ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠣᠭᠤᠭᠠᠷᠠᠭᠤᠯᠤᠯᠲᠠ   -   ᠣᠶ᠋ᠢᠵᠢᠭᠤᠯᠤᠯᠲᠠ
ᠥᠪᠥᠷ ᠮᠣᠩᠭᠣᠯ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠠᠵᠢᠯ᠎ᠤᠨ ᠬᠤᠭᠤᠴᠠᠭ᠎ᠠ ᠬᠡᠲᠦᠷᠡᠭᠰᠡᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-02-20

 
   ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠤᠨ ᠬᠤᠭᠤᠴᠠᠭ᠎ᠠ ᠬᠡᠲᠦᠷᠡᠭᠰᠡᠨ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠠᠬᠢᠭᠤᠯᠬᠤ ᠵᠢᠨ ᠲᠥᠯᠥᠭᠡ᠂ 2 ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠤᠨ ᠬᠤᠭᠤᠴᠠᠭ᠎ᠠ ᠬᠡᠲᠦᠷᠡᠭᠰᠡᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠠᠮᠢᠶ᠎ᠠ ᠪᠥᠬᠥᠶ ᠠᠶ᠋ᠢᠮᠠᠭ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠴᠢ ᠥᠪᠥᠷ ᠮᠣᠩᠭᠣᠯ᠎ᠤᠨ ᠣᠶ ᠰᠢᠭᠤᠶ ᠵᠢᠨ ᠠᠵᠤ ᠦᠢ᠍ᠯᠡᠳᠪᠦᠷᠢ ᠵᠢᠨ ᠪᠦᠯᠦᠭᠯᠡᠯ᠎ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠬᠤᠷᠠᠯ᠎ᠳᠤ ᠣᠷᠣᠯᠴᠠᠪᠠ᠃ ᠬᠤᠷᠠᠯ ᠳᠡᠭᠡᠷ᠎ᠡ᠂ ᠬᠣᠯᠪᠣᠭᠳᠠᠯ ᠪᠥᠬᠥᠶ ᠨᠢᠭᠡᠴᠢ᠂ ᠭᠠᠵᠠᠷ ᠣᠷᠣᠨ᠎ᠤ ᠬᠠᠷᠢᠭᠤᠴᠠᠯᠭ᠋ᠠᠲᠠᠨ ᠭᠠᠯ᠎ᠢ ᠰᠡᠷᠭᠡᠶ᠋ᠢᠯᠡᠬᠦ ᠠᠵᠢᠯ᠎ᠤᠨ ᠬᠤᠭᠤᠴᠠᠭ᠎ᠠ ᠬᠡᠲᠦᠷᠡᠭᠰᠡᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠦᠨᠳᠦᠰᠦᠨ ᠪᠠᠶ᠋ᠢᠳᠠᠯ᠂ ᠠᠵᠢᠯ᠎ᠢ ᠠᠬᠢᠭᠤᠯᠤᠭᠰᠠᠨ ᠪᠠᠶ᠋ᠢᠳᠠᠯ ᠵᠢᠴᠢ ᠲᠠᠷᠠᠭ᠋ᠠᠴᠢ ᠵᠢᠨ ᠠᠯᠬᠤᠮ᠎ᠤᠨ ᠴᠡᠭᠴᠡᠯᠡᠨ ᠰᠠᠶ᠋ᠢᠵᠢᠷᠠᠭᠤᠯᠬᠤ ᠲᠥᠯᠥᠪᠯᠡᠭᠡ᠎ᠪᠠᠨ ᠬᠠᠷᠢᠭᠤ ᠮᠡᠳᠡᠭᠦᠯᠪᠡ᠃
   ᠬᠤᠷᠠᠯ᠎ᠠᠴᠠ ᠡᠯ᠎ᠡ ᠭᠠᠵᠠᠷ᠎ᠤᠨ᠎ᠬᠢᠨ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ᠎ᠪᠠᠨ ᠴᠢᠩᠭ᠋ᠠᠳᠬᠠᠨ᠂ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠤᠨ  ᠦᠢ᠍ᠯᠡᠳᠦᠯ᠎ᠢ ᠭᠦᠶᠴᠡᠳ ᠪᠠᠳᠠᠷᠠᠭᠤᠯᠵᠤ᠂ ᠱᠠᠲᠤ ᠱᠠᠲᠤ᠎ᠪᠠᠷ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠴᠡᠭᠴᠡᠯᠡᠨ ᠰᠠᠶ᠋ᠢᠵᠢᠷᠠᠭᠤᠯᠬᠤ ᠵᠢ ᠦᠷᠭᠦᠯᠵᠢᠯᠡᠨ ᠰᠠᠶ᠋ᠢᠲᠤᠷ ᠠᠳᠬᠤᠵᠤ᠂ ᠰᠠᠨᠠᠭ᠋ᠠᠴᠢᠯᠠᠭ᠎ᠠ᠎ᠠᠴᠠ᠎ᠪᠠᠨ ᠨᠢᠭᠡ᠎ᠠᠴᠠ ᠨᠥᠭᠥᠭᠡ ᠵᠢ  ᠵᠦᠢ᠍ᠴᠢᠯᠡᠨ ᠮᠡᠳᠡᠵᠦ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃ ᠴᠡᠭᠴᠡᠯᠡᠨ ᠰᠠᠶ᠋ᠢᠵᠢᠷᠠᠭᠤᠯᠬᠤ ᠬᠤᠭᠤᠴᠠᠭ᠋ᠠᠨ᠎ᠳᠤ ᠴᠡᠭᠴᠡᠯᠡᠨ ᠰᠠᠶ᠋ᠢᠵᠢᠷᠠᠭᠤᠯᠬᠤ ᠵᠢ ᠡᠷᠬᠡᠪᠰᠢ ᠪᠡᠶᠡᠯᠡᠭᠦᠯᠵᠦ᠂ ᠬᠤᠭᠤᠴᠠᠭ᠎ᠠ᠎ᠠᠴᠠ ᠬᠡᠲᠦᠷᠡᠭᠰᠡᠨ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ 2025 ᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠠᠵᠢᠯ᠎ᠤᠨ ᠤᠷᠤᠭᠰᠢᠲᠠᠶ ᠶᠠᠪᠤᠭᠳᠠᠬᠤ ᠵᠢ ᠪᠠᠲᠤᠯᠠᠬᠤ ᠬᠡᠷᠡᠭᠲᠡᠶ ᠭᠡᠵᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠢ ᠪᠣᠳᠠᠲᠠᠶ ᠬᠡᠷᠡᠭᠵᠢᠭᠦᠯᠪᠡ
《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠬᠠᠳᠤᠨ ᠭᠤᠣᠯ᠎ᠤᠨ 《ᠶᠡᠭᠡ ᠲᠣᠬᠤᠢ ᠣᠷᠣᠨ》᠎ᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠠᠬᠤᠢ ᠲᠠᠯᠠᠪᠠᠢ ᠵᠢᠨ ᠠᠬᠢᠭᠤᠯᠬᠤ ᠬᠤᠷᠠᠯ ᠬᠤᠷᠠᠯᠳᠤᠪᠠ ᠾᠧ ᠯᠢ ᠹᠧᠩ ᠬᠤᠷᠠᠯ᠎ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ
ᠲᠣᠮᠣ ᠤᠯᠤᠰ᠎ᠤᠨ ᠡᠯᠡᠰᠦ ᠵᠠᠰᠠᠯᠲᠠ ᠵᠢᠨ ᠥᠪᠥᠷ ᠮᠣᠩᠭᠤᠯ᠎ᠤᠨ ᠲᠥᠰᠥᠯ᠎ᠤᠨ ᠠᠨᠢᠰᠤ
【ᠬᠣᠷᠴᠢᠨ᠂ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ】 ᠤᠯᠠᠭ᠋ᠠᠨᠬᠠᠳᠠ ᠬᠣᠲᠠ ᠵᠢᠯᠣᠭᠣᠴᠢ ᠥᠬᠡᠶ ᠨᠢᠰᠬᠡᠯ᠎ᠤᠨ ᠮᠡᠷᠭᠡᠵᠢᠯ᠎ᠢ ᠶᠡᠬᠡ᠎ᠪᠠᠷ ᠳᠡᠯᠭᠡᠷᠡᠭᠦᠯᠵᠦ ᠭᠤᠷᠪᠠᠨ ᠤᠮᠠᠷᠠᠲᠤ ᠵᠢᠨ ᠢᠨᠵᠧᠨᠧᠷᠢᠩ ᠪᠠ ᠬᠣᠶᠠᠷ ᠶᠡᠬᠡ ᠡᠯᠡᠰᠦᠷᠬᠡᠭ ᠭᠠᠵᠠᠷ᠎ᠤᠨ ᠰᠥᠨᠥᠭᠡᠬᠦ ᠪᠠᠶ᠋ᠢᠯᠳᠤᠭ᠋ᠠᠨ᠎ᠤ ᠠᠬᠢᠴᠠ ᠵᠢ ᠲᠦᠷᠭᠡᠳᠬᠡᠪᠡ
ᠮᠤᠷᠳᠠᠭ᠎ᠠ ᠵᠢᠨ ᠪᠠᠢ᠌ᠭ᠋ᠠᠯᠢᠯᠢᠭ ᠤᠢ
 
             蒙ICP备05000248号