ᠪᠦᠬᠦ ᠤᠷᠤᠨ ᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠫᠤᠤ ᠵᠡᠪᠰᠡᠭ ᠲᠡᠯᠪᠡᠷᠡᠬᠦ ᠡᠳ᠋ ᠲᠤ ᠬᠤᠯᠪᠤᠬᠳᠠᠬᠰᠠᠨ 131 ᠬᠡᠷᠡᠭ ᠢ ᠢᠯᠡᠷᠡᠬᠦᠯᠪᠡ
ᠨᠡᠶᠢᠲᠡᠯᠡᠭᠰᠡᠨ ᠴᠠᠭ᠄
2018/11/14
     ᠣᠶᠢᠷ᠎ᠠ ᠳᠤ᠂ ᠰᠤᠷᠪᠤᠯᠵᠢᠯᠠᠬᠴᠢ ᠦᠪᠡᠷᠳᠡᠬᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠬᠢᠮ ᠠᠴᠠ ᠤᠶᠢᠢᠯᠠᠭᠠᠬᠰᠠᠨ ᠢᠶᠠᠷ᠂ ᠪᠦᠬᠦ ᠤᠷᠤᠨ ᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ 1 ~ 9 ᠰᠠᠷ᠎ᠠ ᠳᠤ ᠫᠤᠤ ᠵᠡᠪᠰᠡᠭ ᠲᠡᠯᠪᠡᠷᠡᠬᠦ ᠡᠳ᠋ ᠲᠤ ᠬᠤᠯᠪᠤᠬᠳᠠᠬᠰᠠᠨ 131 ᠬᠡᠷᠡᠭ ᠢ ᠢᠯᠡᠷᠡᠬᠦᠯᠦᠨ᠂ 158 ᠶᠠᠯ᠎ᠠ ᠶᠢᠨ ᠰᠡᠵᠢᠭᠳᠡᠨ ᠢ ᠪᠠᠷᠢᠪᠴᠢᠯᠠᠵᠤ᠂ 1295 ᠬᠠᠤᠯᠢ ᠪᠤᠰᠤ ᠫᠤᠤ ᠵᠡᠪᠰᠡᠭ᠂ 20 ᠲᠦᠮᠡᠨ ᠰᠤᠮᠤ ᠬᠤᠷᠢᠶᠠᠮᠵᠢᠯᠠᠵᠠᠢ᠃      ᠤᠶᠢᠯᠠᠭᠠᠭᠰᠠᠨ ᠢᠶᠠᠷ᠂ ᠪᠦᠬᠦ ᠤᠷᠤᠨ ᠤ ᠫᠤᠤ ᠵᠡᠪᠰᠡᠭ ᠲᠡᠯᠪᠡᠷᠡᠬᠦ ᠡᠳ᠋ ᠤᠨ ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠤᠬᠢᠯᠳᠠ ᠦᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠪᠤᠳᠠᠳᠤ ᠦᠷ᠎ᠡ ᠪᠦᠳᠦᠮᠵᠢ ᠶᠢ ᠪᠠᠳᠤᠯᠠᠬᠤ ᠶᠢᠨ ᠲᠦᠯᠦᠭᠡ᠂ ᠦᠪᠡᠷᠳᠡᠭᠡᠨ ᠵᠠᠰᠬᠠᠤ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠬᠢᠮ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠫᠤᠤ ᠵᠡᠪᠰᠡᠭ ᠲᠡᠯᠪᠡᠷᠡᠬᠦ ᠡᠳ᠋ ᠤᠨ ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠤᠬᠢᠯᠳᠠ ᠦᠭᠬᠦ ᠲᠤᠰᠬᠠᠢ ᠠᠵᠢᠯ ᠤᠨ ᠲᠦᠰᠦᠯ︾ ᠲᠤᠬᠳᠠᠭᠠᠵᠤ᠂ ︽ᠫᠤᠤ ᠵᠡᠪᠰᠡᠭ ᠲᠡᠯᠪᠡᠷᠡᠬᠦ ᠡᠳ᠋ ᠤᠨ ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠤᠬᠢᠯᠳᠠ ᠦᠭᠴᠦ ᠴᠡᠭᠴᠡᠯᠡᠨ ᠵᠠᠰᠠᠬᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠫᠤᠤ ᠰᠤᠮᠤ ᠶᠢ ᠬᠤᠷᠢᠶᠠᠬᠤ ᠠᠵᠢᠯ ᠤᠨ ᠲᠦᠰᠦᠯ︾ ︽ᠫᠤᠤ ᠵᠡᠪᠰᠡᠭ ᠲᠡᠯᠪᠡᠷᠡᠬᠦ ᠡᠳ᠋ ᠤᠨ ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠤᠬᠢᠯᠳᠠ ᠦᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠤᠬᠠᠭᠤᠯᠬᠤ ᠲᠦᠰᠦᠯ︾ ᠵᠡᠷᠭᠡ ᠶᠢ ᠲᠤᠷᠤᠬᠰᠢ ᠪᠠᠭᠤᠯᠭᠠᠵᠤ᠂ ︽ᠲᠤᠰᠬᠠᠢ ᠠᠵᠢᠯ ᠢ ᠬᠢᠨᠡᠨ ᠰᠢᠯᠭᠠᠬᠤ ᠠᠷᠭ᠎ᠠ︾᠂ ︽ᠴᠢᠬᠤᠯᠠ ᠶᠡᠭᠡ ᠬᠡᠷᠡᠭ᠂ ᠭᠤᠤᠯᠳᠠᠯᠭ᠎ᠠ ᠲᠠᠢ ᠭᠠᠵᠠᠷ ᠤᠷᠤᠨ ᠤ ᠫᠠᠶᠢᠰᠠ ᠡᠯᠬᠦᠨ ᠱᠠᠯᠠᠪᠳᠠᠭᠤᠯᠤᠨ ᠰᠢᠢᠳᠪᠦᠷᠢᠯᠡᠬᠦᠯᠬᠦ ᠲᠦᠷᠢᠮ︾᠂ ︽ᠬᠠᠤᠯᠢ ᠪᠤᠰᠤ ᠫᠤᠤ ᠵᠡᠪᠰᠡᠭ ᠰᠤᠮᠤ ᠲᠠᠷᠢ ᠲᠡᠯᠪᠡᠷᠡᠬᠦ ᠡᠳ᠋ ᠢ ᠠᠷᠢᠯᠭᠠᠨ ᠴᠡᠪᠡᠷᠯᠡᠵᠦ ᠬᠤᠷᠢᠶᠠᠮᠵᠢᠯᠠᠬᠤ ᠠᠷᠭ᠎ᠠ︾᠂ ︽ᠤᠯᠠᠨ ᠲᠦᠮᠡᠨ ᠤ ᠫᠤᠤ ᠵᠡᠪᠰᠡᠭ ᠲᠠᠢ ᠬᠤᠯᠪᠤᠬᠳᠠᠬᠰᠠᠨ ᠲᠡᠯᠪᠡᠷᠡᠬᠦ ᠡᠳ᠋ ᠲᠠᠢ ᠬᠤᠯᠪᠤᠬᠳᠠᠬᠰᠠᠨ ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠶᠢ ᠵᠠᠭᠠᠯᠳᠤᠬᠤ ᠱᠠᠩᠨᠠᠨ ᠬᠦᠬᠢᠬᠦᠯᠬᠦ ᠠᠷᠭ᠎ᠠ︾ ᠪᠤᠯᠤᠨ ︽ᠬᠠᠤᠯᠢ ᠪᠤᠰᠤ ᠫᠤᠤ ᠵᠡᠪᠰᠡᠭ ᠰᠤᠮᠤ ᠲᠠᠷᠢ ᠲᠡᠯᠪᠡᠷᠡᠬᠦ ᠡᠳ᠋ ᠢ ᠬᠠᠤᠯᠢ ᠶᠤᠰᠤᠭᠠᠷ ᠬᠤᠷᠢᠶᠠᠮᠵᠢᠯᠠᠬᠤ ᠵᠠᠷᠯᠠᠯ︾ ᠵᠡᠷᠭᠡ ᠶᠢᠨ ᠲᠤᠰᠬᠠᠢ ᠠᠵᠢᠯ ᠤᠨ ᠲᠦᠷᠢᠮ ᠲᠤᠬᠳᠠᠭᠠᠯ ᠢ ᠲᠤᠬᠳᠠᠭᠠᠵᠠᠢ᠃ ᠡᠬᠦᠨ ᠠᠴᠠ ᠭᠠᠳᠠᠨ᠎ᠠ᠂ ᠡᠯ᠎ᠡ ᠠᠶᠢᠮᠠᠬ ᠬᠤᠳᠠ᠂ ᠡᠯ᠎ᠡ ᠬᠤᠰᠢᠭᠤ ᠰᠢᠶᠠᠨ ᠪᠤᠯᠤᠨ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ᠂ ᠰᠢᠶᠠᠩ ᠪᠠᠯᠭᠠᠰᠤ᠂ ᠭᠠᠴᠠᠭ᠎ᠠ ᠲᠤᠰᠬᠤᠨ᠂ ᠰᠠᠭᠤᠭᠠᠯᠢ ᠠᠷᠠᠳ ᠤᠨ ᠵᠦᠪᠯᠡᠯ ᠨᠡᠶᠢᠬᠡᠮ ᠲᠤᠭᠤᠷᠢᠬ ᠵᠡᠷᠬᠡ ᠦᠨᠳᠦᠰᠦᠨ ᠱᠠᠳᠤᠨ ᠤ ᠪᠠᠶᠢᠭᠤᠯᠭ᠎ᠠ ᠳᠤ ᠬᠦᠨᠵᠡᠬᠡᠶᠢᠷᠡᠨ᠂ ᠫᠤᠤ ᠵᠡᠪᠰᠡᠭ ᠲᠠᠢ ᠬᠤᠯᠪᠤᠬᠳᠠᠬᠤ ᠲᠡᠯᠪᠡᠷᠡᠬᠦ ᠡᠳ᠋ ᠲᠠᠢ ᠬᠤᠯᠪᠤᠬᠳᠠᠬᠤ ᠵᠡᠷᠬᠡ ᠬᠠᠤᠯᠢ ᠶᠢ ᠵᠦᠷᠢᠴᠡᠭᠰᠡᠨ ᠠᠵᠢᠯᠯᠠᠭ᠎ᠠ ᠳᠤ ᠴᠤᠬᠢᠯᠳᠠ ᠦᠭᠬᠦ ᠪᠤᠯᠤᠨ ᠲᠡᠯᠪᠡᠷᠡᠬᠦ ᠠᠶᠤᠯᠳᠠᠢ ᠡᠳ᠋ ᠪᠤᠳᠠᠰ ᠤᠨ ᠬᠠᠮᠢᠶᠠᠷᠤᠯᠳᠠ ᠵᠡᠷᠬᠡ ᠠᠵᠢᠯ ᠤᠨ ᠲᠤᠭᠤᠷᠢᠨ ᠳᠤ᠂ ᠡᠯ᠎ᠡ ᠭᠠᠵᠠᠷ ᠤᠨ ᠲᠤᠰᠬᠠᠢ ᠠᠵᠢᠯᠯᠠᠭ᠎ᠠ ᠶᠢ ᠶᠠᠪᠤᠬᠳᠠᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠵᠤ᠂ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠲᠤᠰᠬᠠᠢ ᠠᠵᠢᠯᠯᠠᠭ᠎ᠠ ᠶᠢ ᠬᠦᠨᠵᠡᠬᠡᠢ ᠦᠷᠨᠢᠬᠦᠯᠬᠦ ᠶᠢ ᠬᠢᠨᠠᠨ ᠵᠢᠯᠤᠭᠤᠳᠴᠠᠢ᠃ ︵ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ︶
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号