠋ᠠᠨ᠎ᠠ)᠃
ᠬᠤᠶᠠᠷ᠂ ᠮᠡᠳᠡᠭᠦᠯᠬᠦ ᠴᠤᠪᠤᠷᠠᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠣᠷ (http://zwfw.nmg.gov.cn)᠎ᠲᠤ ᠭᠠᠷᠴᠤ᠂ ᠰᠠᠯᠠᠭ᠎ᠠ ᠮᠥᠴᠢᠷ — ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ — ᠵᠠᠰᠠᠭ ᠵᠠᠬᠢᠷᠭ᠋ᠠᠨ᠎ᠤ ᠨᠤᠲᠠᠯᠠᠯᠲᠠ ᠵᠢ ᠲᠣᠪᠴᠢᠳᠠᠨ᠂ ᠭᠤᠣᠯ ᠪᠣᠯᠬᠤ ᠲᠠᠷᠢᠮᠠᠯ᠎ᠤᠨ ᠡᠭᠦᠯᠳᠡᠷ᠎ᠢ ᠬᠢᠨᠠᠨ ᠲᠣᠭᠲᠠᠭ᠋ᠠᠬᠤ ᠠᠵᠢᠯ᠎ᠤᠨ ᠵᠢᠭ᠋ᠠᠯᠲᠠ ᠶᠣᠰᠣᠭ᠋ᠠᠷ ᠬᠠᠮᠢᠶ᠎ᠠ ᠪᠦᠬᠦᠢ ᠮᠠᠲ᠋ᠧᠷᠢᠶᠠᠯ (word ᠬᠡᠪᠯᠡᠯ)᠎ᠢ ᠳᠡᠭᠡᠭᠰᠢ ᠳᠠᠮᠵᠢᠭᠤᠯᠤᠨ᠎ᠠ᠃ ᠡᠰᠡᠷᠭᠦᠴᠡᠬᠦ ᠴᠢᠨᠠᠷ᠂ ᠶᠠᠰᠤ ᠴᠢᠨᠠᠷ᠂ ᠭᠧᠨ ᠰᠢᠯᠵᠢᠭᠦᠯᠦᠭᠰᠡᠨ ᠵᠡᠷᠭᠡ ᠪᠠᠶ᠋ᠢᠴᠠᠭ᠋ᠠᠨ ᠰᠢᠯᠭ᠋ᠠᠭᠰᠠᠨ ᠦᠷ᠎ᠡ ᠳ᠋ᠦᠩ᠎ᠳᠤ ᠪᠠᠶ᠋ᠢᠴᠠᠭ᠋ᠠᠨ ᠰᠢᠯᠭ᠋ᠠᠭᠰᠠᠨ ᠮᠡᠳᠡᠭᠦᠯᠦᠯᠲᠡ ᠵᠢᠨ ᠰᠢᠷᠪᠢᠯᠲᠡ ᠵᠢᠨ ᠮᠠᠲ᠋ᠧᠷᠢᠶᠠᠯ᠎ᠢ ᠳᠠᠮᠵᠢᠭᠤᠯᠵᠤ᠂ ᠰᠢᠷᠪᠢᠯᠲᠡ ᠵᠢᠨ ᠮᠠᠲ᠋ᠧᠷᠢᠶᠠᠯ᠎ᠢ ᠣᠯᠣᠭᠰᠠᠨ ᠦᠭᠡᠢ ᠪᠣᠯ ᠲᠤᠷᠰᠢᠯᠲᠠ ᠵᠢᠨ ᠬᠠᠷᠢᠭᠤᠴᠠᠯᠭ᠋ᠠᠲᠠᠨ᠎ᠲᠠᠢ ᠬᠠᠷᠢᠯᠴᠠᠭ᠋ᠠᠷᠠᠢ᠃
ᠭᠤᠷᠪᠠ᠂ ᠪᠤᠰᠤᠳ ᠱᠠᠭ᠋ᠠᠷᠳᠠᠯᠭ᠎ᠠ
1. ᠲᠤᠰᠢᠶᠠᠭᠰᠠᠨ ᠬᠡᠷᠡᠯ ᠵᠢᠷᠤᠭ᠎ᠢ ᠬᠡᠷᠡᠯ ᠵᠢᠷᠤᠭ᠎ᠤᠨ ᠴᠠᠭ᠋ᠠᠰᠤ᠎ᠪᠠᠷ ᠳᠠᠷᠤᠮᠠᠯᠯᠠᠬᠤ ᠪᠤᠶᠤ ᠤᠬᠢᠶᠠᠵᠤ ᠭᠠᠷᠭ᠋ᠠᠭᠰᠠᠨ᠎ᠤ ᠳᠠᠷᠠᠭ᠎ᠠ A4 ᠴᠠᠭ᠋ᠠᠰᠤᠨ ᠳᠡᠭᠡᠷ᠎ᠡ ᠨᠠᠭ᠋ᠠᠵᠤ (ᠡᠰᠡᠬᠦᠯ᠎ᠡ ᠰᠢᠭᠤᠳ ᠪᠤᠳᠤᠭᠲᠤ ᠳᠠᠷᠤᠮᠠᠯᠯᠠᠬᠤ ᠮᠠᠰᠢᠨ ᠵᠶ᠋ᠠᠷ ᠳᠡᠭᠡᠳᠦ ᠢᠯᠭ᠋ᠠᠮᠵᠢ ᠵᠢᠨ ᠡᠯᠧᠮᠧᠨ᠋ᠲ᠎ᠤᠨ ᠬᠡᠷᠡᠯ ᠵᠢᠷᠤᠭ᠎ᠢ ᠳᠠᠷᠤᠮᠠᠯᠯᠠᠨ᠎ᠠ᠂ 2M᠎ᠠᠴᠠ ᠳᠡᠭᠡᠭᠰᠢ)᠂ ᠳᠣᠣᠷ᠎ᠠ ᠲᠠᠯᠠᠳᠤᠨᠢ ᠬᠡᠷᠡᠯ ᠵᠢᠷᠤᠭ᠎ᠤᠨ ᠲᠣᠳᠣᠷᠬᠠᠶ᠋ᠢᠯᠠᠯᠲᠠ ᠬᠠᠳᠠᠬᠤ ᠬᠡᠷᠡᠭᠲᠡᠢ᠃
2. ᠭᠤᠶᠤᠴᠢᠯᠠᠭᠰᠠᠨ ᠨᠢᠭᠡᠴᠢ ᠪᠠ ᠰᠣᠩᠭᠤᠨ ᠪᠣᠶ᠋ᠢᠵᠢᠭᠤᠯᠬᠤ ᠨᠢᠭᠡᠴᠢ ᠵᠢᠨ ᠭᠠᠵᠠᠷ᠎ᠲᠤ ᠴᠥᠮ ᠠᠯᠪᠠᠨ ᠲᠠᠮᠠᠭ᠎ᠠ ᠳᠠᠷᠤᠬᠤ ᠬᠡᠷᠡᠭᠲᠡᠢ᠃
3. ᠭᠤᠶᠤᠴᠢᠯᠠᠭᠰᠠᠨ ᠨᠢᠭᠡᠴᠢ ᠪᠣᠯᠣᠨ ᠲᠦᠷᠦᠯ ᠵᠦᠢ᠍ᠯ᠎ᠤᠨ ᠰᠢᠯᠭ᠋ᠠᠯᠲᠠ᠎ᠳᠤ ᠣᠷᠣᠯᠴᠠᠭᠰᠠᠨ ᠨᠢᠭᠡᠴᠢ᠎ᠨᠢ ᠨᠢᠭᠡᠳᠦᠯ ᠦᠭᠡᠢ ᠪᠠᠶ᠋ᠢᠪᠠᠯ᠂ ᠲᠦᠷᠦᠯ ᠵᠦᠢ᠍ᠯ᠎ᠤᠨ ᠰᠢᠯᠭ᠋ᠠᠯᠲᠠ᠎ᠳᠤ ᠣᠷᠣᠯᠴᠠᠭᠰᠠᠨ ᠨᠢᠭᠡᠴᠢ ᠵᠢᠨ ᠭᠠᠷᠭ᠋ᠠᠭᠰᠠᠨ ᠪᠠᠶ᠋ᠢᠳᠠᠯ᠎ᠤᠨ ᠲᠣᠳᠣᠷᠬᠠᠶ᠋ᠢᠯᠠᠯᠲᠠ (ᠤᠭ ᠮᠠᠲ᠋ᠧᠷᠢᠶᠠᠯ᠎ᠢ ᠬᠠᠩᠭ᠋ᠠᠨ᠎ᠠ) ᠵᠢ ᠬᠠᠩᠭ᠋ᠠᠬᠤ ᠴᠢᠬᠤᠯᠠᠲᠠᠢ᠃
ᠳᠥᠷᠪᠡ᠂ ᠬᠠᠷᠢᠯᠴᠠᠬᠤ ᠠᠷᠭ᠎ᠠ ᠮᠠᠶᠢᠭ
1. ᠴᠠᠭ᠋ᠠᠰᠤᠨ ᠮᠠᠲ᠋ᠧᠷᠢᠶᠠᠯ᠎ᠢ ᠲᠡᠪᠳᠡᠷᠯᠡᠨ ᠬᠠᠳᠠᠵᠦ᠂ ᠠᠳᠠᠯᠢᠬᠠᠨ ᠬᠤᠶᠠᠷ ᠬᠤᠪᠢ ᠲᠤᠰᠢᠶᠠᠨ᠎ᠠ᠃
ᠰᠢᠤᠳᠠᠨ ᠵᠶ᠋ᠠᠷ ᠶᠠᠪᠤᠭᠤᠯᠬᠤ ᠬᠠᠶᠢᠭ᠄ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠴᠡᠯᠡᠭᠡᠷ ᠲᠠᠯ᠎ᠠ ᠶᠡᠭᠡ ᠵᠡᠭᠡᠯᠢ ᠵᠢᠨ 6 ᠳ᠋ᠤᠭ᠋ᠠᠷ ᠨᠣᠮᠧᠷ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ 12 ᠳ᠋ᠤᠭ᠋ᠠᠷ ᠳᠠᠪᠬᠤᠷᠯᠢᠭ᠎ᠤᠨ ᠴᠣᠩᠬᠤ᠃
2. ᠭᠤᠶᠤᠴᠢᠯᠠᠯ᠎ᠤᠨ ᠪᠢᠴᠢᠭ (word ᠬᠡᠪᠯᠡᠯ)᠎ᠤᠨ ᠡᠯᠧᠺᠳ᠋ᠷᠣᠨ ᠬᠡᠪᠯᠡᠯ᠎ᠢ pinzhong2023@126.com᠎ᠳᠤ ᠬᠦᠷᠭᠡᠨ᠎ᠡ;
ᠨᠡᠷᠡᠶ᠋ᠢᠳᠬᠦ ᠬᠡᠯᠪᠡᠷᠢ᠎ᠨᠢ᠄ ᠲᠠᠷᠢᠮᠠᠯ᠎ᠤᠨ ᠲᠥᠷᠥᠯ ᠵᠦᠢ᠍ᠯ + ᠪᠦᠯᠦᠭ᠎ᠤᠨ ᠢᠯᠭ᠋ᠠᠯ + ᠲᠥᠷᠥᠯ ᠵᠦᠢ᠍ᠯ᠎ᠤᠨ ᠨᠡᠷᠡᠶ᠋ᠢᠳᠦᠯ + ᠭᠤᠶᠤᠴᠢᠯᠠᠭᠰᠠᠨ ᠨᠢᠭᠡᠴᠡ ᠵᠢᠨ ᠨᠡᠷᠡᠶ᠋ᠢᠳᠦᠯ᠃
3. ᠲᠤᠬᠠᠶ᠋ᠢᠯᠠᠭᠰᠠᠨ ᠠᠵᠢᠯ᠎ᠤᠨ ᠯᠠᠪᠯᠠᠯᠭ᠎ᠠ᠄ ᠡᠷᠳᠡᠨᠢ ᠰᠢᠰᠢ᠄ ᠵᠠᠩ ᠫᠧᠩ ᠢᠦᠢ ᠯᠢ ᠰᠢᠨ; ᠪᠤᠭᠤᠳᠠᠢ᠂ ᠤᠰᠤᠨ ᠲᠤᠲᠤᠷᠭ᠎ᠠ᠄ ᠰᠦᠨ ᠢᠦᠢ ᠶᠠᠨ; ᠰᠢᠷ᠎ᠠ ᠪᠤᠷᠴᠠᠭ᠂ ᠬᠥᠪᠥᠩ᠄ ᠹᠦ᠋ ᠰᠢᠶᠣᠣ ᠬᠤᠸᠠ;
ᠬᠠᠷᠢᠯᠴᠠᠬᠤ ᠤᠲᠠᠰᠤ᠄ 0471-6285043᠃
4. ᠬᠦᠯᠢᠶᠡᠨ ᠠᠪᠴᠤ ᠰᠢᠢ᠍ᠳᠪᠦᠷᠢᠯᠡᠬᠦ ᠡᠳᠦᠷ ᠬᠤᠭᠤᠴᠠᠭ᠎ᠠ᠄ 2024 ᠣᠨ᠎ᠤ 2 ᠰᠠᠷ᠎ᠠ ᠵᠢᠨ 19᠎ᠤ ᠡᠳᠦᠷ᠃
ᠳᠠᠭ᠋ᠠᠯᠳᠤᠭᠤᠯᠤᠯ
2 ᠭᠤᠶᠤᠴᠢᠯᠠᠬᠤ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠤᠨ ᠠᠮᠠᠯᠠᠯᠲᠠ ᠵᠢᠨ ᠪᠢᠴᠢᠭ ᠳᠠᠭ᠋ᠠᠯᠳᠤᠭᠤᠯᠤᠯ
3 ᠭᠧᠨ ᠰᠢᠯᠵᠢᠭᠦᠯᠦᠭᠰᠡᠨ ᠪᠤᠰᠤ ᠡᠭᠦᠯᠳᠡᠷ᠎ᠤᠨ ᠠᠮᠠᠯᠠᠯᠲᠠ ᠵᠢᠨ ᠪᠢᠴᠢᠭ ᠳᠠᠭ᠋ᠠᠯᠳᠤᠭᠤᠯᠤᠯ
4 ᠭᠤᠶᠤᠴᠢᠯᠠᠬᠤ ᠮᠠᠲ᠋ᠧᠷᠢᠶᠠᠯ᠎ᠤᠨ ᠵᠠᠭᠪᠤᠷ ᠬᠠᠪᠲᠠᠰᠤ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ
ᠲᠠᠷᠢᠮᠠᠯ᠎ᠤᠨ ᠡᠭᠦᠯᠳᠡᠷ᠎ᠢ ᠬᠢᠨᠠᠨ ᠲᠣᠭᠲᠠᠭ᠋ᠠᠬᠤ
2024 ᠣᠨ᠎ᠤ 1 ᠰᠠᠷ᠎ᠠ ᠵᠢᠨ 26᠎ᠤ ᠡᠳᠦᠷ