ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ ᠲᠥᠷᠢᠮ
ᠨᠡᠶᠢᠲᠡᠯᠡᠭᠰᠡᠨ ᠴᠠᠭ᠄
2018/10/24
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠵᠠᠷ ᠤᠨ ᠲᠠᠯᠠ ᠶᠢᠰᠦᠳᠦᠭᠡᠷ ᠲᠤᠭᠠᠳᠤ      2002 ᠣᠨ ᠤ 8 ᠰᠠᠷ᠎ᠠ ᠶᠢᠨ 2` ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ‌‍ᠶᠢᠨ ᠬᠤᠷᠢᠶᠠᠨ ᠤ ᠭᠤᠴᠢᠨ ᠨᠢᠭᠡᠳᠦᠭᠡᠷ ᠬᠤᠷᠠᠯᠳᠤᠭᠠᠨ ᠠᠴᠠ ᠪᠠᠲᠤᠯᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ ᠳᠦᠷᠢᠮ︾ ᠢ 2002 ᠣᠨ ᠤ 12 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      2002 ᠣᠨ ᠤ 8 ᠰᠠᠷ᠎ᠠ ᠵᠠ 2 ᠤ ᠡᠳᠦᠷ      ᠨᠢᠭᠡᠳᠦᠭᠡᠷ ᠪᠦᠯᠦᠭ   ᠶᠡᠷᠦᠩᠬᠡᠶ ᠲᠤᠶᠢᠷᠢᠮ      ᠨᠢᠭᠡᠳᠦᠭᠡᠷ ᠵᠤᠷᠪᠤᠰ  ᠤᠢ ᠮᠣᠳᠣᠨ ᠤ ᠦᠷ᠎ᠡ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠶ ᠠᠰᠢᠭᠯᠠᠵᠤ᠂ ᠤᠢ ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ ᠦᠢᠯᠡᠳᠪᠦᠷᠢᠯᠡᠯ᠂ ᠡᠵᠡᠩᠨᠡᠯᠳᠠ᠂ ᠬᠡᠷᠡᠭᠯᠡᠯᠳᠡ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠦᠷ᠎ᠡ ᠪᠠ ᠵᠤᠯᠵᠠᠭ᠎ᠠ ᠮᠣᠳᠣᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ︾ ᠪᠠ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠦᠯᠢ ᠲᠦᠷᠢᠮ ᠢ ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠤᠰ ᠳᠦᠷᠢᠮ ᠢ ᠲᠣᠭᠲᠠᠭᠠᠪᠠ᠃      ᠬᠤᠶᠠᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠪᠦᠰᠡ ᠶᠢᠨ ᠲᠤᠳᠤᠷ᠎ᠠ ᠤᠢ ᠮᠣᠳᠣᠨ ᠤ ᠦᠷ᠎ᠡ ᠶᠢᠨ ᠡᠬᠢ ᠪᠠᠶᠠᠯᠢᠭ ᠤᠨ ᠬᠠᠮᠠᠭᠠᠯᠠᠯᠳᠠ᠂ ᠤᠢ ᠮᠣᠳᠣᠨ ᠤ ᠡᠭᠦᠯᠳᠡᠷ ᠤᠨ ᠰᠣᠩᠭᠤᠨ ᠪᠤᠶᠢᠵᠢᠭᠤᠯᠤᠯᠳᠠ᠂ ᠤᠷᠤᠭᠤᠯᠤᠯᠳᠠ᠂ ᠤᠢ ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ ᠦᠢᠯᠡᠳᠪᠦᠷᠢᠯᠡᠯ᠂ ᠡᠵᠡᠩᠨᠡᠯᠳᠡ᠂ ᠬᠡᠷᠡᠭᠯᠡᠯᠳᠡ ᠪᠠ ᠬᠠᠮᠢᠶᠠᠷᠤᠯᠳᠠ ᠵᠡᠷᠭᠡ ᠠᠵᠢᠯᠯᠠᠭ᠎ᠠ ᠡᠷᠬᠢᠯᠡᠵᠦ ᠪᠠᠶᠢᠭ᠎ᠠ ᠨᠢᠭᠡᠴᠡ ᠪᠠ ᠬᠤᠪᠢ ᠬᠥᠮᠦᠨ ᠡᠷᠬᠡᠪᠰᠢ ᠲᠤᠰ ᠲᠥᠷᠢᠮ ᠢ ᠵᠢᠷᠤᠮᠯᠠᠬᠤ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠶ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号