10 ᠰᠠᠷ᠎ᠠ ᠵᠢᠨ 18᠎ᠤ ᠡᠳᠦᠷ᠎ᠠᠴᠠ 19᠎ᠤ ᠡᠳᠦᠷ ᠪᠣᠯᠲᠠᠯ᠎ᠠ᠂ ᠭᠤᠴᠢᠨ ᠨᠢᠭᠡᠳᠦᠭᠡᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠪᠡᠭᠡᠵᠢᠩ᠎ᠤᠨ ᠦᠷ᠎ᠡ ᠵᠢᠨ ᠦᠢ᠍ᠯᠡᠰ᠎ᠤᠨ ᠶᠡᠭᠡ ᠬᠤᠷᠠᠯ ᠪᠡᠭᠡᠵᠢᠩ ᠬᠤᠲᠠ᠎ᠳᠤ ᠡᠬᠢᠯᠡᠪᠡ᠂ ᠶᠡᠭᠡ ᠬᠤᠷᠠᠯ᠎ᠠᠴᠠ ᠪᠡᠭᠡᠵᠢᠩ ᠥᠪᠥᠷ ᠮᠣᠩᠭᠤᠯ᠎ᠤᠨ ᠬᠠᠮᠲᠤᠷᠠᠯᠴᠠᠭ᠋ᠠᠨ᠎ᠤ ᠦᠵᠡᠭᠦᠯᠭᠡ ᠵᠢᠨ ᠲᠣᠭᠤᠷᠢᠭ᠎ᠢ ᠲᠤᠰᠬᠠᠶ᠋ᠢᠯᠠᠨ ᠪᠠᠶ᠋ᠢᠭᠤᠯᠵᠤ᠂ ᠮᠠᠨ᠎ᠤ ᠣᠷᠣᠨ᠎ᠤ ᠦᠷ᠎ᠡ ᠵᠢᠨ ᠦᠢ᠍ᠯᠡᠰ᠎ᠤᠨ ᠬᠥᠭᠵᠢᠯᠲᠡ ᠵᠢᠨ ᠦᠷ᠎ᠡ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠵᠡᠢ᠃ ᠮᠠᠨ᠎ᠤ ᠣᠷᠣᠨ᠎ᠤ ᠺᠧ ᠾᠧ ᠦᠷ᠎ᠡ ᠵᠢᠨ ᠦᠢ᠍ᠯᠡᠰ᠂ ᠬᠥᠯᠥᠨ ᠪᠤᠶ᠋ᠢᠷ᠎ᠤᠨ ᠲᠠᠷᠢᠶᠠᠯᠠᠩ᠎ᠤᠨ ᠠᠲᠠᠷ ᠬᠠᠭ᠋ᠠᠯᠪᠤᠷᠢᠯᠠᠯᠲᠠ᠂ ᠰᠠᠶ᠋ᠢᠨ ᠤᠤ᠂ ᠵᠦᠩ ᠨᠤᠩ ᠦᠷ᠎ᠡ ᠵᠢᠨ ᠦᠢ᠍ᠯᠡᠰ᠂ ᠬᠤᠷᠴᠢᠨ᠎ᠤ ᠠᠯᠠᠰᠢᠨ ᠦᠬᠡᠷ᠎ᠤᠨ ᠦᠷ᠎ᠡ ᠵᠢᠨ ᠦᠢ᠍ᠯᠡᠰ᠂ ᠰᠠᠢ ᠺᠧ ᠰᠢᠩ᠂ ᠮᠧᠩ ᠯᠦᠩ᠂ ᠳ᠋ᠠ ᠹᠧᠩ ᠭᠡᠷ᠎ᠤᠨ ᠵᠢᠭᠦᠷᠲᠡᠨ᠂ ᠪᠡᠭᠡᠵᠢᠩ᠎ᠤᠨ ᠵᠢᠨ ᠰᠧ ᠭᠦ᠋ ᠢᠦᠢ ᠵᠡᠷᠭᠡ ᠰᠢᠯᠢᠳᠡᠭ ᠲᠠᠷᠢᠮᠠᠯ᠂ ᠮᠠᠯ ᠵᠢᠭᠦᠷᠲᠡᠨ᠂ ᠲᠡᠵᠢᠭᠡᠯ ᠡᠪᠡᠰᠦᠨ᠎ᠤ ᠦᠷ᠎ᠡ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠳ ᠬᠤᠶ᠋ᠢᠨ᠎ᠠ ᠬᠤᠶ᠋ᠢᠨ᠎ᠠ᠎ᠠᠴᠠ᠎ᠪᠠᠨ ᠤᠯᠠᠨ᠎ᠤ ᠠᠩᠬᠠᠷᠤᠯ᠎ᠢ ᠲᠠᠲᠠᠵᠤ᠂ ᠺᠧ ᠾᠧ 699᠂ ᠵᠢᠩ ᠺᠧ 978᠂ ᠵᠢᠩ ᠺᠧ 979᠂ ᠵᠥᠩ ᠢᠦᠢ 1 ᠳ᠋ᠤᠭᠡᠷ ᠨᠣᠮᠧᠷ᠎ᠤᠨ ᠬᠤᠯᠢᠮᠠᠭ ᠴᠠᠷᠭ᠋ᠠᠰᠤ ᠵᠡᠷᠭᠡ ᠨᠢᠭᠡ ᠪᠦᠯᠦᠭ ᠪᠡᠭᠡᠵᠢᠩ ᠥᠪᠥᠷ ᠮᠣᠩᠭᠤᠯ᠎ᠤᠨ ᠬᠠᠮᠲᠤᠷᠠᠨ ᠪᠣᠶ᠋ᠢᠵᠢᠭᠤᠯᠤᠭᠰᠠᠨ ᠰᠢᠯᠢᠳᠡᠭ ᠡᠭᠦᠯᠳᠡᠷ᠎ᠢ ᠳᠡᠯᠭᠡᠨ ᠦᠵᠡᠭᠦᠯᠵᠦ᠂ ᠶᠡᠭᠡ ᠬᠤᠷᠠᠯ᠎ᠤᠨ ᠦᠷ᠎ᠡ ᠪᠦᠲᠦᠭᠡᠯ᠎ᠢ ᠪᠡᠶᠡᠴᠢᠯᠡᠨ ᠣᠶ᠋ᠢᠯᠠᠭ᠋ᠠᠬᠤ ᠣᠷᠳᠣᠨ᠎ᠤ ᠲᠤᠬᠠᠢ ᠵᠢᠨ ᠲᠠᠯᠠᠪᠤᠷ᠎ᠲᠤ ᠰᠢᠭᠤᠳ ᠨᠡᠪᠲᠡᠷᠡᠭᠦᠯᠬᠦ ᠠᠵᠢᠯᠯᠠᠭ᠎ᠠ ᠳᠤᠮᠳᠠ ᠮᠠᠨ᠎ᠤ ᠣᠷᠣᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠷ᠎ᠡ ᠵᠢᠨ ᠦᠢ᠍ᠯᠡᠰ᠎ᠢ ᠬᠥᠭᠵᠢᠭᠦᠯᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠪᠣᠯᠣᠨ ᠳ᠋ᠦ᠋ ᠮᠧᠩ ᠬᠤᠨᠢ᠂ ᠵᠢᠩ ᠺᠧ 978᠂ ᠵᠢᠩ ᠺᠧ 979 ᠵᠡᠷᠭᠡ ᠰᠢᠯᠢᠳᠡᠭ ᠡᠭᠦᠯᠳᠡᠷ᠎ᠢ ᠨᠡᠶ᠋ᠢᠲᠡᠯᠡᠪᠡ᠃
ᠪᠡᠭᠡᠵᠢᠩ ᠥᠪᠥᠷ ᠮᠣᠩᠭᠤᠯ᠎ᠤᠨ ᠦᠷ᠎ᠡ ᠵᠢᠨ ᠦᠢ᠍ᠯᠡᠰ᠎ᠤᠨ ᠬᠠᠮᠲᠤᠷᠠᠯᠴᠠᠭ᠎ᠠ ᠪᠠ ᠬᠠᠮᠲᠤ ᠵᠢᠨ ᠠᠰᠢᠭ ᠲᠤᠰᠠ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ ᠵᠢᠨ ᠲᠥᠯᠥᠭᠡ᠂ ᠮᠠᠨ᠎ᠤ ᠲᠢᠩᠬᠢᠮ ᠪᠡᠭᠡᠵᠢᠩ ᠬᠤᠳᠠ ᠵᠢᠨ ᠲᠠᠷᠢᠶᠠᠯᠠᠩ ᠬᠥᠳᠡᠭᠡ ᠲᠣᠰᠬᠤᠨ᠎ᠤ ᠲᠣᠪᠴᠢᠶ᠎ᠠ᠂ ᠪᠡᠭᠡᠵᠢᠩ ᠬᠤᠳᠠ ᠵᠢᠨ ᠲᠠᠷᠢᠶᠠᠯᠠᠩ ᠤᠢ ᠰᠢᠭᠤᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠪᠡᠭᠡᠵᠢᠩ᠎ᠤᠨ ᠱᠧᠦ ᠨᠦᠩ ᠢᠳᠡᠭᠡᠨ᠎ᠤ ᠪᠦᠯᠦᠭᠯᠡᠯ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠢᠯᠢ ᠪᠦᠯᠦᠭᠯᠡᠯ ᠵᠡᠷᠭᠡ 6 ᠨᠢᠭᠡᠴᠡ᠎ᠲᠠᠢ ᠬᠠᠮᠲᠤ᠎ᠪᠠᠷ 《ᠪᠡᠭᠡᠵᠢᠩ ᠥᠪᠥᠷ ᠮᠣᠩᠭᠤᠯ᠎ᠤᠨ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ》 ᠲᠣᠬᠢᠷᠠᠯᠴᠠᠵᠠᠢ᠃ ᠰᠠᠭ᠋ᠠᠯᠢ ᠵᠢᠨ ᠦᠨᠢᠶ᠎ᠡ᠂ ᠠᠯᠠᠰᠢᠨ ᠦᠬᠡᠷ᠂ ᠲᠠᠷᠢᠮᠠᠯ ᠵᠡᠷᠭᠡ ᠭᠤᠷᠪᠠᠨ ᠲᠣᠮᠣ ᠲᠥᠷᠥᠯ᠎ᠤᠨ ᠦᠢ᠍ᠯᠡᠰ ᠵᠢᠴᠢ ᠬᠠᠮᠢᠶ᠎ᠠ ᠪᠦᠬᠦᠢ ᠳᠥᠷᠪᠡᠨ ᠬᠡᠯᠬᠢᠶ᠎ᠡ (ᠰᠢᠨ᠎ᠡ ᠵᠢ ᠡᠭᠦᠳᠬᠦ ᠬᠡᠯᠬᠢᠶ᠎ᠡ᠂ ᠠᠵᠤ ᠦᠢ᠍ᠯᠡᠰ᠎ᠤᠨ ᠬᠡᠯᠬᠢᠶ᠎ᠡ᠂ ᠪᠡᠯᠡ ᠮᠥᠩᠭᠦᠨ᠎ᠤ ᠬᠡᠯᠬᠢᠶ᠎ᠡ᠂ ᠴᠢᠳᠠᠪᠤᠷᠢᠲᠠᠨ᠎ᠤ ᠬᠡᠯᠬᠢᠶ᠎ᠡ) ᠵᠢ ᠠᠭᠤᠰᠤᠯᠴᠠᠭᠤᠯᠬᠤ ᠬᠦᠷᠢᠶ᠎ᠡ ᠴᠠᠷᠠᠭ᠋ᠠᠨ᠎ᠤ ᠲᠣᠭᠤᠷᠢᠨ᠎ᠳᠤ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ ᠥᠷᠨᠢᠭᠦᠯᠵᠦ᠂ ᠮᠠᠨ᠎ᠤ ᠣᠷᠣᠨ᠎ᠤ ᠡᠬᠢ ᠪᠠᠶᠠᠯᠢᠭ᠎ᠤᠨ ᠳᠠᠪᠠᠭᠤᠯᠢᠭ᠎ᠢ ᠪᠡᠭᠡᠵᠢᠩ ᠬᠤᠳᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠤ ᠳᠠᠪᠠᠭᠤᠯᠢᠭ᠎ᠲᠠᠢ ᠤᠨᠢᠨ ᠳᠡᠭᠡᠷ᠎ᠡ᠎ᠨᠢ ᠵᠣᠯᠭ᠋ᠠᠭᠤᠯᠵᠤ᠂ ᠣᠷᠣᠨ ᠪᠦᠰᠡ ᠠᠯᠤᠰᠯᠠᠭᠰᠠᠨ ᠵᠠᠰᠠᠭ᠎ᠤᠨ ᠣᠷᠳᠣᠨ ᠦᠢ᠍ᠯᠡᠳᠪᠦᠷᠢᠯᠡᠯ ᠰᠤᠷᠤᠯᠴᠠᠯᠭ᠎ᠠ ᠰᠤᠳᠤᠯᠭ᠋ᠠᠨ᠎ᠤ ᠬᠠᠮᠲᠤᠷᠠᠯᠴᠠᠭ᠋ᠠᠨ᠎ᠤ ᠰᠢᠨ᠎ᠡ ᠵᠠᠭᠪᠤᠷ᠎ᠢ ᠪᠠᠶ᠋ᠢᠭᠤᠯᠵᠤ᠂ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠪᠠ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠬᠠᠮᠲᠤ᠎ᠪᠠᠷ ᠠᠬᠢᠭᠤᠯᠵᠤ᠂ ᠬᠤᠶᠠᠷ ᠲᠠᠯ᠎ᠠ ᠵᠢᠨ ᠦᠷ᠎ᠡ ᠵᠢᠨ ᠦᠢ᠍ᠯᠡᠰ᠎ᠤᠨ ᠭᠤᠣᠯᠯᠠᠭᠴᠢ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠦᠭᠰᠡᠨ ᠪᠠᠶ᠋ᠢᠨ᠎ᠠ᠃
ᠥᠪᠥᠷ ᠮᠣᠩᠭᠤᠯ᠎ᠨᠢ ᠦᠷ᠎ᠡ ᠵᠢᠨ ᠦᠢ᠍ᠯᠡᠰ᠎ᠤᠨ ᠭᠤᠣᠯᠯᠠᠭᠴᠢ ᠥᠷᠢᠰᠦᠯᠳᠦᠬᠦ ᠬᠦᠴᠦᠨ ᠵᠶ᠋ᠠᠨ ᠬᠦᠴᠦᠯᠡᠨ ᠳᠡᠭᠡᠭᠰᠢᠯᠡᠭᠦᠯᠵᠦ᠂ ᠪᠡᠭᠡᠵᠢᠩ ᠬᠤᠳᠠ᠎ᠯᠤᠭ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ 《ᠦᠷ᠎ᠡ ᠵᠢ ᠰᠠᠶ᠋ᠢᠲᠤᠷ ᠪᠣᠶ᠋ᠢᠵᠢᠭᠤᠯᠵᠤ᠂ ᠮᠠᠯ ᠵᠶ᠋ᠠᠨ ᠰᠠᠶ᠋ᠢᠲᠤᠷ ᠲᠡᠵᠢᠭᠡᠵᠦ᠂ ᠠᠮᠤ ᠪᠤᠳᠠᠭ᠎ᠠ ᠵᠢ ᠰᠠᠶ᠋ᠢᠲᠤᠷ ᠦᠢ᠍ᠯᠡᠳᠪᠦᠷᠢᠯᠡᠬᠦ》 ᠵᠢ ᠪᠠᠷᠢᠮᠲᠠᠯᠠᠵᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ᠎ᠤᠨ ᠲᠠᠷᠢᠶᠠᠯᠠᠩ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠪᠡᠭᠡᠵᠢᠩ ᠬᠤᠳᠠ ᠵᠢᠨ ᠠᠷᠠᠳ᠎ᠤᠨ 《ᠢᠳᠡᠰᠢᠨ ᠨᠣᠭᠤᠭ᠎ᠠ ᠵᠢᠨ ᠰᠠᠭᠰᠤ᠂ ᠠᠮᠤ ᠬᠦᠨᠡᠰᠦᠨ᠎ᠤ ᠤᠭᠤᠲᠠ᠂ ᠰᠦ ᠵᠢᠨ ᠬᠦᠨᠦᠭ᠂ ᠮᠢᠬᠠᠨ᠎ᠤ ᠰᠢᠷᠡᠭᠡ》 ᠵᠢ ᠰᠠᠶ᠋ᠢᠲᠤᠷ ᠰᠠᠬᠢᠨ ᠬᠠᠮᠠᠭ᠋ᠠᠯᠠᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ ᠪᠣᠯᠣᠨ ᠲᠠᠷᠢᠶᠠᠯᠠᠩ᠎ᠤᠨ ᠣᠳᠣᠬᠢᠴᠢᠯᠠᠯᠲᠠ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃