ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠣᠭᠤᠭᠠᠷᠠᠭᠤᠯᠤᠯᠲᠠ   -   ᠣᠶ᠋ᠢᠵᠢᠭᠤᠯᠤᠯᠲᠠ
ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠤ 《ᠤᠮᠠᠷᠠᠲᠤ ᠵᠢᠨ ᠭᠤᠷᠪᠠᠨ ᠤᠷᠤᠨ》 ᠎ᠤ ᠢᠨᠵᠧᠨᠧᠷᠢᠩ᠎ᠢ ᠪᠥᠬᠥ ᠲᠠᠯ᠎ᠠ᠎ᠪᠠᠷ ᠠᠵᠢᠯ ᠡᠬᠢᠯᠡᠭᠦᠯᠪᠠ
ᠨᠡᠶ᠋ᠢᠲᠡᠯᠡᠭᠰᠡᠨ ᠴᠠᠭ᠄ 2024-07-29


    ᠳᠡᠯᠭᠡᠷ ᠵᠣᠨ᠎ᠤ ᠤᠯᠠᠷᠢᠯ᠎ᠳᠤ᠂ ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠤ ᠵᠢᠭ᠋ᠠᠰᠤᠲᠠᠶ ᠪᠠᠯᠭ᠋ᠠᠰᠤ ᠵᠢᠨ 《ᠤᠮᠠᠷᠠᠲᠤ ᠵᠢᠨ ᠭᠤᠷᠪᠠᠨ ᠤᠷᠤᠨ》 ᠎ᠤ ᠢᠨᠵᠧᠨᠧᠷᠢᠩ᠎ᠤᠨ ᠵᠢᠷᠭᠤᠳᠤᠭ᠋ᠠᠷ ᠬᠤᠭᠤᠴᠠᠭ᠋ᠠᠨ᠎ᠤ ᠪᠥᠲᠥᠭᠡᠨ ᠪᠠᠶ᠋ᠢᠭᠤᠯᠤᠯᠲᠠ ᠵᠢᠨ ᠳᠤᠮᠳᠠᠬᠢ ᠬᠥᠮᠦᠨ᠎ᠤ ᠬᠦᠴᠦ᠎ᠪᠠᠷ ᠡᠪᠡᠰᠦ ᠳᠠᠷᠢᠬᠤ ᠲᠥᠷᠥᠯ ᠵᠦᠢ᠍ᠯ᠎ᠤᠨ ᠠᠵᠢᠯ ᠡᠬᠢᠯᠡᠪᠡ᠃ ᠬᠠᠭ᠋ᠠᠯᠪᠤᠷᠢᠯᠠᠬᠤ ᠦᠬᠡᠢ᠎ᠪᠠᠷ ᠦᠷ᠎ᠡ ᠰᠠᠴᠤᠬᠤ ᠮᠠᠰᠢᠨ ᠲᠠᠯ᠎ᠠ ᠨᠤᠲᠤᠭ᠎ᠲᠤ ᠨᠠᠭ᠋ᠠᠰᠢ ᠴᠠᠭ᠋ᠠᠰᠢ ᠰᠦᠯᠵᠢᠯᠳᠦᠵᠦ᠂ ᠡᠪᠡᠰᠦ ᠲᠠᠷᠢᠬᠤ ᠠᠵᠢᠯ ᠢᠳᠡ ᠬᠦᠴᠦᠳᠡᠢ ᠶᠠᠪᠤᠭᠳᠠᠵᠤ ᠪᠠᠢ᠌ᠨ᠎ᠠ᠃
     ᠠᠷᠤ ᠬᠣᠷᠴᠢᠨ ᠬᠣᠰᠢᠭᠤ ᠤᠷᠢᠳᠴᠢᠯᠠᠨ ᠲᠥᠯᠥᠪᠯᠡᠵᠦ᠂ ᠳᠡᠭᠡᠳᠦ ᠱᠠᠲᠤᠨ᠎ᠤ ᠰᠠᠯᠠᠭ᠎ᠠ ᠮᠥᠴᠢᠷ᠎ᠲᠠᠢ ᠢᠳᠡᠪᠬᠢᠲᠡᠶ ᠨᠡᠪᠲᠡᠷᠡᠯᠴᠡᠵᠦ᠂ ᠬᠤᠷ᠎ᠠ ᠪᠣᠷᠣᠭ᠋ᠠᠨ᠎ᠤ ᠤᠯᠠᠷᠢᠯ᠎ᠤᠨ ᠠᠰᠢᠭᠳᠠᠢ ᠨᠥᠬᠥᠴᠡᠯ᠎ᠢ ᠵᠠᠪᠳᠤᠨ ᠠᠳᠬᠤᠵᠤ᠂ ᠬᠥᠮᠦᠨ᠎ᠤ ᠬᠦᠴᠦ᠎ᠪᠠᠷ ᠡᠪᠡᠰᠦ ᠳᠠᠷᠢᠬᠤ ᠲᠥᠷᠥᠯ ᠵᠦᠢ᠍ᠯ᠎ᠢ ᠪᠥᠬᠥ ᠲᠠᠯ᠎ᠠ᠎ᠪᠠᠷ ᠡᠬᠢᠯᠡᠭᠦᠯᠪᠡ᠃ ᠡᠮᠦᠨᠡᠬᠢ ᠬᠤᠭᠤᠴᠠᠭ᠋ᠠᠨ᠎ᠤ ᠡᠷᠦᠬᠡ᠎ᠳᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠬᠦ᠂ ᠭᠤᠷᠪᠠᠨ ᠲᠠᠯ᠎ᠠ᠎ᠪᠠᠷ ᠵᠶ᠋ᠠᠨ ᠲᠠᠷᠢᠶᠠᠨ ᠭᠠᠵᠠᠷ᠎ᠢ ᠬᠢᠨᠠᠨ ᠬᠠᠷᠭᠤᠭᠤᠯᠬᠤ᠂ ᠮᠠᠯᠵᠢᠬᠤ ᠵᠢ ᠤᠷᠢᠳᠴᠢᠯᠠᠨ ᠵᠣᠭᠰᠣᠭ᠋ᠠᠵᠤ ᠪᠢᠲᠡᠭᠦᠮᠵᠢᠯᠡᠨ ᠪᠣᠶ᠋ᠢᠵᠢᠭᠤᠯᠬᠤ ᠵᠡᠷᠭᠡ ᠠᠷᠭ᠎ᠠ ᠬᠡᠮᠵᠢᠶ᠎ᠡ ᠵᠢ ᠦᠨᠳᠦᠰᠦᠯᠡᠨ᠂  ᠬᠢᠶᠠᠭ᠂  ᠶᠦᠷᠬᠦᠭ᠂ ᠬᠤᠵᠢᠷᠯᠢᠭ ᠡᠪᠡᠰᠦ ᠵᠡᠷᠭᠡ ᠬᠦᠢ᠍ᠲᠡᠨ᠎ᠳᠤ ᠳᠠᠭ᠋ᠠᠭ᠋ᠠᠴᠠ᠎ᠲᠠᠢ᠂ ᠭᠠᠩ᠎ᠳᠤ ᠲᠡᠰᠪᠦᠷᠢᠳᠡᠢ ᠮᠥᠷᠲᠡᠭᠡᠨ ᠣᠯᠠᠨ ᠵᠢᠯ ᠤᠷᠭᠤᠬᠤ ᠡᠪᠡᠰᠦᠨ ᠦᠷ᠎ᠡ ᠵᠢ ᠰᠣᠩᠭᠣᠨ ᠬᠡᠷᠡᠭᠯᠡᠵᠦ᠂ ᠬᠠᠭ᠋ᠠᠯᠪᠤᠷᠢᠯᠠᠬᠤ ᠦᠭᠡᠢ᠎ᠪᠠᠷ ᠲᠠᠷᠢᠬᠤ ᠠᠷᠭ᠎ᠠ ᠮᠠᠶᠢᠭ ᠵᠶ᠋ᠠᠷ ᠡᠯᠡᠰᠦᠷᠬᠡᠭᠵᠢᠭᠰᠡᠨ ᠨᠤᠲᠤᠭ ᠪᠡᠯᠴᠢᠭᠡᠷ᠎ᠢ ᠵᠠᠰᠠᠨ ᠰᠡᠷᠭᠦᠭᠡᠵᠦ᠂ ᠪᠥᠬᠥ ᠵᠢᠯ᠎ᠳᠤ 1.3 ᠲᠦᠮᠡ ᠭᠠᠷᠤᠶ ᠮᠤ᠌ ᠡᠯᠡᠰᠦᠷᠬᠡᠭᠵᠢᠭᠰᠡᠨ ᠨᠤᠲᠤᠭ ᠪᠡᠯᠴᠢᠭᠡᠷ᠎ᠢ ᠰᠠᠶ᠋ᠢᠵᠢᠷᠠᠭᠤᠯᠬᠤ᠎ᠪᠠᠷ ᠲᠥᠯᠥᠪᠯᠡᠵᠦ ᠪᠤᠢ᠃
    ᠵᠢᠯ᠎ᠤᠨ ᠡᠬᠢᠨ᠎ᠠᠴᠠ ᠨᠠᠭ᠋ᠠᠰᠢ᠂ ᠠᠷᠤ ᠬᠣᠷᠴᠢᠨ ᠬᠣᠰᠢᠭᠤ 《ᠤᠮᠠᠷᠠᠲᠤ ᠵᠢᠨ ᠭᠤᠷᠪᠠᠨ ᠤᠷᠤᠨ》 ᠎ᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠵᠤ᠂ ᠮᠠᠨᠵᠢᠨᠮᠠᠩᠬ᠎ᠠ ᠵᠢᠨ ᠲᠥᠪᠯᠡᠷᠡᠨ ᠵᠠᠯᠭ᠋ᠠᠯᠳᠤᠭᠰᠠᠨ ᠡᠯᠡᠰᠦᠷᠬᠡᠭ ᠭᠠᠵᠠᠷ᠎ᠢ ᠶᠡᠷᠦᠩᠬᠡᠶ᠋ᠢᠯᠡᠨ ᠵᠠᠰᠠᠬᠤ ᠠᠵᠢᠯ᠎ᠢ ᠲᠦᠷᠦᠭᠦᠯᠡᠨ ᠡᠬᠢᠯᠡᠭᠦᠯᠵᠦ᠂ ᠢᠨᠵᠧᠨᠧᠷᠢᠩ᠎ᠤᠨ ᠡᠯᠡᠰᠦ ᠵᠢ ᠲᠣᠭᠲᠠᠪᠤᠷᠢᠵᠢᠭᠤᠯᠬᠤ ᠪᠠ ᠡᠪᠡᠰᠦ ᠤᠰᠤᠯᠠᠬᠤ ᠵᠢ ᠤᠶᠠᠯᠳᠤᠭᠤᠯᠬᠤ ᠠᠷᠭ᠎ᠠ ᠬᠡᠯᠪᠡᠷᠢ ᠵᠢ ᠶᠡᠷᠦᠩᠬᠡᠶ᠋ᠢᠯᠡᠨ ᠬᠡᠷᠡᠭᠯᠡᠵᠦ᠂ ᠬᠠᠷᠭ᠋ᠠᠨ᠎ᠠ ᠪᠠ ᠲᠡᠵᠢᠭᠡᠯ ᠡᠪᠡᠰᠦ ᠳᠠᠷᠢᠵᠤ᠂ ᠡᠯᠡᠰᠦᠷᠬᠡᠭ ᠭᠠᠵᠠᠷ᠎ᠤᠨ ᠠᠮᠢ ᠠᠬᠤᠶ ᠵᠢ ᠰᠡᠷᠭᠦᠭᠡᠵᠦ᠂ ᠣᠳᠣᠬᠠᠨ᠎ᠳᠤ 5000 ᠮᠥ᠍ ᠲᠥᠪᠯᠡᠷᠡᠨ ᠵᠠᠯᠭ᠋ᠠᠯᠳᠤᠭᠰᠠᠨ ᠡᠯᠡᠰᠦᠷᠬᠡᠭ ᠭᠠᠵᠠᠷ᠎ᠤᠨ ᠵᠠᠰᠠᠯᠲᠠ ᠵᠢ ᠪᠥᠬᠥ ᠲᠠᠯ᠎ᠠ᠎ᠪᠠᠷ ᠪᠡᠶᠡᠯᠡᠭᠦᠯᠵᠦ᠂ ᠡᠯᠡᠰᠦᠷᠬᠡᠭ ᠭᠠᠵᠠᠷ᠎ᠢ ᠪᠦᠲᠦᠮᠵᠢᠲᠡᠶ ᠰᠡᠷᠭᠦᠭᠡᠬᠦ᠂ ᠨᠤᠲᠤᠭ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ ᠵᠢ ᠬᠠᠮᠠᠭ᠋ᠠᠯᠠᠬᠤ᠂ ᠠᠮᠢ ᠠᠬᠤᠶ ᠣᠷᠴᠢᠨ ᠲᠣᠭᠣᠷᠢᠨ᠎ᠢ ᠬᠠᠮᠠᠭ᠋ᠠᠯᠠᠬᠤ ᠪᠠ ᠰᠡᠷᠭᠦᠭᠡᠬᠦ᠎ᠳᠤ ᠬᠦᠴᠦᠨ ᠴᠢᠳᠠᠯ ᠵᠶ᠋ᠠᠨ ᠡᠷᠭᠦᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠪᠠᠳᠠᠢ ᠵᠢᠨ ᠵᠢᠷᠠᠨ ᠨᠤᠭᠤᠭ᠋ᠠᠨ ᠦᠩᠭᠡ᠎ᠪᠠᠷ ᠬᠤᠴᠢᠭᠳᠠᠵᠦ ᠬᠦᠭᠵᠢᠯᠳᠡ ᠵᠢᠨ ᠵᠠᠮ ᠨᠡᠭᠡᠭᠡᠭᠳᠡᠵᠦ ᠪᠠᠶ᠋ᠢᠨ᠎ᠠ
ᠪᠥᠬᠥ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠶᠠᠰᠤ ᠴᠢᠨᠠᠷ᠎ᠢ ᠰᠤᠭᠤᠴᠢᠨ ᠪᠠᠶ᠋ᠢᠴᠠᠭ᠋ᠠᠬᠤ ᠠᠵᠢᠯ ᠡᠮᠬᠢ ᠵᠢᠷᠤᠮ᠎ᠲᠠᠢ ᠶᠠᠪᠤᠭᠳᠠᠵᠤ ᠪᠠᠢ᠌ᠨ᠎ᠠ
ᠬᠠᠷᠢᠭᠤᠴᠠᠯᠭ᠎ᠠ ᠎ᠪᠠᠨ ᠡᠭᠦᠷᠭᠡᠯᠡᠵᠦ᠂ ᠤᠢ ᠰᠢᠭᠤᠢ ᠵᠢᠨ ᠳᠠᠷᠤᠭ᠎ᠠ ᠤᠢ ᠰᠢᠭᠤᠢ ᠵᠢ ᠲᠣᠭᠣᠷᠢᠨ ᠪᠠᠶ᠋ᠢᠴᠠᠭ᠋ᠠᠵᠤ ᠠᠮᠢ ᠠᠬᠤᠢ ᠵᠢᠨ ᠠᠮᠤᠷ ᠲᠦᠪᠰᠢᠨ᠎ᠢ ᠰᠠᠬᠢᠨ ᠬᠠᠮᠠᠭ᠋ᠠᠯᠠᠨ᠎ᠠ
ᠭᠡᠭᠡᠨ ᠭᠤᠣᠯ ᠬᠤᠲᠠ ᠵᠢᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠤᠢ ᠰᠢᠭᠤᠢ ᠵᠢᠨ ᠳᠠᠷᠤᠭ᠎ᠠ ᠵᠢᠨ ᠳᠦᠷᠢᠮ᠎ᠤᠨ ᠠᠵᠢᠯ᠎ᠢ ᠱᠠᠯᠠᠪᠳᠠᠭᠤᠯᠤᠨ ᠵᠢᠯᠣᠭᠤᠳᠴᠤ ᠪᠠᠶ᠋ᠢᠴᠠᠭ᠋ᠠᠵᠠᠢ
ᠬᠢᠩᠭ᠋ᠠᠨ ᠠᠶ᠋ᠢᠮᠠᠭ᠎ᠤᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠴᠠᠭ᠋ᠠᠨ ᠰᠠᠷ᠎ᠠ ᠵᠢᠨ ᠠᠮᠠᠷᠠᠯᠳᠠ ᠵᠢᠨ ᠬᠤᠭᠤᠴᠠᠭ᠋ᠠᠨ᠎ᠤ ᠠᠮᠤᠷ ᠲᠦᠪᠰᠢᠨ᠎ᠢ ᠪᠠᠳᠤᠯᠠᠬᠤ ᠠᠵᠢᠯ᠎ᠢ ᠰᠠᠶ᠋ᠢᠳᠤᠷ ᠬᠢᠵᠠᠢ
 
             蒙ICP备05000248号