2025 29
ᠲᠠᠪᠤ᠂ ᠪᠦᠲᠦᠭᠡᠭᠳᠡᠬᠦᠨᠤ ᠨᠡᠭᠦᠷᠡᠰᠦᠲᠥ᠋ᠷᠥᠭᠴᠢ ᠵᠢᠨ ᠤᠯᠠ ᠮᠥᠷᠤᠨ ᠲᠡᠮᠳᠡᠭᠢ ᠭᠡᠷᠡᠴᠢᠯᠡᠬᠦ ᠠᠵᠢᠯ ᠲᠣᠭᠲᠠᠴᠠ ᠵᠢ ᠪᠦᠷᠢᠨᠰᠢᠭᠦᠯᠦᠨ᠎ᠡ
ᠥᠪᠡᠷᠲᠡᠭᠡᠨ ᠵᠠᠰᠠᠬᠤ ᠣᠷᠣᠨᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠠᠮᠢ ᠠᠬᠤᠢ ᠣᠷᠴᠢᠨ ᠲᠣᠭᠣᠷᠢᠨ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠡᠷᠭᠡ ᠰᠠᠯᠠᠭ᠎ᠠ ᠮᠥᠴᠢᠷᠤᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠰᠠᠭᠤᠷᠢᠯᠠᠨ᠂ ᠪᠦᠭᠦ ᠣᠷᠣᠨᠤ ᠨᠢᠭᠡᠳᠦᠯᠲᠡᠢ ᠪᠥᠭᠡᠳ ᠵᠣᠬᠢᠴᠠᠩᠭᠤᠢ᠂ ᠠᠵᠢᠯ ᠤᠨ ᠬᠤᠪᠢᠶᠠᠷᠢᠯᠠᠯ ᠨᠢ ᠡᠮᠬᠢ ᠵᠢᠷᠤᠮ ᠲᠠᠢ ᠨᠡᠭᠦᠷᠡᠰᠦᠳᠦ᠋ᠷᠦᠭᠴᠢ ᠵᠢᠨ ᠤᠯᠠ ᠮᠥᠷ ᠤᠨ ᠲᠡᠮᠳᠡᠭᠢ ᠭᠡᠷᠡᠴᠢᠯᠡᠬᠦ ᠠᠵᠢᠯ ᠲᠣᠭᠲᠠᠯᠴᠠᠭ᠎ᠠ ᠵᠢ ᠪᠠᠢ᠌ᠭᠤᠯᠵᠤ᠂ ᠵᠠᠬ᠎ᠠ ᠳᠡᠯᠭᠡᠭᠦᠷ ᠤᠨ ᠠᠷᠭ᠎ᠠ ᠪᠠᠷᠢᠯ ᠵᠶ᠋ᠠᠷ ᠳᠠᠮᠵᠢᠭᠤᠯᠤᠨ ᠳ᠋ᠠᠢ᠌ᠲ᠋ᠠ ᠵᠢᠨ ᠡᠬᠢ ᠪᠠᠶᠠᠯᠢᠭᠢ ᠣᠯᠬᠤ ᠪᠠ ᠠᠰᠢᠭᠯᠠᠬᠤ ᠵᠢ ᠰᠦᠪᠡᠭᠴᠢᠯᠡᠵᠦ᠂ ᠠᠵᠤ ᠠᠬᠤᠢ᠌ᠯᠠᠯ ᠵᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠪᠠ ᠠᠰᠢᠭᠯᠠᠬᠤ ᠵᠢ ᠠᠬᠢᠭᠤᠯᠬᠤ ᠬᠡᠷᠡᠭᠲᠡᠢ᠃ ᠪᠦᠲᠦᠭᠡᠭᠳᠡᠬᠦᠨ ᠤ ᠨᠡᠭᠦᠷᠡᠰᠦᠳᠦ᠋ᠷᠦᠭᠴᠢ ᠵᠢᠨ ᠤᠯᠠ ᠮᠥᠷ ᠤᠨ ᠲᠡᠮᠳᠡᠭᠢ ᠭᠡᠷᠡᠴᠢᠯᠡᠬᠦ ᠮᠡᠷᠭᠡᠵᠢᠯ ᠦᠢ᠍ᠯᠡᠴᠢᠯᠡᠭᠡᠨ ᠤ ᠬᠣᠯᠪᠤᠭ᠎ᠠ ᠵᠡᠷᠭᠡ ᠵᠣᠬᠢᠶᠠᠨ ᠪᠠᠢ᠌ᠭᠤᠯᠤᠯᠲᠠ ᠨᠢ ᠪᠦᠲᠦᠭᠡᠭᠳᠡᠬᠦᠨ ᠤ ᠨᠡᠭᠦᠷᠡᠰᠦᠳᠦ᠋ᠷᠦᠭᠴᠢ ᠵᠢᠨ ᠤᠯᠠ ᠮᠥᠷ ᠲᠡᠮᠳᠡᠭᠢ ᠭᠡᠷᠡᠴᠢᠯᠡᠬᠦ ᠮᠡᠷᠭᠡᠵᠢᠯ ᠰᠢᠨ᠎ᠡ ᠵᠢ ᠡᠭᠦᠳᠴᠦ ᠰᠤᠳᠤᠯᠤᠨ ᠨᠡᠭᠡᠭᠡᠬᠦ ᠵᠢ ᠳᠡᠮᠵᠢᠨ᠎ᠡ᠃ ᠵᠠᠰᠠᠭ ᠤᠨ ᠣᠷᠳᠣᠨ ᠤ ᠪᠦᠲᠦᠭᠡᠭᠳᠡᠬᠦᠨ ᠤ ᠨᠡᠭᠦᠷᠡᠰᠦᠳᠦ᠋ᠷᠦᠭᠴᠢ ᠵᠢᠨ ᠤᠯᠠ ᠮᠥᠷ ᠤᠨ ᠲᠡᠮᠳᠡᠭᠤᠨ ᠭᠡᠷᠡᠴᠢᠯᠡᠯᠲᠡ ᠵᠢᠨ ᠦᠢ᠍ᠯᠡᠴᠢᠯᠡᠭᠡ ᠬᠤᠳᠠᠯᠳᠤᠨ ᠠᠪᠬᠤ ᠵᠢ ᠠᠬᠢᠭᠤᠯᠤᠨ᠎ᠠ᠃ ᠭᠡᠷᠡᠴᠢᠯᠡᠯᠲᠡ ᠵᠢᠨ ᠦᠷ᠎ᠡ ᠳ᠋ᠦᠩᠢ ᠲᠡᠭ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠣᠷᠢᠭ᠂ ᠲᠡᠭ ᠨᠡᠭᠦᠷᠡᠰᠦᠲᠥ᠋ᠷᠥᠭᠴᠢᠲᠦ ᠠᠵᠤ ᠦᠢ᠍ᠯᠡᠳᠪᠦᠷᠢ ᠵᠢ ᠦᠨᠡᠯᠡᠨ ᠂ ᠪᠣᠬᠢᠷᠳᠤᠯ ᠦᠭᠡᠢ ᠠᠵᠤ ᠦᠢ᠍ᠯᠡᠳᠪᠦᠷᠢ ᠵᠢ ᠦᠨᠡᠯᠡᠬᠦ᠂ ᠨᠡᠭᠦᠷᠡᠰᠦᠲᠥ᠋ᠷᠥᠭᠴᠢ ᠵᠢᠨ ᠤᠯᠠ ᠮᠥᠷᠢ ᠲᠣᠭ᠋ᠠᠴᠠᠭᠠ ᠬᠢᠬᠦ ᠳᠤᠮᠳᠠ ᠦᠨᠡᠮᠰᠢᠬᠦ ᠪᠠ ᠬᠡᠷᠡᠭᠯᠡᠬᠦ ᠵᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷᠤᠨ ᠬᠢᠨᠠᠯᠲᠠ ᠬᠠᠮᠢᠶᠠᠷᠤᠯᠲᠠ᠂ ᠠᠮᠢ ᠠᠬᠤᠢ ᠣᠷᠴᠢᠨ ᠲᠣᠭᠣᠷᠢᠨ ᠤ ᠰᠠᠯᠠᠭ᠎ᠠ ᠮᠥᠴᠢᠷᠨᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠠᠵᠢᠯ ᠵᠶ᠋ᠠᠨ ᠰᠠᠢ᠌ᠲᠤᠷ ᠬᠢᠬᠦ ᠵᠢ ᠬᠠᠷᠢᠭᠤᠴᠠᠵᠤ᠂ ᠮᠡᠷᠭᠡᠵᠢᠯ ᠦᠢ᠍ᠯᠡᠴᠢᠯᠡᠭᠡᠨ ᠤ ᠬᠣᠯᠪᠤᠭ᠎ᠠ ᠵᠢ ᠵᠣᠬᠢᠶᠠᠨ ᠪᠠᠢ᠌ᠭᠤᠯᠵᠤ᠂ ᠪᠦᠲᠦᠭᠡᠭᠳᠡᠬᠦᠨ ᠤ ᠭᠡᠷᠡᠴᠢᠯᠡᠯᠲᠡ᠂ ᠮᠡᠷᠭᠡᠵᠢᠯ ᠪᠣᠯᠪᠠᠰᠤᠷᠠᠯ᠂ ᠰᠣᠯᠢᠯᠴᠠᠭ᠋ᠠᠨᠤ ᠠᠵᠢᠯᠯᠠᠭ᠎ᠠ᠂ ᠬᠢᠨᠠᠯᠲᠠ ᠬᠠᠮᠢᠶᠠᠷᠤᠯᠲᠠ ᠪᠠ ᠨᠤᠲᠤᠭ ᠣᠷᠣᠨ ᠤ ᠨᠡᠭᠦᠷᠡᠰᠦᠲᠥ᠋ᠷᠥᠭᠴᠢᠳᠤ ᠬᠣᠯᠪᠣᠭᠳᠠᠬᠤ ᠲᠥᠷᠥᠯ ᠤᠨ ᠭᠡᠷᠡᠴᠢᠯᠡᠯᠲᠡ ᠵᠢᠨ ᠪᠠᠢ᠌ᠭᠤᠯᠤᠮᠵᠢ ᠵᠢ ᠪᠣᠢ᠌ᠵᠢᠭᠤᠯᠬᠤ ᠵᠡᠷᠭᠡ ᠠᠵᠢᠯ ᠰᠠᠢ᠌ᠲᠤᠷ ᠬᠢᠨ᠎ᠡ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠰᠠᠯᠠᠭ᠎ᠠ ᠮᠥᠴᠢᠷᠨᠢ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠣᠷᠭᠢᠯ ᠬᠡᠮᠵᠢᠭᠳᠡᠯ ᠬᠦᠷᠭᠡᠬᠦ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠠᠵᠢᠯ ᠯᠤᠭ᠎ᠠ ᠤᠶᠠᠯᠳᠤᠭᠤᠯᠤᠨ᠂ ᠪᠦᠲᠦᠭᠡᠭᠳᠡᠬᠦᠨ ᠨᠡᠭᠦᠷᠡᠰᠦᠳᠦ᠋ᠷᠦᠭᠴᠢ ᠵᠢᠨ ᠤᠯᠠ ᠮᠥᠷ ᠤᠨ ᠲᠡᠮᠳᠡᠭᠢ ᠭᠡᠷᠡᠴᠢᠯᠡᠨ ᠬᠡᠷᠡᠭᠵᠢᠭᠦᠯᠬᠦ ᠲᠥᠷᠥ ᠵᠢᠨ ᠪᠣᠳᠣᠯᠭ᠎ᠠ ᠵᠢᠨ ᠵᠢᠯᠣᠭᠣᠳᠤᠯᠭ᠎ᠠ ᠵᠢ ᠴᠢᠩᠭ᠋ᠠᠳᠬᠠᠬᠤ ᠬᠡᠷᠡᠭᠲᠡᠢ; ᠥᠪᠡᠷᠲᠡᠭᠡᠨ ᠵᠠᠰᠠᠬᠤ ᠣᠷᠣᠨ ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠰᠠᠯᠠᠭ᠎ᠠ ᠮᠥᠴᠢᠷ ᠤᠳ ᠠᠵᠤ ᠠᠬᠤᠢ᠌ᠯᠠᠯ᠂ ᠬᠦᠷᠢᠶᠡᠯᠡᠩ ᠲᠣᠭᠣᠷᠢᠭ ᠪᠦᠲᠦᠭᠡᠭᠳᠡᠬᠦᠨ ᠤ ᠭᠡᠷᠡᠴᠢᠯᠡᠯᠲᠡ ᠵᠢᠨ ᠲᠥᠯᠥᠪᠯᠡᠭᠡ ᠲᠣᠭᠲᠠᠭ᠋ᠠᠬᠤ ᠵᠢ ᠬᠠᠷᠢᠭᠤᠴᠠᠨ ᠵᠢᠯᠤᠭᠣᠳᠴᠤ᠂ ᠠᠵᠤ ᠠᠬᠤᠢ᠌ᠯᠠᠯ ᠤᠨ ᠡᠮᠬᠢ ᠵᠢᠷᠤᠮ ᠲᠠᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠵᠢ ᠠᠬᠢᠭᠤᠯᠤᠨ᠎ᠠ ; ᠤᠨ ᠵᠠᠰᠠᠭ ᠭᠠᠢ᠌ᠯᠢ ᠵᠢᠨ ᠶᠠᠪᠤᠳᠠᠯ ᠰᠠᠯᠠᠭ᠎ᠠ ᠮᠥᠴᠢᠷᠨᠢ ᠤᠯᠤᠰ ᠵᠢᠴᠢ ᠥᠪᠡᠷᠲᠡᠭᠡᠨ ᠵᠠᠰᠠᠬᠤ ᠣᠷᠣᠨᠤ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠪᠡᠯᠡ ᠮᠥᠩᠭᠥ ᠵᠢᠨ ᠪᠠᠲᠤᠯᠠᠭ᠎ᠠ ᠵᠢᠨ ᠠᠵᠢᠯ ᠰᠠᠢ᠌ᠲᠤᠷ ᠬᠢᠬᠦ ᠵᠢ ᠬᠠᠷᠢᠭᠤᠴᠠᠵᠤ᠂ ᠨᠢᠭᠡᠨᠲᠡ ᠨᠡᠢ᠌ᠲᠡᠯᠡᠭᠰᠡᠨ ᠡᠯ᠎ᠡ ᠵᠦᠢ᠍ᠯ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨᠠ; ᠥᠪᠡᠷᠲᠡᠭᠡᠨ ᠵᠠᠰᠠᠬᠤ ᠣᠷᠣᠨ ᠤ ᠮᠥᠩᠭᠥᠨ ᠭᠦᠢ᠍ᠯᠭᠡᠭᠡᠨ ᠤ ᠪᠠᠢ᠌ᠭᠤᠯᠤᠮᠵᠢ ᠨᠢ ᠵᠦᠢ ᠶᠣᠰᠣᠨ ᠤ ᠮᠥᠩᠭᠥᠨ ᠭᠦᠢ᠍ᠯᠭᠡᠭᠡᠨ ᠤ ᠨᠡᠷᠡᠳᠭᠦᠨ ᠪᠠ ᠦᠢ᠍ᠯᠡᠴᠢᠯᠡᠭᠡᠨ ᠤ ᠵᠠᠭᠪᠤᠷ ᠲᠤ ᠰᠢᠨ᠎ᠡ ᠵᠢ ᠡᠭᠦᠳᠬᠦ ᠵᠢ ᠬᠠᠷᠢᠭᠤᠴᠠᠵᠤ᠂ ᠭᠡᠷᠡᠴᠢᠯᠡᠬᠦ ᠠᠵᠤ ᠠᠬᠤᠢ᠌ᠯᠠᠯ ᠪᠡᠯᠡ ᠲᠣᠬᠢᠷᠠᠭᠤᠯᠭ᠎ᠠ ᠵᠢᠨ ᠳᠡᠮᠵᠢᠯᠭᠡ ᠵᠢ ᠰᠠᠢ᠌ᠲᠤᠷ ᠬᠢᠨ᠎ᠡ; ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠂ ᠬᠤᠳᠠᠯᠳᠤᠭ᠋ᠠᠨᠤ ᠶᠠᠪᠤᠳᠠᠯ᠂ ᠡᠨᠧᠷᠭᠢ ᠵᠡᠷᠭᠡ ᠰᠠᠯᠠᠭ᠎ᠠ ᠮᠥᠴᠢᠷᠨᠢ ᠡᠭᠦᠷᠭᠡ ᠬᠠᠷᠢᠭᠤᠴᠠᠯᠭ᠎ᠠ ᠵᠢᠨ ᠵᠶ᠋ᠡᠨ ᠶᠣᠰᠣᠭ᠋ᠠᠷ ᠪᠦᠲᠦᠭᠡᠭᠳᠡᠬᠦᠨ ᠤ ᠨᠡᠭᠦᠷᠡᠰᠦᠳᠦ᠋ᠷᠦᠭᠴᠢ ᠵᠢᠨ ᠤᠯᠠ ᠮᠥᠷ ᠤᠨ ᠲᠡᠮᠳᠡᠭᠢ ᠭᠡᠷᠡᠴᠢᠯᠡᠬᠦ ᠬᠠᠮᠢᠶ᠎ᠠ ᠪᠦᠬᠦᠢ ᠠᠵᠢᠯ ᠢ ᠠᠬᠢᠭᠤᠯᠤᠨ᠎ᠠ ; ᠡᠯ᠎ᠡ ᠠᠢ᠌ᠮᠠᠭ ᠤᠨ ᠵᠠᠬᠢᠷᠭ᠎ᠠ ᠬᠣᠲᠠ ᠵᠢᠨ ᠠᠷᠠᠳᠤᠨ ᠵᠠᠰᠠᠭ ᠤᠨ ᠣᠷᠳᠣᠨᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ ᠪᠦᠲᠦᠭᠡᠭᠳᠡᠬᠦᠨᠤ ᠨᠡᠭᠦᠷᠡᠰᠦᠳᠦ᠋ᠷᠦᠭᠴᠢ ᠵᠢᠨ ᠤᠯᠠ ᠮᠥᠷ ᠤᠨ ᠲᠡᠮᠳᠡᠭᠤᠨ ᠭᠡᠷᠡᠴᠢᠯᠡᠯᠲᠡ ᠵᠢ ᠳᠡᠯᠭᠡᠷᠡᠭᠦᠯᠦᠨ ᠬᠡᠷᠡᠭᠵᠢᠭᠦᠯᠬᠦ ᠵᠢ ᠰᠠᠢ᠌ᠲᠤᠷ ᠬᠢᠵᠦ᠂ ᠠᠵᠤ ᠠᠬᠤᠢ᠌ᠯᠠᠯᠢ ᠬᠥᠲᠥᠯᠥᠨ ᠵᠢᠯᠤᠭᠣᠳᠴᠤ ᠪᠠᠢ᠌ᠭ᠋ᠠᠳ ᠭᠡᠷᠡᠴᠢᠯᠡᠬᠦ ᠠᠵᠢᠯ ᠥᠷᠨᠢᠭᠦᠯᠦᠨ᠎ᠡ᠃
ᠵᠢᠷᠭᠤᠭ᠎ᠠ᠂ ᠪᠦᠲᠦᠭᠡᠭᠳᠡᠬᠦᠨ ᠨᠡᠭᠦᠷᠡᠰᠦᠳᠦ᠋ᠷᠦᠭᠴᠢ ᠵᠢᠨ ᠤᠯᠠ ᠮᠥᠷ ᠤᠨ ᠲᠡᠮᠳᠡᠭᠤᠨ ᠭᠡᠷᠡᠴᠢᠯᠡᠯᠲᠡ ᠵᠢᠨ ᠦᠵᠡᠭᠦᠯᠦᠨ ᠬᠥᠲᠥᠯᠥᠨ ᠳᠠᠭ᠋ᠠᠭᠤᠯᠬᠤ ᠵᠢ
ᠠᠵᠤ ᠠᠬᠤᠢ᠌ᠯᠠᠯ ᠤᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤᠪᠠᠷ ᠬᠡᠯᠪᠡᠷᠢᠪᠠᠨ ᠬᠤᠪᠢᠷᠠᠭᠤᠯᠬᠤ ᠳᠤ ᠦᠵᠡᠭᠦᠯᠭᠦ ᠨᠡᠭᠦᠷᠡᠰᠦᠲᠥ᠋ᠷᠥᠭᠴᠢ ᠵᠢᠨ ᠤᠯᠠ ᠮᠥᠷ ᠤᠨ ᠬᠠᠮᠢᠶᠠᠷᠤᠯᠲᠠ ᠵᠢᠨ ᠠᠬᠢᠭᠤᠯᠬᠤ ᠦᠢ᠍ᠯᠡᠳᠦᠯ ᠢ ᠭᠦᠢ᠍ᠴᠡᠳ ᠪᠠᠳᠠᠷᠠᠭᠤᠯᠵᠤ᠂ ᠪᠦᠲᠦᠭᠡᠭᠳᠡᠬᠦᠨ ᠤ ᠨᠡᠭᠦᠷᠡᠰᠦᠳᠦ᠋ᠷᠦᠭᠴᠢ ᠵᠢᠨ ᠤᠯᠠ ᠮᠥᠷᠤᠨ ᠲᠡᠮᠳᠡᠭᠤᠨ ᠭᠡᠷᠡᠴᠢᠯᠡᠯᠲᠡ ᠵᠢ ᠴᠢᠬᠤᠯᠠ ᠠᠷᠭ᠎ᠠ ᠮᠠᠶᠢᠭ ᠪᠤᠯᠭ᠋ᠠᠵᠤ᠂ ᠠᠵᠤ ᠠᠬᠤᠢ᠌ᠯᠠᠯ ᠢ ᠵᠣᠷᠢᠭᠵᠢᠭᠤᠯᠵᠤ ᠪᠠᠢ᠌ᠭ᠋ᠠᠳ ᠪᠦᠲᠦᠭᠡᠭᠳᠡᠬᠦᠨ ᠤ ᠨᠡᠭᠦᠷᠡᠰᠦᠳᠦ᠋ᠷᠦᠭᠴᠢ ᠵᠢᠨ ᠤᠯᠠ ᠮᠥᠷ ᠤᠨ ᠲᠡᠮᠳᠡᠭᠤᠨ ᠭᠡᠷᠡᠴᠢᠯᠡᠯᠲᠡ ᠥᠷᠨᠢᠭᠦᠯᠦᠨ᠂ ᠳᠡᠭᠡᠳᠦ ᠳᠣᠣᠷᠠᠳᠤ ᠬᠡᠯᠬᠢᠶᠡᠨ ᠤ ᠠᠵᠤ ᠠᠬᠤᠢ᠌ᠯᠠᠯ ᠳᠠᠢ᠌ᠴᠢᠯᠠᠵᠤ ᠪᠠᠢ᠌ᠭ᠋ᠠᠳ ᠨᠡᠭᠦᠷᠡᠰᠦᠲᠥ᠋ᠷᠥᠭᠴᠢ ᠵᠢᠨ ᠤᠯᠠ ᠮᠥᠷ ᠤᠨ ᠬᠠᠮᠢᠶᠠᠷᠤᠯᠲᠠ ᠵᠢ ᠴᠢᠩᠭ᠋ᠠᠳᠬᠠᠵᠤ᠂ ᠪᠦᠲᠦᠭᠡᠭᠳᠡᠬᠦᠨ ᠤ ᠠᠮᠢ ᠨᠠᠰᠤᠨ ᠤ ᠦᠶᠡᠯᠡᠯ ᠨᠡᠭᠦᠷᠡᠰᠦᠲᠥ᠋ᠷᠥᠭᠴᠢ ᠵᠢᠨ ᠤᠯᠠ ᠮᠥᠷ ᠤᠨ ᠬᠠᠮᠢᠶᠠᠷᠤᠯᠲᠠ ᠵᠢ ᠰᠢᠯᠢᠳᠡᠭᠵᠢᠭᠦᠯᠦᠨ᠂ ᠪᠦᠲᠦᠭᠡᠭᠳᠡᠬᠦᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠠᠯ᠎ᠠ ᠥᠷᠢᠰᠦᠯᠳᠦᠬᠦ ᠬᠦᠴᠦᠨᠢ ᠳᠡᠭᠡᠭᠰᠢᠯᠡᠭᠦᠯᠦᠨ᠎ᠡ ᠃ ᠲᠣᠮᠣ ᠭᠡᠯᠪᠡᠷᠢ ᠵᠢᠨ ᠬᠤᠳᠠᠯᠳᠤᠭ᠋ᠠᠨ ᠤ ᠲᠠᠯᠠᠪᠤᠷ ᠭᠡᠲᠦ ᠳᠡᠯᠭᠡᠭᠦᠷ᠂ ᠬᠤᠳᠠᠯᠳᠤᠭ᠋ᠠᠨ ᠤ ᠨᠡᠭᠦᠷᠡᠰᠦᠳᠦ᠋ᠷᠦᠭᠴᠢ ᠵᠢᠨ ᠤᠯᠠ ᠮᠥᠷ ᠤᠨ ᠲᠡᠮᠳᠡᠭᠤᠨ ᠭᠡᠷᠡᠴᠢᠯᠡᠯᠲᠡ ᠵᠢᠨ ᠪᠦᠲᠦᠭᠡᠭᠳᠡᠬᠦᠨᠢ ᠬᠤᠳᠠᠯᠳᠤᠨ ᠠᠪᠴᠤ ᠪᠣᠷᠣᠯᠠᠭᠤᠯᠬᠤ ᠵᠢᠨᠢ ᠵᠣᠷᠢᠭᠵᠢᠭᠤᠯᠵᠤ᠂ ᠭᠡᠷᠡᠴᠢᠯᠡᠯᠲᠡ ᠵᠢᠨ ᠪᠦᠲᠦᠭᠡᠭᠳᠡᠬᠦᠨ ᠤ ᠪᠣᠷᠣᠯᠠᠭᠤᠯᠤᠯᠲᠠ ᠵᠢᠨ ᠵᠠᠮ ᠮᠥᠷ ᠢ ᠰᠠᠭ᠋ᠠᠳ ᠦᠭᠡᠢ ᠨᠠᠪᠲᠠᠷᠡᠭᠦᠯᠵᠦ᠂ ᠬᠡᠷᠡᠭᠯᠡᠭᠴᠢᠳᠢ ᠬᠥᠲᠥᠯᠥᠨ ᠵᠢᠯᠤᠭᠣᠳᠴᠤ ᠪᠠᠢ᠌ᠭ᠋ᠠᠳ ᠨᠡᠭᠦᠷᠡᠰᠦᠳᠦ᠋ᠷᠦᠭᠴᠢ ᠵᠢᠨ ᠤᠯᠠ ᠮᠥᠷ ᠤᠨ ᠲᠡᠮᠳᠡᠭᠤᠨ ᠭᠡᠷᠡᠴᠢᠯᠡᠯᠲᠡ ᠵᠢᠨ ᠪᠦᠲᠦᠭᠡᠭᠳᠡᠬᠦᠨ ᠬᠤᠳᠠᠯᠳᠤᠨ ᠠᠪᠤᠭᠤᠯᠵᠤ ᠬᠡᠷᠡᠭᠯᠡᠭᠦᠯᠦᠨ᠎ᠡ᠃ ᠭᠡᠷᠡᠴᠢᠯᠡᠯᠲᠡ ᠪᠠᠷ ᠪᠠᠲᠤᠯᠠᠭᠰᠠᠨ ᠠᠵᠤ ᠠᠬᠤᠢ᠌ᠯᠠᠯ ᠢ ᠵᠣᠷᠢᠭᠵᠢᠭᠤᠯᠵᠤ ᠪᠠᠢ᠌ᠭ᠋ᠠᠳ ᠲᠡᠭᠦᠨ ᠦᠨᠡᠮᠯᠡᠯ ᠣᠯᠣᠭᠰᠠᠨ ᠪᠦᠲᠦᠭᠡᠭᠳᠡᠬᠦᠨ ᠬᠠᠮᠢᠶ᠎ᠠ ᠪᠦᠬᠦᠢ ᠪᠣᠭᠣᠳᠠᠯ ᠪᠠᠭᠯᠠᠭ᠎ᠠ᠂ ᠲᠣᠳᠣᠷᠬᠠᠢ᠌ᠯᠠᠯᠲᠠ ᠵᠢᠨ ᠪᠢᠴᠢᠭ᠂ ᠵᠠᠷ ᠮᠡᠳᠡᠭᠡᠨ ᠤᠬᠠᠭᠤᠯᠭ᠎ᠠ ᠵᠢᠴᠢ ᠬᠣᠯᠪᠣᠭᠳᠠᠯ ᠪᠦᠬᠦᠢ ᠮᠠᠲᠧᠷᠢᠶᠠᠯ ᠪᠠᠨ ᠪᠦᠲᠦᠭᠡᠭᠳᠡᠬᠦᠨ ᠤ ᠨᠡᠭᠦᠷᠡᠰᠦᠳᠦ᠋ᠷᠦᠭᠴᠢ ᠵᠢᠨ ᠤᠯᠠ ᠮᠥᠷᠤᠨ ᠲᠡᠮᠳᠡᠭᠤᠨ ᠭᠡᠷᠡᠴᠢᠯᠡᠯᠲᠡ ᠵᠢᠨ ᠮᠡᠳᠡᠭᠡ ᠵᠠᠩᠭᠢ ᠵᠢ ᠬᠡᠷᠡᠭᠯᠡᠬᠦ ᠪᠠ ᠢᠯᠡ ᠨᠡᠢ᠌ᠲᠡᠯᠡᠵᠦ᠂ ᠠᠵᠤ ᠠᠬᠤᠢ᠌ᠯᠠᠯ ᠤᠨ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠪᠠᠭᠤᠷᠠᠭᠤᠯᠬᠤ ᠵᠢ ᠠᠬᠢᠭᠤᠯᠤᠨ᠎ᠠ᠃ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠤᠬᠠᠭᠤᠯᠭ᠎ᠠ ᠬᠥᠮᠦᠵᠢᠯ ᠢ ᠰᠠᠢ᠌ᠲᠤᠷ ᠬᠢᠵᠦ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠨᠣᠯᠵᠢᠬᠤᠨᠢ ᠤᠯᠠᠮᠵᠢᠯᠠᠨ ᠳᠡᠯᠭᠡᠷᠡᠭᠦᠯᠵᠦ᠂ ᠪᠦᠲᠦᠭᠡᠭᠳᠡᠬᠦᠨ ᠨᠡᠭᠦᠷᠡᠰᠦᠳᠦ᠋ᠷᠦᠭᠴᠢ ᠵᠢᠨ ᠤᠯᠠ ᠮᠥᠷ ᠲᠡᠮᠳᠡᠭᠢ ᠭᠡᠷᠡᠴᠢᠯᠡᠬᠦ ᠠᠵᠢᠯ ᠨᠡᠢ᠌ᠭᠡᠮ ᠳᠠᠶᠠᠭ᠋ᠠᠷ ᠤᠨ ᠣᠢ᠌ᠯᠠᠭ᠋ᠠᠬᠤ ᠬᠡᠮᠵᠢᠶ᠎ᠡ ᠪᠠ ᠣᠷᠤᠯᠴᠠᠬᠤ ᠬᠡᠮᠵᠢᠶ᠎ᠡ ᠵᠢᠨᠢ ᠃
ᠲᠤᠯᠤᠭ᠎ᠠ᠂ ᠨᠡᠭᠦᠷᠡᠰᠦᠲᠥ᠋ᠷᠥᠭᠴᠢ ᠵᠢᠨ ᠤᠯᠠ ᠮᠥᠷᠢ ᠤᠯᠠᠨ ᠤᠯᠤᠰᠯᠤᠭᠠ ᠵᠣᠯᠭ᠋ᠠᠭᠤᠯᠬᠤ ᠪᠠ ᠣᠯᠠᠨ ᠤᠯᠤᠰ ᠬᠠᠷᠢᠯᠴᠠᠨ ᠮᠡᠳᠡᠷᠡᠬᠦ ᠵᠢ
ᠤᠯᠠᠨ ᠤᠯᠤᠰ ᠤᠨ ᠵᠣᠬᠢᠶᠠᠨ ᠪᠠᠢ᠌ᠭᠤᠯᠤᠯᠲᠠ ᠪᠠ ᠭᠣᠣᠯ ᠪᠤᠯᠬᠤ ᠠᠵᠤ ᠠᠬᠤᠢ ᠵᠢᠨ ᠴᠣᠭᠴᠠ ᠵᠢᠨ ᠨᠡᠭᠦᠷᠡᠰᠦᠲᠥ᠋ᠷᠥᠭᠴᠢ ᠵᠢᠨ ᠤᠯᠠ ᠮᠥᠷ ᠤᠨ ᠬᠠᠮᠢᠶ᠎ᠠ ᠪᠦᠬᠦᠢ ᠬᠠᠮᠢᠶᠠᠷᠤᠯᠲᠠ ᠵᠢᠨ ᠳᠦᠷᠢᠮ᠂ ᠭᠡᠷᠡᠴᠢᠯᠡᠯᠲᠡ ᠵᠢᠨ ᠳᠦᠷᠢᠮ ᠮᠥᠷᠳᠡᠵᠦ᠂ ᠨᠡᠭᠦᠷᠡᠰᠦᠲᠥ᠋ᠷᠥᠭᠴᠢ ᠵᠢᠨ ᠤᠯᠠ ᠮᠥᠷ ᠤᠨ ᠠᠷᠭ᠎ᠠ ᠵᠢᠨ ᠤᠬᠠᠭ᠋ᠠᠨ ᠤ ᠰᠤᠳᠤᠯᠭ᠋ᠠᠨᠢ ᠴᠢᠩᠭ᠋ᠠᠳᠬᠠᠨ᠎ᠠ᠃ ᠤᠯᠤᠰ ᠤᠨ ᠳᠣᠲᠣᠭ᠋ᠠᠳᠤ ᠭᠠᠳᠠᠭ᠋ᠠᠳᠤ ᠵᠢᠨ ᠥᠨᠳᠥᠷ ᠪᠠᠷᠢᠮᠵᠢᠶᠠᠲᠤ ᠳᠦᠷᠢᠮ ᠤᠨ ᠲᠣᠭᠲᠠᠯᠴᠠᠭᠠᠯᠤᠭᠠ ᠬᠠᠷᠢᠴᠠᠭᠤᠯᠤᠨ᠂ ᠣᠯᠠᠨ ᠤᠯᠤᠰ ᠤᠨ ᠭᠡᠷᠡᠴᠢᠯᠡᠯᠲᠡ ᠵᠢᠨ ᠪᠠᠢ᠌ᠭᠤᠯᠤᠮᠵᠢᠯᠤᠭᠠ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠮᠠᠨ ᠣᠷᠣᠨ ᠤ ᠠᠷᠠᠯᠵᠢᠶᠠᠨ ᠤ ᠬᠠᠨᠢᠲᠠᠨ ᠯᠤᠭ᠎ᠠ ᠨᠡᠭᠦᠷᠡᠰᠦᠲᠥ᠋ᠷᠥᠭᠴᠢ ᠵᠢᠨ ᠤᠯᠠ ᠮᠥᠷ ᠲᠣᠭ᠋ᠠᠴᠠᠭᠠ ᠬᠢᠬᠦ ᠳᠦᠷᠢᠮ ᠪᠠ ᠭᠡᠷᠡᠴᠢᠯᠡᠯᠲᠡ ᠵᠢᠨ ᠦᠷ᠎ᠡ ᠳ᠋ᠦᠩᠤᠨ ᠲᠠᠯ᠎ᠠ ᠪᠠᠷ ᠵᠣᠯᠭ᠋ᠠᠭᠤᠯᠤᠨ ᠬᠠᠷᠢᠯᠴᠠᠨ ᠮᠡᠳᠡᠷᠡᠬᠦ ᠵᠢ ᠠᠬᠢᠭᠤᠯᠵᠤ᠂ ᠠᠵᠤ ᠠᠬᠤᠢ᠌ᠯᠠᠯ ᠣᠯᠠᠨ ᠤᠯᠤᠰ ᠤᠨ ᠵᠠᠬ᠎ᠠ ᠳᠡᠯᠭᠡᠭᠦᠷᠢ ᠥᠷᠭᠡᠳᠬᠡᠬᠦ ᠬᠦᠴᠦᠨ ᠨᠡᠮᠡᠷᠢᠯᠡᠨ᠎ᠡ᠃ ᠤᠯᠤᠰ ᠤᠨ ᠵᠢᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠢ᠌ᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠣᠷᠣᠨ ᠪᠦᠰᠡ ᠵᠢᠨ ᠬᠠᠮᠲᠤᠷᠠᠯᠴᠠᠭ᠋ᠠᠨ ᠲᠣᠭᠲᠠᠴᠠ ᠵᠢᠨ ᠦᠢ᠍ᠯᠡᠳᠦᠯ ᠢ ᠪᠠᠳᠠᠷᠠᠭᠤᠯᠵᠤ᠂ ᠣᠯᠠᠨ ᠤᠯᠤᠰ ᠪᠠ ᠤᠯᠤᠰ ᠵᠢᠨ ᠥᠨᠳᠥᠷ ᠬᠢᠷᠢ ᠲᠦᠪᠰᠢᠨ ᠪᠦᠬᠦᠢ ᠭᠡᠷᠡᠴᠢᠯᠡᠯᠲᠡ ᠵᠢᠨ ᠪᠠᠢ᠌ᠭᠤᠯᠤᠮᠵᠢᠯᠤᠭᠠ ᠢᠳᠡᠪᠬᠢᠲᠡᠢ ᠬᠣᠯᠪᠣᠭ᠋ᠠᠯᠠᠵᠤ᠂ ᠤᠯᠤᠰ ᠤᠨ ᠵᠢᠨ ᠬᠠᠩᠭ᠋ᠠᠯᠭ᠎ᠠ ᠵᠢᠨ ᠬᠡᠯᠬᠢᠶ᠎ᠡ ᠬᠠᠮᠲᠤ ᠪᠠᠷ ᠪᠦᠲᠦᠭᠡᠭᠳᠡᠬᠦᠨ ᠠᠮᠢ ᠨᠠᠰᠤᠨ ᠤ ᠦᠶᠡᠯᠡᠯ ᠳᠠᠬᠢ ᠨᠡᠭᠦᠷᠡᠰᠦᠲᠥ᠋ᠷᠥᠭᠴᠢ ᠵᠢᠨ ᠤᠯᠠ ᠮᠥᠷ ᠤᠨ ᠬᠠᠮᠢᠶᠠᠷᠤᠯᠲᠠ ᠵᠢ ᠰᠢᠯᠢᠳᠡᠭᠵᠢᠭᠦᠯᠵᠦ᠂ ᠳ᠋ᠠᠢ᠌ᠲ᠋ᠠ ᠵᠢ ᠬᠠᠮᠲᠤ ᠪᠠᠷ ᠬᠦᠷᠲᠡᠵᠦ ᠬᠠᠷᠢᠯᠴᠠᠨ ᠮᠡᠳᠡᠷᠡᠬᠦ ᠲᠣᠭᠲᠠᠴᠠ ᠵᠢ ᠲᠡᠭᠦᠯᠳᠡᠷᠵᠢᠭᠦᠯᠦᠨ᠂ ᠨᠡᠭᠦᠷᠡᠰᠦᠲᠥ᠋ᠷᠥᠭᠴᠢ ᠵᠢᠨ ᠤᠯᠠ ᠮᠥᠷ ᠤᠨ ᠵᠢ ᠦᠨᠡᠮᠰᠢᠭᠦᠯᠦᠨ ᠬᠡᠷᠡᠭᠯᠡᠬᠦ ᠵᠢ ᠠᠬᠢᠭᠤᠯᠵᠤ᠂ ᠮᠠᠨ ᠣᠷᠣᠨ ᠤ ᠪᠦᠲᠦᠭᠡᠭᠳᠡᠬᠦᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠥᠷᠢᠰᠦᠯᠳᠦᠬᠦ ᠬᠦᠴᠦᠨᠢ ᠨᠡᠮᠡᠭᠳᠡᠭᠦᠯᠦᠨ᠎ᠡ᠃
2025 ᠣᠨ ᠤ 7 ᠳ᠋ᠤᠭ᠋ᠠᠷ ᠰᠠᠷ᠎ᠠ ᠵᠢᠨ 3 ᠤ ᠡᠳᠦᠷ (ᠲᠣᠰ ᠪᠢᠴᠢᠭ ᠮᠠᠲᠧᠷᠢᠶᠠᠯ ᠢ ᠢᠯᠡ ᠨᠡᠢ᠌ᠲᠡᠯᠡᠨᠡ )
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳᠤᠨ ᠵᠠᠰᠠᠭ ᠤᠨ ᠣᠷᠳᠣᠨ ᠤ ᠠᠯᠪᠠᠨ ᠲᠢᠩᠬᠢᠮ 2025 ᠣᠨᠤ 7 ᠳ᠋ᠤᠭ᠋ᠠᠷ ᠰᠠᠷ᠎ᠠ ᠵᠢᠨ 3 ᠤ ᠡᠳᠦᠷ ᠳᠠᠷᠤᠮᠠᠯᠯᠠᠨ ᠲᠠᠷᠬᠠᠭ᠋ᠠᠪᠠ