ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠣᠭᠤᠭᠠᠷᠠᠭᠤᠯᠤᠯᠲᠠ   -   ᠣᠶ᠋ᠢᠵᠢᠭᠤᠯᠤᠯᠲᠠ
ᠬᠢᠩᠭ᠋ᠠᠨ ᠠᠶ᠋ᠢᠮᠠᠭ᠎ᠤᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠴᠠᠭ᠋ᠠᠨ ᠰᠠᠷ᠎ᠠ ᠵᠢᠨ ᠠᠮᠠᠷᠠᠯᠳᠠ ᠵᠢᠨ ᠬᠤᠭᠤᠴᠠᠭ᠋ᠠᠨ᠎ᠤ ᠠᠮᠤᠷ ᠲᠦᠪᠰᠢᠨ᠎ᠢ ᠪᠠᠳᠤᠯᠠᠬᠤ ᠠᠵᠢᠯ᠎ᠢ ᠰᠠᠶ᠋ᠢᠳᠤᠷ ᠬᠢᠵᠠᠢ
ᠨᠡᠶ᠋ᠢᠲᠡᠯᠡᠭᠰᠡᠨ ᠴᠠᠭ᠄ 2025-02-19

 
   
    ᠴᠠᠭ᠋ᠠᠨ ᠰᠠᠷ᠎ᠠ ᠵᠢᠨ ᠠᠮᠠᠷᠠᠯᠳᠠ ᠵᠢᠨ ᠬᠤᠭᠤᠴᠠᠭ᠋ᠠᠨ᠎ᠳᠤ᠂ ᠬᠢᠩᠭ᠋ᠠᠨ ᠠᠶ᠋ᠢᠮᠠᠭ᠎ᠤᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠵᠢᠨ᠎ᠬᠢᠨ ᠶᠡᠷᠦᠩᠬᠡᠶ ᠠᠩᠭᠢ ᠪᠠ ᠠᠶ᠋ᠢᠮᠠᠭ᠎ᠤᠨ ᠨᠠᠮ᠎ᠤᠨ ᠬᠤᠷᠢᠶ᠎ᠠ ᠠᠶ᠋ᠢᠮᠠᠭ᠎ᠤᠨ ᠵᠠᠬᠢᠷᠭ᠎ᠠ ᠵᠢᠨ ᠴᠠᠭ᠋ᠠᠨ ᠰᠠᠷ᠎ᠠ ᠵᠢᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠠᠵᠢᠯ᠎ᠤᠨ ᠪᠠᠶ᠋ᠢᠷᠢᠯᠠᠭᠤᠯᠤᠯᠲᠠ ᠵᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠠᠶᠠᠷ᠎ᠤᠨ ᠡᠳᠦᠷ᠎ᠤᠨ ᠠᠮᠠᠷᠠᠯᠳᠠ ᠵᠢᠨ ᠬᠤᠭᠤᠴᠠᠭ᠋ᠠᠨ᠎ᠤ ᠵᠢᠵᠢᠭᠦᠷᠯᠡᠬᠦ ᠪᠠ ᠪᠡᠯᠡᠳᠭᠡᠯ ᠠᠵᠢᠯ ᠬᠢᠬᠦ ᠵᠢ ᠴᠢᠩᠭ᠋ᠠᠳᠬᠠᠨ᠂ ᠭᠠᠯ᠎ᠤᠨ ᠭᠠᠮᠰᠢᠭ᠎ᠤᠨ ᠳᠠᠯᠳᠠ ᠬᠡᠮ᠎ᠢ ᠪᠥᠬᠦ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠵᠤ᠂ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠮᠤᠷ ᠲᠦᠪᠰᠢᠨ᠎ᠤ ᠤᠬᠠᠭᠤᠯᠭ᠎ᠠ ᠵᠢ ᠴᠢᠩᠭ᠎ᠠ ᠠᠩᠬᠠᠷᠴᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠠ ᠨᠡᠶ᠋ᠢᠭᠡᠮ᠎ᠤᠨ ᠶᠡᠭᠡ ᠲᠠᠯ᠎ᠠ ᠵᠢᠨ ᠲᠣᠭᠲᠠᠭᠤᠨ᠎ᠢ ᠪᠥᠬᠦ ᠬᠦᠴᠦᠨ ᠵᠶ᠋ᠠᠷ ᠬᠠᠮᠠᠭ᠋ᠠᠯᠠᠪᠠ᠃ ᠡᠯ᠎ᠡ ᠱᠠᠲᠤᠨ᠎ᠤ᠎ᠬᠢᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠠᠷᠢᠨ ᠨᠢᠭᠲᠠ ᠪᠠᠶ᠋ᠢᠷᠢᠯᠠᠭᠤᠯᠪᠠ᠃ ᠰᠠᠯᠪᠤᠷᠢ ᠠᠩᠭᠢ ᠵᠢᠨ ᠨᠠᠮ᠎ᠤᠨ ᠬᠤᠷᠢᠶ᠎ᠠ᠎ᠠᠴᠠ ᠴᠠᠭ᠋ᠠᠨ ᠰᠠᠷ᠎ᠠ ᠵᠢᠨ ᠠᠮᠠᠷᠠᠯᠳᠠ ᠵᠢᠨ ᠬᠤᠭᠤᠴᠠᠭ᠎ᠠ ᠪᠠ ᠥᠯᠵᠡᠶ᠋ᠢᠲᠦ ᠡᠳᠦᠷ᠎ᠤᠨ ᠪᠠᠶᠠᠷ᠎ᠠᠴᠠ ᠡᠮᠦᠨᠡᠬᠢ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠮᠤᠷ ᠲᠦᠪᠰᠢᠨ᠎ᠤ ᠠᠵᠢᠯ᠎ᠤᠨ ᠪᠠᠶ᠋ᠢᠷᠢᠯᠠᠭᠤᠯᠤᠯᠲᠠ ᠵᠢᠨ ᠬᠤᠷᠠᠯ ᠬᠤᠷᠠᠯᠳᠤᠭᠤᠯᠵᠤ᠂ ᠳᠡᠭᠡᠳᠦ ᠱᠠᠳᠤᠨ᠎ᠤ ᠬᠠᠮᠢᠶ᠎ᠠ ᠪᠥᠬᠦᠶ ᠠᠵᠢᠯ᠎ᠤᠨ ᠱᠠᠭ᠋ᠠᠷᠳᠠᠯᠭ᠎ᠠ ᠵᠢ ᠤᠯᠠᠮᠵᠢᠯᠠᠨ ᠳᠤᠭᠤᠰᠢᠯᠠᠭᠤᠯᠵᠤ᠂ ᠪᠠᠶᠠᠷ᠎ᠤᠨ ᠡᠳᠦᠷ᠎ᠤᠨ ᠬᠤᠭᠤᠴᠠᠭ᠋ᠠᠨ᠎ᠳᠠᠬᠢ ᠭᠠᠯ ᠰᠡᠷᠭᠡᠶ᠋ᠢᠯᠡᠵᠤ ᠭᠠᠯ ᠤᠨᠲᠠᠷᠠᠭ᠋ᠠᠬᠤ ᠪᠠᠶ᠋ᠢᠴᠠᠭ᠋ᠠᠯᠲᠠ᠂ ᠵᠢᠵᠢᠭᠦᠷᠯᠡᠬᠦ ᠪᠠ ᠪᠡᠯᠡᠳᠭᠡᠯ ᠠᠵᠢᠯ᠂ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠤᠬᠠᠭᠤᠯᠭ᠎ᠠ ᠵᠡᠷᠭᠡ ᠳᠤᠬᠠᠶ᠋ᠢᠯᠠᠬᠰᠠᠨ ᠠᠵᠢᠯ᠎ᠢ ᠳᠣᠭᠢᠷᠠᠭᠤᠯᠤᠨ ᠪᠠᠶ᠋ᠢᠷᠢᠯᠠᠭᠤᠯᠵᠤ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠠᠬᠢ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠮᠤᠷ ᠲᠦᠪᠰᠢᠨ᠎ᠤ ᠪᠠᠶ᠋ᠢᠳᠠᠯ᠎ᠤᠨ ᠳᠡᠭᠡᠳᠦ ᠬᠡᠮᠵᠢᠶ᠎ᠡ᠎ᠪᠠᠷ ᠲᠣᠭᠲᠠᠭᠤᠨ ᠪᠠᠶ᠋ᠢᠬᠤ ᠵᠢ ᠦᠨᠡᠨᠬᠦ ᠪᠠᠲᠤᠯᠠᠵᠠᠢ᠃ ᠠᠶᠤᠯ ᠲᠦᠭᠰᠢᠭᠦᠷᠢ ᠵᠢᠨ ᠳᠠᠯᠳᠠ ᠭᠡᠮ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠠᠯ᠎ᠤᠨ ᠠᠶᠤᠯ᠎ᠢ ᠴᠢᠩᠭ᠎ᠠ ᠰᠡᠷᠭᠡᠶ᠋ᠢᠯᠡᠨ ᠡᠵᠡᠮᠳᠡᠪᠡ᠃ ᠡᠯ᠎ᠡ ᠲᠥᠷᠥᠯ᠎ᠤᠨ ᠠᠵᠢᠯᠯᠠᠭ᠋ᠠᠨ᠎ᠤ ᠲᠠᠯᠠᠪᠤᠷ᠂ ᠤᠨᠴᠠᠭ᠋ᠠᠢ ᠪᠠᠶ᠋ᠢᠭᠤᠯᠭ᠎ᠠ ᠨᠢᠭᠡᠴᠢ᠂ ᠬᠤᠸᠠᠷ ᠫᠤᠤᠵᠢᠩ ᠲᠥᠪᠯᠡᠷᠡᠭᠦᠯᠦᠨ ᠲᠠᠯᠪᠢᠬᠤ ᠣᠷᠣᠨ ᠪᠦᠰᠡ᠎ᠪᠠᠷ ᠭᠤᠤᠯᠳᠠᠯᠭ᠎ᠠ ᠪᠣᠯᠭ᠋ᠠᠨ᠂ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠬᠢᠨᠠᠯᠲᠠ ᠲᠠᠯᠪᠢᠭᠴᠢ ᠵᠢ ᠢᠳᠡᠪᠬᠢᠲᠡᠶ ᠵᠣᠬᠢᠶᠠᠨ ᠪᠠᠶ᠋ᠢᠭᠤᠯᠤᠨ ᠠᠮᠤᠷ ᠲᠦᠪᠰᠢᠨ᠎ᠤ ᠪᠠᠶ᠋ᠢᠴᠠᠭ᠋ᠠᠯᠲᠠ ᠵᠢ ᠥᠷᠨᠢᠭᠦᠯᠵᠦ᠂ ᠬᠠᠷᠢᠭᠤᠴᠠᠯᠭ᠋ᠠᠳᠠᠳ᠎ᠤᠨ ᠭᠤᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠠᠶᠤᠯ ᠲᠦᠭᠰᠢᠭᠦᠷᠢ ᠵᠢ ᠣᠨᠣᠪᠴᠢᠲᠠᠶ ᠰᠡᠷᠭᠡᠶ᠋ᠢᠯᠡᠨ ᠠᠷᠢᠯᠭ᠋ᠠᠵᠠᠢ᠃ ᠰᠤᠮᠤ ᠰᠢᠶᠠᠩ ᠪᠠᠯᠭ᠋ᠠᠰᠤ᠂ ᠵᠡᠭᠡᠯᠢ ᠭᠤᠳᠤᠮᠵᠢ᠂ ᠳᠣᠲᠣᠭ᠋ᠠᠳᠤ ᠵᠢ ᠬᠠᠮᠠᠭ᠋ᠠᠯᠠᠬᠤ ᠰᠠᠯᠪᠤᠷᠢ ᠵᠡᠷᠭᠡ ᠦᠨᠳᠦᠰᠦᠨ ᠱᠠᠲᠤᠨ᠎ᠤ ᠬᠦᠴᠦᠨ᠎ᠢ ᠳᠠᠶ᠋ᠢᠴᠢᠯᠠᠨ ᠪᠠᠶᠠᠷ᠎ᠤᠨ ᠡᠳᠦᠷ᠎ᠤᠨ ᠬᠤᠭᠤᠴᠠᠭ᠋ᠠᠨ᠎ᠳᠠᠬᠢ ᠲᠣᠭᠤᠷᠢᠨ ᠪᠠᠶ᠋ᠢᠴᠠᠭ᠋ᠠᠯᠲᠠ ᠵᠢ ᠴᠢᠩᠭ᠋ᠠᠳᠬᠠᠵᠤ᠂ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠮᠤᠷ ᠲᠦᠪᠰᠢᠨ᠎ᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠠᠭ ᠲᠤᠬᠠᠶ᠎ᠳᠤᠨᠢ ᠢᠳᠬᠠᠨ ᠬᠤᠷᠢᠭᠯᠠᠵᠤ᠂ ᠣᠯᠠᠨ ᠵᠶ᠋ᠠᠷ ᠵᠶ᠋ᠠᠨ ᠰᠡᠷᠭᠡᠶ᠋ᠢᠯᠡᠵᠦ ᠣᠯᠠᠨ ᠵᠶ᠋ᠠᠷ ᠵᠶ᠋ᠠᠨ ᠵᠠᠰᠠᠬᠤ ᠨᠡᠶ᠋ᠢᠯᠡᠮᠡᠯ ᠬᠦᠴᠦᠨ᠎ᠢ ᠪᠣᠶ ᠪᠣᠯᠭ᠋ᠠᠪᠠ᠃ ᠴᠠᠭ᠋ᠠᠨ ᠰᠠᠷ᠎ᠠ ᠵᠢᠨ ᠠᠮᠠᠷᠠᠯᠳᠠ ᠵᠢᠨ ᠬᠤᠭᠤᠴᠠᠭ᠋ᠠᠨ᠎ᠳᠤ᠂ ᠨᠡᠶ᠋ᠢᠳᠡ 80 ᠭᠠᠷᠤᠢ ᠪᠠᠶ᠋ᠢᠭᠤᠯᠭ᠎ᠠ ᠨᠢᠭᠡᠴᠢ᠎ᠪᠠᠷ ᠪᠠᠶ᠋ᠢᠴᠠᠭ᠋ᠠᠯᠳᠠ ᠬᠢᠵᠦ᠂ ᠭᠠᠯ᠎ᠤᠨ ᠠᠶᠤᠯ᠎ᠤᠨ ᠳᠠᠯᠳᠠ ᠭᠡᠮ᠎ᠢ 129 ᠢᠯᠡᠷᠡᠭᠦᠯᠦᠭᠰᠡᠨ ᠪᠥᠭᠡᠳ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠨ᠎ᠠ᠃ ᠥᠨᠳᠥᠷ ᠪᠦᠲᠦᠮᠵᠢᠲᠡᠢ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠯᠡᠵᠦ᠂ ᠡᠮᠬᠢ ᠵᠢᠷᠤᠮ᠎ᠲᠠᠢ᠎ᠪᠠᠷ ᠵᠢᠵᠢᠭᠦᠷᠯᠡᠬᠦ ᠪᠠ ᠪᠡᠯᠡᠳᠭᠡᠯ ᠠᠵᠢᠯ᠎ᠢ ᠪᠠᠶ᠋ᠢᠷᠢᠯᠠᠭᠤᠯᠵᠠᠢ᠃

    ᠪᠥᠬᠦ ᠠᠶ᠋ᠢᠮᠠᠭ᠎ᠤᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠡᠩᠨᠡᠭᠡ᠎ᠨᠢ ᠠᠵᠢᠯᠲᠠᠨ᠎ᠤ ᠣᠷᠣᠨ ᠪᠠᠶ᠋ᠢᠷᠢ ᠵᠢ ᠴᠢᠩᠭ᠋ᠠᠷᠠᠭᠤᠯᠵᠤ᠂ ᠵᠢᠵᠢᠭᠦᠷᠯᠡᠨ ᠰᠠᠬᠢᠬᠤ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠠᠢ᠃ ᠲᠣᠮᠣ ᠬᠡᠯᠪᠡᠷᠢ ᠵᠢᠨ ᠣᠯᠠᠨ ᠲᠦᠮᠡᠨᠴᠢ ᠴᠢᠨᠠᠷᠲᠠᠶ ᠠᠵᠢᠯᠯᠠᠭ᠋ᠠᠨ᠎ᠤ ᠲᠠᠯᠠᠪᠤᠷ ᠪᠠ ᠬᠤᠳᠠᠯᠳᠤᠭ᠎ᠠ ᠲᠥᠪᠯᠡᠷᠡᠭᠰᠡᠨ ᠣᠷᠣᠨ ᠪᠦᠰᠡ᠎ᠳᠤ ᠤᠷᠢᠳᠴᠢᠯᠠᠨ ᠣᠷᠣᠯᠴᠠᠵᠤ᠂ ᠰᠣᠷᠢᠯᠲᠠ ᠥᠷᠨᠢᠭᠦᠯᠦᠨ᠂ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠪᠡᠯᠡᠳᠭᠡᠯ ᠲᠥᠰᠦᠯ᠎ᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠵᠡᠭᠡᠯᠢ ᠭᠤᠳᠤᠮᠵᠢ᠎ᠪᠠᠷ ᠲᠣᠭᠤᠷᠢᠨ ᠴᠠᠭᠳᠠᠬᠤ ᠵᠡᠷᠭᠡ ᠠᠮᠤᠷ᠎ᠢ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠬᠡᠷᠡᠭᠵᠢᠭᠦᠯᠪᠡ᠃ ᠡᠭᠦᠷᠭᠡ ᠭᠦᠢ᠍ᠴᠡᠳᠭᠡᠬᠦ ᠲᠡᠷᠭᠡ ᠬᠥᠰᠭᠡ᠂ ᠲᠣᠨᠤᠭ ᠲᠥᠬᠦᠭᠡᠷᠦᠮᠵᠢ᠂ ᠪᠠᠭ᠋ᠠᠵᠢ ᠬᠡᠷᠡᠭᠰᠡᠯ᠂ ᠠᠪᠤᠷᠠᠨ ᠲᠤᠰᠠᠯᠠᠬᠤ ᠪᠠᠲᠤᠯᠠᠭ᠎ᠠ ᠵᠢᠨ ᠡᠳ᠋ ᠪᠣᠳᠠᠰ ᠵᠡᠷᠭᠡ ᠵᠢᠨ ᠠᠷᠠᠴᠢᠯᠠᠨ ᠬᠠᠮᠠᠭ᠋ᠠᠯᠠᠯᠳᠠ ᠪᠠ ᠪᠡᠯᠡᠳᠭᠡᠯ᠎ᠢ ᠰᠠᠶ᠋ᠢᠳᠤᠷ ᠬᠢᠵᠦ᠂ ᠳᠠᠷᠦ᠋ᠢ᠍ᠬᠠᠨ ᠬᠦᠳᠡᠯᠤᠯᠴᠠᠵᠦ ᠠᠷᠭ᠎ᠠ ᠭᠡᠮᠵᠢᠶ᠎ᠠ ᠠᠪᠬᠤ ᠵᠢ ᠪᠡᠶᠡᠯᠡᠬᠦᠯᠵᠠᠢ᠃ ᠭᠤᠤᠯᠳᠠᠯᠭ᠎ᠠ᠎ᠲᠠᠢ ᠭᠤᠭᠴᠤᠭ᠎ᠠ ᠵᠢ ᠴᠢᠩᠭ᠎ᠠ ᠠᠩᠬᠠᠷᠴᠤ᠂ ᠨᠠᠷᠢᠯᠢᠭ ᠣᠨᠣᠴᠠᠲᠠᠶ᠎ᠪᠠᠷ ᠤᠬᠠᠭᠤᠯᠤᠨ ᠰᠤᠷᠳᠠᠯᠴᠢᠯᠠᠪᠠ᠃ ᠴᠠᠭ᠋ᠠᠨ ᠰᠠᠷ᠎ᠠ ᠵᠢᠨ ᠠᠮᠠᠷᠠᠯᠳᠠ ᠵᠢᠨ ᠬᠤᠭᠤᠴᠠᠭ᠋ᠠᠨ᠎ᠳᠤ᠂ 《ᠬᠢᠩᠭ᠋ᠠᠨ᠎ᠤ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ》 ᠨᠡᠶ᠋ᠢᠳᠡ ᠵᠢᠨ ᠳ᠋ᠤᠭ᠋ᠠᠷ᠎ᠢ ᠠᠰᠢᠬᠯᠠᠨ᠂ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠮᠤᠷ ᠲᠦᠪᠰᠢᠨ᠎ᠤ ᠰᠠᠨᠠᠭᠤᠯᠤᠮᠵᠢ᠂ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠮᠤᠷ ᠲᠦᠪᠰᠢᠨ᠎ᠤ ᠰᠠᠨᠠᠭᠤᠯᠤᠮᠵᠢ ᠵᠢᠨ ᠣᠬᠤᠷ ᠮᠡᠳᠡᠭᠡ ᠵᠢ ᠨᠡᠶ᠋ᠢᠲᠡᠯᠡᠪᠡ᠃ ᠡᠬᠦᠨ᠎ᠤ ᠳᠠᠭ᠋ᠠᠤ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠤᠬᠠᠭᠤᠯᠤᠭᠴᠢ ᠬᠤᠳᠠᠯᠳᠤᠭ᠋ᠠᠨ᠎ᠤ ᠵᠠᠬ᠎ᠠ ᠳᠡᠯᠭᠡᠭᠦᠷ᠂ ᠬᠥᠮᠦᠨ ᠬᠠᠷ᠎ᠠ ᠬᠤᠷᠠᠨ ᠴᠤᠭᠯᠠᠷᠠᠳᠠᠭ ᠲᠠᠯᠠᠪᠤᠷ᠂ ᠦᠵᠡᠮᠵᠢ ᠵᠢᠨ ᠣᠷᠣᠨ ᠵᠡᠷᠭᠡ᠎ᠳᠤ ᠣᠷᠣᠵᠤ ᠤᠬᠠᠭᠤᠯᠭ᠎ᠠ ᠵᠢᠨ ᠠᠵᠢᠯ ᠥᠷᠨᠢᠭᠦᠯᠵᠦ᠂ ᠣᠯᠠᠨ ᠲᠦᠮᠡᠨ᠎ᠤ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠮᠤᠷ ᠲᠦᠪᠰᠢᠨ᠎ᠤ ᠦᠵᠡᠯ ᠤᠬᠠᠮᠰᠠᠷ ᠪᠠ ᠦᠪᠡᠷ ᠪᠤᠰᠤᠳ᠎ᠢ ᠠᠪᠤᠷᠠᠨ ᠳᠤᠰᠠᠯᠠᠬᠤ ᠴᠢᠳᠠᠪᠤᠷᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠪᠡ᠃ ᠬᠣ᠌ ᡁᠢ ᠮᠢᠨ ᠯᠢ ᠶᠠᠨ ᠮᠡᠳᠡᠭᠡᠯᠡᠪᠡ
    

ᠢᠷᠡᠯᠲᠡ᠄ ᠬᠢᠩᠭ᠋ᠠᠨ᠎ᠤ ᠡᠳᠤᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠠᠵᠢᠯ᠎ᠤᠨ ᠬᠤᠭᠤᠴᠠᠭ᠎ᠠ ᠬᠡᠲᠦᠷᠡᠭᠰᠡᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠥᠪᠥᠷ ᠮᠣᠩᠭᠣᠯ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠢ ᠪᠣᠳᠠᠲᠠᠶ ᠬᠡᠷᠡᠭᠵᠢᠭᠦᠯᠪᠡ
《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠬᠠᠳᠤᠨ ᠭᠤᠣᠯ᠎ᠤᠨ 《ᠶᠡᠭᠡ ᠲᠣᠬᠤᠢ ᠣᠷᠣᠨ》᠎ᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠠᠬᠤᠢ ᠲᠠᠯᠠᠪᠠᠢ ᠵᠢᠨ ᠠᠬᠢᠭᠤᠯᠬᠤ ᠬᠤᠷᠠᠯ ᠬᠤᠷᠠᠯᠳᠤᠪᠠ ᠾᠧ ᠯᠢ ᠹᠧᠩ ᠬᠤᠷᠠᠯ᠎ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ
ᠲᠣᠮᠣ ᠤᠯᠤᠰ᠎ᠤᠨ ᠡᠯᠡᠰᠦ ᠵᠠᠰᠠᠯᠲᠠ ᠵᠢᠨ ᠥᠪᠥᠷ ᠮᠣᠩᠭᠤᠯ᠎ᠤᠨ ᠲᠥᠰᠥᠯ᠎ᠤᠨ ᠠᠨᠢᠰᠤ
【ᠬᠣᠷᠴᠢᠨ᠂ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ】 ᠤᠯᠠᠭ᠋ᠠᠨᠬᠠᠳᠠ ᠬᠣᠲᠠ ᠵᠢᠯᠣᠭᠣᠴᠢ ᠥᠬᠡᠶ ᠨᠢᠰᠬᠡᠯ᠎ᠤᠨ ᠮᠡᠷᠭᠡᠵᠢᠯ᠎ᠢ ᠶᠡᠬᠡ᠎ᠪᠠᠷ ᠳᠡᠯᠭᠡᠷᠡᠭᠦᠯᠵᠦ ᠭᠤᠷᠪᠠᠨ ᠤᠮᠠᠷᠠᠲᠤ ᠵᠢᠨ ᠢᠨᠵᠧᠨᠧᠷᠢᠩ ᠪᠠ ᠬᠣᠶᠠᠷ ᠶᠡᠬᠡ ᠡᠯᠡᠰᠦᠷᠬᠡᠭ ᠭᠠᠵᠠᠷ᠎ᠤᠨ ᠰᠥᠨᠥᠭᠡᠬᠦ ᠪᠠᠶ᠋ᠢᠯᠳᠤᠭ᠋ᠠᠨ᠎ᠤ ᠠᠬᠢᠴᠠ ᠵᠢ ᠲᠦᠷᠭᠡᠳᠬᠡᠪᠡ
 
             蒙ICP备05000248号