ᠪᠦᠬᠦ ᠤᠷᠤᠨ ᠤ ᠵᠠᠰᠠᠬ ᠤᠨ ᠤᠷᠳᠤᠨ ᠠᠴᠠ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠳᠤ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠳᠠ ᠶᠢᠨ ᠪᠠᠶᠢᠳᠠᠯ ᠢ ᠮᠡᠳᠡᠭᠦᠯᠬᠦ ᠲᠦᠷᠢᠮ ᠢ ᠲᠤᠭᠳᠠᠭᠠᠬᠤ ᠲᠧᠯᠸᠢᠰ ᠤᠳᠠᠰᠤ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/11/14
     ᠸᠠᠩ ᠪᠦᠸᠧ ᠬᠤᠷᠠᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠵᠠᠢ      11 ᠰᠠᠷ᠎ᠠ ᠶᠢᠨ 13 ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠪᠦᠭᠦ ᠤᠷᠤᠨ ᠤ ᠵᠠᠰᠠᠬ ᠤᠨ ᠤᠷᠳᠤᠨ ᠠᠴᠠ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠳᠤ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠳᠠ ᠶᠢᠨ ᠪᠠᠶᠢᠳᠠᠯ ᠢ ᠮᠡᠳᠡᠬᠦᠯᠬᠦ ᠲᠦᠷᠢᠮ ᠢ ᠲᠤᠭᠳᠠᠭᠠᠬᠤ ᠲᠧᠯᠸᠢᠰ ᠤᠳᠠᠰᠤ ᠠᠬᠢᠭᠤᠯᠬᠤ ᠬᠤᠷᠠᠯ ᠬᠢᠵᠦ᠂ ᠲᠦᠪ ᠤᠨ  ︽ᠲᠦᠷᠦ ᠶᠢᠨ ᠶᠠᠪᠤᠳᠠᠯ ᠤᠨ ᠬᠤᠷᠢᠶᠠᠨ ᠠᠴᠠ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠳᠤ ᠤᠯᠤᠰ ᠤᠨ ᠦᠮᠴᠢᠯᠠᠯ ᠤᠨ ᠡᠳ᠋ ᠬᠦᠷᠦᠩᠭᠡ ᠶᠢᠨ ᠬᠠᠮᠢᠶᠠᠷᠤᠯᠳᠠ ᠶᠢᠨ ᠪᠠᠶᠢᠳᠠᠯ ᠢ ᠮᠡᠳᠡᠬᠦᠯᠬᠦ ᠲᠦᠷᠢᠮ ᠢ ᠲᠤᠭᠳᠠᠭᠠᠬᠤ ᠲᠤᠬᠠᠢ ᠰᠠᠨᠠᠯ︾ ᠢ ᠰᠤᠷᠤᠯᠴᠠᠨ ᠣᠶᠢᠯᠠᠭᠠᠵᠣ᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠠᠴᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠳᠤ ᠤᠯᠤᠰ ᠤᠨ ᠦᠮᠴᠢᠯᠠᠯ ᠤᠨ ᠡᠳ᠋ ᠬᠦᠷᠦᠩᠭᠡ ᠶᠢᠨ ᠬᠢᠨᠠᠯᠳᠠ ᠬᠠᠮᠢᠶᠠᠷᠤᠯᠳᠠ ᠶᠢᠨ ᠪᠠᠶᠢᠳᠠᠯ ᠢ ᠮᠡᠳᠡᠭᠦᠯᠬᠦ ᠲᠦᠷᠢᠮ︾  ︵ᠲᠤᠷᠤᠬᠰᠢ ︽ᠲᠦᠷᠢᠮ︾ ᠭᠡᠵᠦ ᠲᠦᠭᠦᠮᠴᠢᠯᠡᠨ᠎ᠠ︶ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠦᠷᠭᠡᠳᠭᠡᠵᠤ᠂ ᠪᠦᠭᠦ ᠤᠷᠤᠨ ᠤ ᠤᠯᠤᠰ ᠤᠨ ᠦᠮᠴᠢᠯᠠᠯ ᠤᠨ ᠡᠳ᠋ ᠬᠦᠷᠦᠩᠭᠡ ᠶᠢᠨ ᠬᠠᠮᠢᠶᠠᠷᠤᠯᠳᠠ ᠶᠢᠨ ᠪᠠᠶᠢᠳᠠᠯ ᠢ ᠮᠡᠳᠡᠭᠦᠯᠬᠦ ᠲᠦᠷᠢᠮ ᠢ ᠲᠤᠭᠳᠠᠭᠠᠨ ᠬᠡᠷᠡᠭᠵᠢᠭᠦᠯᠭᠦ ᠶᠢ ᠠᠬᠢᠭᠤᠯᠪᠠ᠃      ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠡᠳ᠋ ᠡᠷᠬᠢᠯᠡᠭᠴᠢ ᠸᠠᠩ ᠪᠦᠸᠧ ᠬᠤᠷᠠᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠵᠠᠢ᠃      ᠬᠤᠷᠠᠯ ᠠᠴᠠ᠂ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠳᠠ ᠶᠢᠨ ᠪᠠᠶᠢᠳᠠᠯ ᠢ ᠮᠡᠳᠡᠬᠦᠯᠬᠦ ᠲᠦᠷᠢᠮ ᠢ ᠲᠤᠭᠳᠠᠭᠠᠬᠤ ᠶᠢᠨ ᠴᠢᠬᠤᠯᠠ ᠶᠡᠭᠡ ᠠᠴᠢ ᠬᠤᠯᠪᠤᠬᠳᠠᠯ ᠢ ᠭᠦᠢᠴᠡᠳ ᠲᠠᠨᠢᠵᠦ᠂ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠤᠨ᠂ ᠵᠤᠷᠢᠭ ᠰᠠᠨᠠᠭ᠎ᠠ ᠶᠢᠨ ᠮᠦᠨ ᠴᠢᠨᠠᠷ ᠢ ᠤᠨᠤᠪᠴᠢᠳᠠᠢ ᠡᠵᠡᠮᠰᠢᠵᠦ᠂    ︽ᠲᠦᠷᠢᠮ︾ ᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠬᠡᠷᠡᠭᠳᠡᠢ᠃ ︽ᠲᠦᠷᠪᠡᠨ ᠤᠬᠠᠮᠰᠠᠷ︾ ᠢ ᠨᠠᠩ ᠪᠠᠳᠤ ᠪᠤᠯᠭᠠᠵᠤ᠂ ︽ᠲᠦᠷᠪᠡᠨ ᠢᠳᠡᠭᠡᠯ︾ ᠢᠶᠠᠨ ᠴᠢᠩᠭᠠᠳᠬᠠᠵᠦ᠂ ᠪᠠᠶᠢᠷᠢᠯᠠᠭᠤᠯᠤᠯᠳᠠ ᠪᠠᠨ ᠲᠦᠷᠭᠡᠳᠭᠡᠵᠦ᠂ ᠬᠠᠮᠵᠢᠯᠴᠠᠭ᠎ᠠ ᠪᠠᠨ ᠴᠢᠩᠭᠠᠳᠬᠠᠵᠦ᠂ ᠢᠳᠡᠪᠭᠢᠳᠠᠢ ᠰᠠᠨᠠᠭᠠᠴᠢᠯᠠᠭ᠎ᠠ ᠲᠠᠢ ᠪᠠᠷ ᠬᠢᠵᠦ᠂ ᠨᠢᠬᠳᠠ ᠬᠠᠮᠵᠢᠯᠴᠠᠨ᠂ ᠡᠯ᠎ᠠ ᠵᠦᠢᠯ ᠤᠨ ᠲᠤᠭᠤᠰᠢᠯᠠᠭᠤᠯᠵᠦ  ᠨᠠᠶᠢᠳᠠᠪᠤᠷᠢᠵᠢᠭᠤᠯᠬᠤ ᠠᠵᠢᠯ ᠢ ᠴᠢᠨᠠᠬᠰᠢᠳᠠ ᠰᠠᠶᠢᠳᠤᠷ ᠬᠢᠵᠦ᠂ 2019 ᠤᠨ ᠤ ᠲᠡᠭᠡᠷ᠎ᠠ ᠬᠠᠭᠠᠰ ᠵᠢᠯ ᠪᠠ 2020 ᠤᠨ ᠤ ᠲᠡᠭᠡᠷ᠎ᠠ ᠬᠠᠭᠠᠰ ᠵᠢᠯ ᠳᠤ ᠪᠦᠭᠦ ᠤᠷᠤᠨ ᠤ ᠠᠶᠢᠮᠠᠬ ᠬᠤᠳᠠ᠂ ᠬᠤᠰᠢᠭᠤ ᠰᠢᠶᠠᠨ ᠤᠯᠤᠰ ᠤᠨ ᠦᠮᠴᠢᠯᠠᠯ ᠤᠨ ᠡᠳ᠋ ᠬᠦᠷᠦᠩᠭᠡ ᠶᠢᠨ ᠬᠠᠮᠢᠶᠠᠷᠤᠯᠳᠠ ᠶᠢᠨ ᠪᠠᠶᠢᠳᠠᠯ ᠢ ᠮᠡᠳᠡᠬᠦᠯᠬᠦ ᠲᠦᠷᠢᠮ ᠢ ᠲᠤᠭᠳᠠᠭᠠᠬᠤ ᠶᠢ ᠪᠦᠬᠦᠨ ᠢ ᠪᠦᠷᠭᠦᠭᠦᠯᠭᠦ ᠬᠡᠷᠡᠭᠳᠡᠢ ᠭᠡᠵᠦ ᠴᠢᠬᠤᠯᠠᠴᠢᠯᠠᠪᠠ᠃      ᠡᠯ᠎ᠠ ᠠᠶᠢᠮᠠᠬ ᠬᠤᠳᠠ᠂ ᠬᠤᠰᠢᠭᠤ ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ᠂ ᠵᠠᠰᠠᠬ ᠤᠨ ᠤᠷᠳᠤᠨ ᠵᠢᠴᠢ ᠬᠠᠮᠢᠶ᠎ᠠ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠡᠯ᠎ᠠ ᠭᠠᠵᠠᠷ ᠤᠷᠤᠨ ᠤ ᠪᠠᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠵᠠᠢ᠃ ︵ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ︶
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号