ᠸᠢᠴᠲ ᠤᠨ ᠴᠣᠭᠯᠠᠷᠠᠯ ᠳᠤ ᠲᠠᠨᠢ ᠳᠣᠣᠷᠠᠬᠢ ᠴᠢᠮᠡᠭᠡ ᠵᠠᠩᠭᠢ ᠪᠠᠶᠢᠪᠠᠯ ᠲᠠ ᠬᠠᠣᠯᠢ ᠶᠢᠨ ᠬᠠᠷᠢᠭᠤᠴᠠᠯᠭ᠎ᠠ ᠨᠡᠬᠡᠮᠵᠢᠯᠡᠭᠳᠡᠨ᠎ᠡ
ᠨᠡᠶᠢᠲᠡᠯᠡᠭᠰᠡᠨ ᠴᠠᠭ᠄
2018/11/1
     ᠣᠶᠢᠷ᠎ᠠ ᠳᠤ᠂ ᠶᠦᠨᠨᠠᠨ ᠮᠣᠵᠢ ᠶᠢᠨ ᠺᠦᠨᠮᠢᠩ ᠬᠤᠳᠠ ᠶᠢᠨ ᠰᠢᠶᠦ᠋ᠨ ᠳ᠋ᠢᠶᠠᠨ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠠᠩᠬᠠᠨ ᠰᠢᠭᠦᠯᠳᠡ ᠶᠢᠨ ᠳ᠋ᠦᠩ ᠳᠤ᠂ ᠯᠥᠸᠧ ᠣᠪᠣᠭᠳᠣ ᠱᠠᠯᠢᠭ ᠵᠠᠪᠠᠭ᠋ᠠᠢ ᠡᠳ᠋ ᠪᠣᠳᠠᠰ ᠢ ᠣᠯᠠᠮᠵᠢᠯᠠᠨ ᠲᠠᠷᠬᠠᠭᠠᠭᠰᠠᠨ ᠶᠠᠯ᠎ᠠ ᠳᠤ ᠣᠨᠣᠵᠣ᠂ 6 ᠰᠠᠷ᠎ᠠ ᠶᠢᠨ ᠬᠤᠭᠤᠴᠠᠭ᠎ᠠ ᠲᠠᠢ ᠬᠤᠷᠢᠭᠳᠠᠬᠤ ᠪᠠᠷ ᠰᠢᠢᠳᠭᠡᠭᠳᠡᠪᠡ᠃      31 ᠨᠠᠰᠣ ᠲᠠᠢ ᠯᠥᠸᠧ ᠣᠪᠣᠭᠳᠣ ᠪᠣᠯ ᠶᠦᠨᠨᠠᠨ ᠮᠣᠵᠢ ᠶᠢᠨ ᠳ᠋ᠧ ᠬᠤᠩ ᠵᠧᠦ ᠶᠢᠨ ᠬᠦᠮᠦᠨ᠃ 2017 ᠣᠨ ᠤ 2 ᠰᠠᠷ᠎ᠠ ᠳᠤ᠂ ᠯᠥᠸᠧ ᠣᠪᠣᠭᠳᠣ ᠸᠢᠴᠠᠲ ᠢᠶᠠᠨ ᠠᠰᠢᠭᠯᠠᠨ ︽ᠦᠨ᠎ᠡ ᠬᠠᠶᠠᠨ ᠬᠤᠳᠠᠯᠳᠣᠬᠤ︾ ᠭᠡᠬᠦ ᠨᠠᠷ᠎ᠡ ᠪᠠᠷ ᠴᠣᠭᠯᠠᠷᠠᠯ ᠪᠠᠶᠢᠭᠤᠯᠣᠨ᠂ ᠴᠣᠭᠯᠠᠷᠠᠯ ᠤᠨ ᠠᠬᠠᠯᠠᠭᠴᠢ ᠵᠢᠴᠢ ᠬᠠᠮᠢᠶᠠᠷᠣᠭᠴᠢ ᠪᠣᠯᠣᠭᠰᠠᠨ ᠪᠢᠯᠡ᠃      2017 ᠣᠨ ᠤ 12 ᠳ᠋ᠣᠭᠠᠷ ᠰᠠᠷ᠎ᠠ ᠳᠤ᠂ ᠲᠡᠷᠡ ᠴᠣᠭᠯᠠᠷᠠᠯ ᠳᠡᠭᠡᠷ᠎ᠡ ᠪᠠᠨ ᠸᠢᠴᠠᠲ ᠶᠢᠨ ᠨᠠᠶᠢᠵᠠ ᠶᠢᠨ ᠢᠶᠠᠨ ᠱᠠᠯᠢᠭ ᠵᠠᠪᠠᠭ᠋ᠠᠢ ᠳᠦᠷᠰᠦ ᠰᠢᠩᠭᠡᠭᠡᠯᠳᠡ ᠳᠠᠯᠪᠢᠵᠣ ᠣᠯᠠᠨ ᠳᠤ ᠰᠣᠨᠢᠷᠬᠠᠭᠤᠯᠬᠤ ᠶᠢ ᠵᠦᠪᠰᠢᠶᠡᠷᠡᠪᠡ᠃ ᠰᠦᠯᠵᠢᠶᠡᠨ ᠤ ᠬᠠᠣᠯᠢ ᠴᠠᠭᠠᠵᠠ ᠶᠢᠨ ᠬᠠᠮᠢᠶᠠᠷᠣᠯᠳᠠ ᠠᠴᠠ ᠵᠠᠶᠢᠯᠠᠰᠬᠢᠬᠤ ᠶᠢᠨ ᠳᠣᠯᠠᠳᠠ᠂ ᠲᠡᠷᠡ ᠴᠣᠭᠯᠠᠷᠠᠯ ᠤᠨ ᠨᠡᠷ᠎ᠡ ᠪᠠᠨ ᠬᠡᠳᠦᠨᠳᠡ ᠬᠠᠯᠠᠵᠣ ᠵᠠᠰᠠᠭᠰᠠᠨ ᠶᠤᠮ᠃      2018 ᠣᠨ ᠤ 5 ᠰᠠᠷ᠎ᠠ ᠶᠢᠨ 16 ᠤ ᠡᠳᠦᠷ᠂ ᠯᠥᠸᠧ ᠣᠪᠣᠭᠳᠣ ᠡᠨᠡᠬᠦ ᠡᠷᠡᠭᠦᠦ ᠶᠢᠨ ᠬᠡᠷᠡᠭ ᠠᠴᠠ ᠪᠣᠯᠵᠣ ᠳᠦᠷ ᠬᠤᠷᠢᠭᠳᠠᠪᠠ᠃ ᠳᠣᠰ ᠵᠢᠯ ᠤᠨ 5 ᠰᠠᠷ᠎ᠠ ᠶᠢᠨ 30 ᠤ ᠡᠳᠦᠷ ᠪᠠᠷᠢᠪᠴᠢᠯᠠᠭᠳᠠᠪᠠ᠃ ᠰᠢᠭᠦᠬᠦ ᠬᠤᠷᠢᠶᠠᠨ ᠤ ᠠᠩᠬᠠᠨ ᠰᠢᠭᠦᠯᠳᠡ ᠶᠢᠨ ᠳ᠋ᠦᠩ ᠳᠤ᠂ ᠯᠥᠸᠧ ᠣᠪᠣᠭᠳᠣ ᠱᠠᠯᠢᠭ ᠵᠠᠪᠠᠭ᠋ᠠᠢ ᠡᠳ᠋ ᠪᠣᠳᠠᠰ ᠢ ᠣᠯᠠᠮᠵᠢᠯᠠᠨ ᠳᠠᠷᠬᠠᠭᠠᠭᠰᠠᠨ ᠶᠠᠯ᠎ᠠ ᠪᠠᠷ 6 ᠰᠠᠷ᠎ᠠ ᠶᠢᠨ ᠬᠤᠭᠤᠴᠠᠭ᠎ᠠ ᠲᠠᠢ ᠬᠤᠷᠢᠭᠳᠠᠬᠤ ᠪᠠᠷ ᠰᠢᠢᠳᠬᠡᠭᠳᠡᠪᠡ᠃      2017 ᠣᠨ ᠤ ᠰᠠᠷ᠎ᠠ ᠶᠢᠨ 7 ᠤ ᠡᠳᠦᠷ᠂ ᠣᠯᠣᠰ ᠤᠨ ᠢᠨᠲ᠋ᠧᠷᠨ᠋ᠲ ᠰᠦᠯᠵᠢᠶᠠᠨ ᠤ ᠮᠡᠳᠡᠭᠡ ᠵᠠᠩᠭᠢ ᠶᠢᠨ ᠠᠯᠪᠠᠨ ᠬᠡᠷ ᠠᠴᠠ ︽ᠢᠨᠲ᠋ᠧᠷᠨ᠋ᠲ ᠰᠦᠯᠵᠢᠶᠡᠨ ᠤ ᠴᠣᠭᠯᠠᠷᠠᠯ ᠤᠨ ᠮᠡᠳᠡᠭᠡ ᠵᠠᠩᠭᠢ ᠶᠢᠨ ᠦᠢᠯᠴᠢᠯᠡᠬᠡᠨ ᠤ ᠬᠠᠮᠢᠶᠠᠷᠣᠯᠳᠠ ᠶᠢᠨ ᠳᠦᠷᠢᠮ︾ ︵ᠳᠣᠣᠷ᠎ᠠ ︽ᠳᠦᠷᠢᠮ︾ ᠭᠡᠵᠦ ᠳᠦᠬᠦᠮᠴᠢᠯᠡᠶ᠎ᠡ︶ ᠬᠡᠪᠯᠡᠨ ᠳᠠᠷᠬᠠᠭᠠᠵᠣ᠂ 2017 ᠣᠨ ᠤ 10 ᠰᠠᠷ᠎ᠠ ᠶᠢᠨ 8 ᠤ ᠡᠳᠦᠷ ᠠᠴᠠ ᠡᠬᠢᠯᠡᠨ ᠵᠢᠩᠭᠢᠨᠢ ᠪᠠᠷ ᠬᠡᠷᠡᠭᠵᠢᠭᠦᠯᠵᠡᠢ᠃      ︽ᠳᠦᠷᠢᠮ︾ ᠬᠡᠷᠡᠭᠵᠢᠭᠦᠯᠬᠦ ᠶᠢᠨ ᠵᠣᠷᠢᠯᠭ᠎ᠠ ᠭᠡᠪᠡᠯ ᠢᠨᠲ᠋ᠧᠷᠨ᠋ᠲ ᠰᠦᠯᠵᠢᠶᠡᠨ ᠤ ᠴᠣᠭᠯᠠᠷᠠᠯ ᠤᠨ ᠮᠡᠳᠡᠭᠡ ᠵᠠᠩᠭᠢ ᠶᠢᠨ ᠦᠢᠯᠴᠢᠯᠡᠭᠡᠨ ᠤ ᠡᠷᠡᠭᠦᠯ ᠢᠶᠠᠷ᠂ ᠳᠢᠭᠯᠢᠮ ᠲᠠᠢ ᠢᠶᠠᠷ ᠬᠥᠭᠵᠢᠨ᠂ ᠨᠡᠶᠢᠭᠡᠮ ᠵᠢᠷᠣᠮᠳᠣ ᠭᠤᠣᠯᠯᠠᠭᠴᠢ ᠦᠷᠳᠡᠭ ᠤᠨ ᠦᠵᠡᠯᠳᠡ ᠶᠢ ᠪᠠᠳᠠᠷᠠᠭᠤᠯᠣᠨ ᠳᠡᠯᠭᠡᠷᠡᠬᠦᠯᠦᠨ᠂ ᠢᠳᠡᠪᠬᠢ ᠴᠢᠨᠠᠷ ᠪᠦᠬᠦᠢ ᠡᠷᠡᠭᠦᠯ ᠴᠢᠬᠢᠷᠠᠭ ᠰᠦᠯᠵᠢᠶᠡᠨ ᠤ ᠰᠣᠶᠣᠯ ᠢ ᠪᠣᠶᠢᠵᠢᠭᠤᠯᠣᠨ᠂ ᠦᠷᠭᠡᠨ ᠣᠯᠠᠨ ᠰᠦᠯᠵᠢᠶᠡᠨ ᠤ ᠢᠷᠭᠡᠨ ᠳᠤ ᠴᠡᠪᠡᠷ ᠠᠷᠢᠭᠤᠨ᠂ ᠳᠦᠪᠯᠡᠭᠦᠨ ᠴᠢᠬᠡᠴᠢ ᠰᠦᠯᠵᠢᠶᠡᠨ ᠤ ᠣᠷᠣᠨ ᠵᠠᠢ ᠶᠢ ᠪᠦᠷᠢᠳᠦᠭᠦᠯᠬᠦ ᠶᠢ ᠵᠣᠷᠢᠵᠠᠢ᠃ ︽ᠳᠦᠷᠢᠮ︾ ᠤᠨ ᠠᠷᠪᠠᠳᠣᠭᠠᠷ ᠵᠣᠷᠪᠣᠰ ᠲᠤ ᠳᠣᠳᠣᠷᠬᠠᠢ ᠵᠢᠭᠠᠨ ᠭᠠᠷᠭᠠᠭᠰᠠᠨ ᠢᠶᠠᠷ᠄ ᠢᠨᠲ᠋ᠧᠷᠨ᠋ᠲ ᠰᠦᠯᠵᠢᠶᠡᠨ ᠤ ᠴᠣᠭᠯᠠᠷᠠᠯ ᠤᠨ ᠴᠢᠮᠡᠭᠡ ᠵᠠᠩᠭᠢ ᠶᠢᠨ ᠦᠢᠯᠴᠢᠯᠡᠭᠡᠨ ᠤ ᠬᠠᠩᠭᠠᠭᠴᠢ ᠪᠠ ᠠᠰᠢᠭᠯᠠᠭᠴᠢ ᠨᠠᠷ ᠰᠦᠯᠵᠢᠶᠠᠨ ᠤ ᠴᠣᠭᠯᠠᠷᠠᠯ ᠢᠶᠠᠷ ᠬᠠᠣᠯᠢ ᠳᠦᠷᠢᠮ ᠲᠤ ᠵᠦᠪᠰᠢᠶᠡᠷᠡᠬᠦ ᠦᠭᠡᠢ᠂ ᠣᠯᠣᠰ ᠤᠨ ᠳᠦᠷᠢᠮ ᠳᠣᠭᠳᠠᠭᠠᠯ ᠠᠴᠠ ᠵᠦᠷᠢᠴᠡᠭᠰᠡᠨ ᠮᠡᠳᠡᠭᠡ ᠵᠠᠩᠭᠢ ᠶᠢ ᠲᠠᠮᠵᠢᠭᠤᠯᠵᠣ ᠪᠣᠯᠬᠤ ᠦᠭᠡᠢ ᠬᠡᠮᠡᠪᠡ᠃      ᠣᠯᠣᠰ ᠤᠨ ᠢᠨᠲ᠋ᠧᠷᠨ᠋ᠲ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠬᠠᠷᠢᠭᠤᠴᠠᠯᠭᠠᠳᠠᠨ ᠬᠡᠯᠡᠬᠦ ᠳᠡᠭᠡᠨ᠄ ᠢᠨᠲ᠋ᠧᠷᠨ᠋ᠲ ᠰᠦᠯᠵᠢᠶᠡᠨ ᠤ ᠴᠣᠭᠯᠠᠷᠠᠯ ᠤᠨ ᠵᠣᠬᠢᠶᠠᠨ ᠪᠠᠶᠢᠭᠤᠯᠣᠭᠴᠢ᠂ ᠬᠠᠮᠢᠶᠠᠷᠣᠭᠴᠢ ᠨᠠᠷ ᠡᠭᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠬᠡᠷᠡᠭᠳᠡᠢ᠃ ᠳᠠᠷᠣᠢ ︽ᠬᠡᠨ ᠪᠠᠶᠢᠭᠤᠯᠪᠠᠯ ᠬᠡᠨ ᠬᠠᠷᠢᠭᠤᠴᠠᠬᠤ︾᠂ ︽ᠬᠡᠨ ᠬᠠᠮᠢᠶᠠᠷᠣᠪᠠᠯ ᠬᠡᠨ ᠬᠠᠷᠢᠭᠤᠴᠠᠬᠤ︾ ᠶᠣᠰᠣ ᠲᠠᠢ᠃      ᠴᠣᠭᠯᠠᠷᠠᠯ ᠤᠨ ᠠᠬᠠᠯᠠᠭᠴᠢ ᠨᠢ ᠴᠣᠭᠯᠠᠷᠠᠯ ᠤᠨ ᠬᠠᠮᠢᠶᠠᠷᠣᠭᠴᠢ ᠪᠣᠯᠣᠭᠰᠠᠨ ᠤ ᠬᠤᠪᠢ ᠳᠤ᠂ ᠳᠣᠬᠠᠢ ᠶᠢᠨ ᠴᠣᠭᠯᠠᠷᠠᠯ ᠤᠨ ᠡᠮᠬᠢ ᠵᠠᠮᠪᠠᠷᠠᠭ᠎ᠠ ᠶᠢ ᠪᠠᠳᠣᠯᠠᠵᠣ᠂ ᠬᠠᠣᠯᠢ ᠪᠣᠰᠣ ᠵᠢᠴᠢ ᠬᠠᠣᠯᠢ ᠶᠢ ᠵᠦᠷᠢᠴᠡᠭᠰᠡᠨ ᠠᠵᠢᠯᠯᠠᠭ᠎ᠠ ᠨᠤᠭᠤᠳ ᠴᠣᠭᠯᠠᠷᠠᠯ ᠳᠤ ᠰᠠᠷᠨᠢᠭᠤᠯᠵᠣ ᠪᠣᠯᠬᠤ ᠦᠭᠡᠢ᠃ ᠬᠡᠷᠪᠡ ᠠᠰᠠᠭᠤᠳᠠᠯ ᠳᠣᠯᠭᠠᠷᠠᠪᠠᠯ᠂ ᠡᠷᠬᠡᠪᠰᠢ ᠴᠠᠭ ᠳᠣᠬᠠᠢ ᠳᠤᠨᠢ ᠬᠠᠮᠢᠶᠠᠷᠠᠵᠣ᠂ ᠮᠡᠳᠡᠭᠦᠯᠬᠦ ᠬᠡᠷᠡᠭᠳᠡᠢ᠃      ᠴᠣᠭᠯᠠᠷᠠᠯ ᠤᠨ ᠠᠬᠠᠯᠠᠭᠴᠢ ᠬᠠᠷᠢᠭᠤᠴᠠᠯᠭ᠎ᠠ ᠠᠯᠳᠠᠭᠰᠠᠨ ᠠᠴᠠ ᠪᠣᠯᠵᠣ ᠴᠣᠭᠯᠠᠷᠠᠯ ᠳᠤ ᠬᠠᠣᠯᠢ ᠶᠢ ᠵᠦᠷᠢᠴᠡᠭᠰᠡᠨ ᠪᠠᠶᠢᠳᠠᠯ ᠭᠠᠷᠪᠠᠯ ᠵᠣᠬᠢᠬᠤ ᠬᠠᠷᠢᠭᠤᠴᠠᠯᠭ᠎ᠠ ᠡᠭᠦᠷᠭᠡᠯᠡᠨ᠎ᠡ᠃ ᠴᠣᠭᠯᠠᠷᠠᠯ ᠤᠨ ᠭᠡᠰᠢᠭᠦᠳ ᠳᠣᠣᠷᠠᠬᠢ ᠮᠡᠳᠡᠭᠡ ᠵᠠᠩᠭᠢ ᠶᠢ ᠳᠠᠮᠵᠢᠭᠤᠯᠵᠣ ᠪᠣᠯᠬᠤ ᠦᠭᠡᠢ ᠭᠡᠵᠦ ᠣᠨᠴᠠᠯᠠᠨ ᠰᠠᠨᠠᠭᠤᠯᠣᠶ᠎ᠠ᠄      1. ᠭᠠᠵᠢᠭᠤ ᠶᠠᠷᠢᠶ᠎ᠠ᠂ ᠴᠣᠣᠷᠬᠠᠯ ᠦᠭᠡ ᠶᠢ ᠢᠳᠡᠬᠡᠬᠦ ᠦᠭᠡᠢ᠂ ᠳᠠᠮᠵᠢᠭᠤᠯᠬᠤ ᠦᠭᠡᠢ      2. ᠳᠣᠳᠣᠭᠠᠳᠣ ᠶᠢᠨ ᠪᠢᠴᠢᠭ ᠮᠠᠲ᠋ᠧᠷᠢᠶᠠᠯ ᠢ ᠳᠠᠮᠵᠢᠭᠤᠯᠵᠣ ᠪᠣᠯᠬᠤ ᠦᠭᠡᠢ      3. ᠱᠠᠯᠢᠭ ᠵᠠᠪᠠᠭ᠋ᠠᠢ᠂ ᠬᠤᠣᠷᠳᠣ ᠡᠳ᠋᠂ ᠳᠡᠯᠪᠡᠷᠡᠬᠦ ᠪᠣᠳᠠᠰ ᠲᠠᠢ ᠬᠤᠯᠪᠣᠭᠠᠳᠠᠢ ᠪᠣᠯ ᠳᠠᠮᠵᠢᠭᠤᠯᠬᠤ ᠪᠣᠯᠬᠤ ᠦᠭᠡᠢ      4. ᠴᠡᠷᠢᠭ ᠤᠨ ᠪᠢᠴᠢᠭ ᠮᠠᠲ᠋ᠧᠷᠢᠶᠠᠯ ᠢ ᠳᠠᠮᠵᠢᠭᠤᠯᠵᠣ ᠪᠣᠯᠬᠤ ᠦᠭᠡᠢ      5. ᠣᠯᠣᠰ ᠤᠨ ᠨᠢᠭᠤᠴᠠ ᠪᠢᠴᠢᠭ ᠮᠠᠲ᠋ᠧᠷᠢᠶᠠᠯ ᠲᠠᠢ ᠬᠤᠯᠪᠣᠭᠠᠳᠠᠢ ᠪᠣᠯ ᠳᠠᠮᠵᠢᠭᠤᠯᠬᠤ ᠦᠭᠡᠢ      6. ᠪᠣᠰᠣᠳ ᠬᠠᠣᠯᠢ ᠳᠦᠷᠢᠮ ᠠᠴᠠ ᠵᠦᠷᠢᠴᠡᠭᠰᠡᠨ ᠮᠡᠳᠡᠭᠡ ᠵᠡᠩᠭᠢ ᠶᠢ ᠳᠠᠮᠵᠢᠭᠤᠯᠬᠤ ᠦᠭᠡᠢ ︵ᠠᠷᠠᠳ ᠤᠨ ᠰᠦᠯᠵᠢᠶ᠎ᠡ︶
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号