ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠬᠠᠤᠯᠢ︾ ᠶᠢ ᠬᠡᠷᠡᠭᠵᠢᠭᠦᠯᠬᠦ ᠠᠷᠭ᠎ᠠ
ᠨᠡᠶᠢᠲᠡᠯᠡᠭᠰᠡᠨ ᠴᠠᠭ᠄
2018/10/24
    ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠠᠷ 17 ᠳ᠋ᠤᠭᠠᠷ ᠲᠤᠭᠠᠲᠤ︶      2004 ᠤᠨ ᠤ 7 ᠰᠠᠷ᠎ᠠ ᠶᠢᠨ 31 ᠤ ᠡᠳᠦᠷ  ᠂ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠳᠤᠭᠠᠷ ᠬᠤᠷᠠᠯᠳᠤᠭᠠᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠬᠠᠤᠯᠢ﹀ ᠶᠢ ᠬᠡᠷᠡᠭᠵᠢᠬᠦᠯᠬᠦ ᠠᠷᠭ᠎ᠠ︾ ᠶᠢ ᠪᠠᠲᠤᠯᠠᠨ᠂ ᠡᠳᠦᠭᠡ ᠨᠡᠶᠢᠳᠠᠯᠠᠵᠦ᠂ 2004 ᠣᠨ ᠤ 9 ᠰᠠᠷ᠎ᠠ ᠶᠢᠨ  ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠨᠢᠭᠡᠳᠦᠭᠡᠷ ᠪᠦᠯᠦᠭ      ᠶᠡᠷᠦᠩᠬᠡᠶ ᠲᠤᠶᠢᠷᠢᠮ      ᠨᠢᠭᠡᠳᠦᠭᠡᠷ ᠵᠤᠷᠪᠤᠰ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠬᠠᠤᠯᠢ︾ ᠪᠠ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠲᠦᠷᠢᠮ ᠲᠤᠭᠳᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ  ᠤ ᠲᠤᠳᠤᠷ᠎ᠠ ᠭᠠᠵᠠᠷ ᠰᠢᠷᠣᠶ ᠶᠢᠨ ᠡᠯᠡᠰᠦᠷᠭᠡᠭᠵᠢᠬᠦ ᠶᠢ ᠤᠷᠢᠳᠴᠢᠯᠠᠨ ᠰᠡᠷᠭᠡᠶᠢᠯᠡᠵᠦ᠂ ᠡᠯᠡᠰᠦᠷᠭᠡᠭᠵᠢᠭᠰᠡᠨ ᠭᠠᠵᠠᠷ ᠰᠢᠷᠣᠶ ᠶᠢ ᠬᠠᠮᠠᠭᠠᠯᠠᠨ ᠵᠠᠰᠠᠬᠤ ᠪᠠ ᠨᠡᠭᠡᠭᠡᠨ ᠠᠰᠢᠭᠯᠠᠬᠤ ᠠᠵᠢᠯᠯᠠᠭ᠎ᠠ ᠶᠢ ᠬᠢᠬᠦ ᠳᠤ᠂ ᠲᠤᠰ ᠠᠷᠭ᠎ᠠ ᠶᠢ ᠵᠢᠷᠤᠮᠯᠠᠬᠤ ᠬᠡᠷᠡᠭᠲᠡᠶ᠃      ᠲᠤᠰ ᠠᠷᠭ᠎ᠠ ᠳᠤ ᠬᠡᠯᠡᠵᠦ ᠪᠠᠶᠢᠭ᠎ᠠ ᠡᠯᠡᠰᠦᠷᠭᠡᠭᠵᠢᠭᠰᠡᠨ ᠭᠠᠵᠠᠷ ᠰᠢᠷᠣᠶ ᠭᠡᠳᠡᠭ ᠨᠢ ᠨᠢᠭᠡᠨᠲᠡ  ᠡᠯᠡᠰᠦᠷᠭᠡᠭᠵᠢᠭᠰᠡᠨ ᠭᠠᠵᠠᠷ ᠰᠢᠷᠣᠶ ᠪᠠ ᠢᠯᠡᠳᠲᠡ ᠡᠯᠡᠰᠦᠷᠭᠡᠭᠵᠢᠬᠦ ᠬᠠᠨᠳᠤᠰᠢ ᠲᠠᠢ ᠭᠠᠵᠠᠷ ᠰᠢᠷᠣᠶ ᠪᠠᠭᠲᠠᠨ᠎ᠠ᠃ ᠡᠯᠡᠰᠦᠷᠭᠡᠭᠵᠢᠭᠰᠡᠨ ᠭᠠᠵᠠᠷ ᠰᠢᠷᠣᠶ ᠶᠢᠨ ᠪᠣᠳᠠᠲᠠᠶ ᠬᠦᠷᠢᠶ᠎ᠡ ᠬᠡᠪᠴᠢᠶ᠎ᠡ ᠵᠢᠴᠢ ᠡᠯᠡᠰᠦᠷᠭᠡᠭᠵᠢᠬᠦ ᠬᠡᠯᠪᠡᠷᠢᠯᠲᠤ ᠤᠷᠤᠨ ᠬᠡᠪᠴᠢᠶ᠎ᠠ ᠶᠢ ᠥᠪᠡᠷᠲᠡᠭᠡᠨ ᠵᠠᠰᠠᠬᠤ ᠣᠷᠣᠨ ᠤ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠥᠯᠥᠪᠵᠢᠭᠦᠯᠭᠡ ᠪᠠᠷ ᠲᠣᠭᠲᠠᠭᠠᠬᠤ ᠬᠡᠷᠡᠭᠲᠡᠶ᠃      ᠭᠤᠷᠪᠠᠳᠤᠭᠠᠷ ᠵᠤᠷᠪᠤᠰ  ᠡᠯᠡᠰᠦᠷᠭᠡᠭᠵᠢᠭᠰᠡᠨ ᠭᠠᠵᠠᠷ ᠰᠢᠷᠣᠶ ᠶᠢᠨ ᠣᠷᠣᠰᠢᠵᠤ ᠪᠠᠶᠢᠭ᠎ᠠ ᠭᠠᠵᠠᠷ ᠣᠷᠣᠨ‌‍ᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠳᠤ ᠤᠷᠤᠭᠤᠯᠵᠦ᠂  ᠡᠯᠡᠰᠦᠷᠬᠡᠭᠵᠢᠬᠦ ᠶᠢ ᠰᠡᠷᠬᠡᠶᠢᠯᠡᠵᠦ ᠡᠯᠡᠰᠦ ᠶᠢ ᠵᠠᠰᠠᠬᠤ ᠠᠵᠢᠯ ᠢ ᠦᠷᠨᠢᠬᠦᠯᠬᠦ ᠶᠢ ᠪᠠᠲᠤᠯᠠᠨ ᠳᠡᠮᠵᠢᠬᠦ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠶ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号