ᠲᠦᠷᠦ ᠶᠢᠨ ᠶᠠᠪᠤᠳᠠᠯ ᠤᠨ ᠬᠤᠷᠢᠶᠠᠨ ᠤ ᠰᠤᠨᠢᠨ ᠮᠡᠳᠡᠭᠡᠨ ᠤ ᠠᠯᠪᠡᠨ ᠭᠡᠷ ︽ᠦᠭᠡᠷᠡᠴᠢᠯᠡᠯᠳᠠ ᠨᠡᠭᠡᠭᠡᠯᠳᠠ ᠬᠢᠭᠰᠡᠨ 40 ᠵᠢᠯ ᠤᠨ ᠳᠤᠮᠳᠠᠳᠤ ᠤᠯᠤᠰ ᠤᠨ ᠬᠦᠮᠦᠨ ᠤ ᠡᠷᠭᠡ ᠶᠢᠨ ᠦᠢᠯᠡᠰ ᠤᠨ ᠬᠦᠭᠵᠢᠯᠳᠠ ᠲᠠᠪᠰᠢᠯᠳᠠ︾ ᠭᠡᠬᠦ ᠴᠠᠭᠠᠨ ᠭᠠᠳᠠᠷᠳᠦ ᠪᠢᠴᠢᠭ ᠢ ᠨᠡᠶᠢᠳᠡᠯᠡᠪᠡ
ᠨᠡᠶᠢᠲᠡᠯᠡᠭᠰᠡᠨ ᠴᠠᠭ᠄
2018/12/20
     ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 12 ᠤᠨ ᠴᠠᠬᠢᠯᠭᠠᠨ ᠮᠡᠳᠡᠭᠡ      ᠲᠦᠷᠦ ᠶᠢᠨ ᠶᠠᠪᠤᠳᠠᠯ ᠤᠨ ᠬᠤᠷᠢᠶᠠᠨ ᠤ ᠰᠤᠨᠢᠨ ᠮᠡᠳᠡᠭᠡᠨ ᠤ ᠠᠯᠪᠡᠨ ᠭᠡᠷ 12 ᠤᠨ ᠡᠳᠦᠷ ︽ᠦᠭᠡᠷᠡᠴᠢᠯᠡᠯᠳᠠ ᠨᠡᠭᠡᠭᠡᠯᠳᠠ ᠬᠢᠭᠰᠡᠨ 40 ᠵᠢᠯ ᠤᠨ ᠳᠤᠮᠳᠠᠳᠤ ᠤᠯᠤᠰ ᠤᠨ ᠬᠦᠮᠦᠨ ᠤ ᠡᠷᠭᠡ ᠶᠢᠨ ᠦᠢᠯᠡᠰ ᠤᠨ ᠬᠦᠭᠵᠢᠯᠳᠠ ᠲᠠᠪᠰᠢᠯᠳᠠ︾ ᠭᠡᠬᠦ ᠴᠠᠭᠠᠨ ᠭᠠᠳᠠᠷᠲᠤ ᠪᠢᠴᠢᠭ ᠢ ᠨᠡᠶᠢᠳᠡᠯᠡᠪᠡ᠃      ᠴᠠᠭᠠᠨ ᠭᠠᠳᠠᠷᠳᠦ ᠪᠢᠴᠢᠭ ᠲᠤ ᠡᠮᠦᠨᠡᠬᠢ ᠦᠭᠡ᠂ ᠬᠦᠮᠦᠨ ᠤ ᠡᠷᠭᠡ ᠶᠢ ᠬᠦᠨᠳᠦᠳᠭᠡᠨ ᠪᠠᠳᠤᠯᠠᠬᠰᠠᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠵᠠᠷᠴᠢᠮ ᠢ ᠪᠠᠳᠤ ᠪᠤᠢ ᠪᠤᠯᠭᠠᠪᠠ᠂ ᠤᠷᠤᠰᠢᠨ ᠲᠤᠭᠳᠠᠨᠢᠬᠤ ᠡᠷᠭᠡ ᠬᠦᠭᠵᠢᠯᠳᠠ ᠶᠢᠨ ᠡᠷᠭᠡ ᠶᠢ ᠪᠠᠳᠤᠯᠠᠬᠤ ᠲᠦᠪᠰᠢᠨ ᠢ ᠶᠡᠭᠡ ᠪᠠᠷ ᠳᠡᠭᠡᠭᠰᠢᠯᠡᠬᠦᠯᠪᠡ᠂ ᠡᠯ᠎ᠠ ᠲᠦᠷᠦᠯ ᠤᠨ ᠬᠦᠮᠦᠨ ᠤ ᠡᠷᠭᠡ ᠶᠢᠨ ᠪᠦᠬᠦ ᠲᠠᠯ᠎ᠠ ᠶᠢᠨ ᠬᠦᠭᠵᠢᠯᠳᠠ ᠶᠢ ᠪᠦᠳᠦᠮᠵᠢᠳᠠᠢ ᠪᠡᠶᠡᠯᠡᠬᠦᠯᠪᠡ᠂ ᠤᠨᠴᠠ ᠲᠤᠭᠳᠠᠭᠰᠠᠨ ᠨᠢᠭᠡ ᠪᠦᠯᠦᠭ ᠬᠦᠮᠦᠰ ᠤᠨ ᠡᠷᠭᠡ ᠠᠰᠢᠬ ᠢ ᠮᠡᠳᠡᠭᠳᠡᠮ᠎ᠠ ᠰᠠᠶᠢᠵᠢᠷᠠᠭᠤᠯᠪᠠ᠂ ᠬᠦᠮᠦᠨ ᠤ ᠡᠷᠭᠡ ᠶᠢᠨ ᠬᠠᠤᠯᠢᠵᠢᠯ ᠤᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠪᠠ᠂ ᠡᠯ᠎ᠠ ᠤᠯᠤᠰ ᠤᠨ ᠬᠦᠮᠦᠨ ᠤ ᠡᠷᠭᠡ ᠶᠢᠨ ᠦᠢᠯᠡᠰ ᠤᠨ ᠬᠠᠮᠳᠦ ᠶᠢᠨ ᠬᠦᠭᠵᠢᠯᠳᠠ ᠶᠢ ᠴᠢᠷᠮᠠᠶᠢᠨ ᠠᠬᠢᠭᠤᠯᠪᠠ᠂ ᠪᠦᠬᠦ ᠪᠦᠮᠪᠦᠷᠴᠡᠭ ᠤᠨ ᠬᠦᠮᠦᠨ ᠤ ᠡᠷᠭᠡ ᠶᠢᠨ ᠵᠠᠰᠠᠯᠳᠠ ᠳᠤ ᠢᠳᠡᠪᠬᠢᠳᠠᠢ ᠤᠷᠤᠯᠴᠠᠪᠠ᠂ ᠤᠯᠤᠰ ᠤᠨ ᠪᠠᠶᠢᠳᠠᠯ ᠳᠤ ᠵᠤᠬᠢᠴᠠᠭᠰᠠᠨ ᠬᠦᠮᠦᠨ ᠤ ᠡᠷᠭᠡ ᠶᠢᠨ ᠬᠦᠭᠵᠢᠯᠳᠠ ᠶᠢᠨ ᠵᠠᠮ ᠢᠶᠠᠷ ᠠᠮᠵᠢᠯᠳᠠᠳᠠᠢ ᠵᠠᠮᠨᠠᠪᠠ᠂ ᠲᠡᠬᠦᠰᠭᠡᠯ ᠤᠨ ᠦᠭᠡ ᠵᠡᠷᠭᠡ ᠭᠡᠰᠡᠭ ᠢᠶᠠᠷ ᠪᠦᠷᠢᠯᠳᠦᠵᠡᠢ᠃      ᠴᠠᠭᠠᠨ ᠭᠠᠳᠠᠷᠳᠦ ᠪᠢᠴᠢᠭ ᠲᠤ᠂ 2018 ᠤᠨ ᠪᠤᠯ ᠳᠤᠮᠳᠠᠳᠤ ᠤᠯᠤᠰ ᠤᠨ ᠦᠭᠡᠷᠡᠴᠢᠯᠡᠯᠳᠠ ᠨᠡᠭᠡᠭᠡᠯᠳᠠ ᠬᠢᠭᠰᠡᠨ 40 ᠵᠢᠯ ᠤᠨ ᠤᠢ ᠪᠤᠯᠤᠨ᠎ᠠ᠃ ᠦᠭᠡᠷᠡᠴᠢᠯᠡᠯᠳᠠ ᠨᠡᠭᠡᠭᠡᠯᠳᠠ ᠪᠤᠯ ᠳᠤᠮᠳᠠᠳᠤ ᠤᠯᠤᠰ ᠤᠨ ᠡᠪ ᠬᠠᠮᠳᠦ ᠨᠠᠮ ᠰᠢᠨ᠎ᠠ ᠴᠠᠭ ᠦᠶ᠎ᠠ ᠶᠢᠨ ᠨᠦᠬᠦᠴᠡᠯ ᠲᠤᠤᠷ᠎ᠠ ᠪᠦᠬᠦ ᠤᠯᠤᠰ ᠤᠨ ᠠᠷᠠᠳ ᠲᠦᠮᠡᠨ ᠢ ᠳᠠᠭᠠᠭᠤᠯᠤᠨ ᠰᠢᠨ᠎ᠠ ᠠᠭᠤᠤ ᠶᠡᠭᠡ ᠬᠤᠪᠢᠰᠬᠠᠯ ᠬᠢᠵᠦ᠂ ᠤᠳᠤ ᠦᠶ᠎ᠠ ᠶᠢᠨ ᠳᠤᠮᠳᠠᠳᠤ ᠤᠯᠤᠰ ᠤᠨ ᠬᠤᠪᠢ ᠵᠠᠶᠠᠭ᠎ᠠ ᠶᠢ ᠲᠤᠭᠳᠠᠭᠠᠬᠤ ᠵᠠᠩᠬᠢᠯᠠᠭ᠎ᠠ ᠶᠢᠨ ᠠᠷᠭ᠎ᠠ ᠭᠡᠮᠵᠢᠶ᠎ᠠ ᠪᠤᠯᠤᠨ᠎ᠠ᠃ ᠦᠭᠡᠷᠡᠴᠢᠯᠡᠯᠳᠠ ᠨᠡᠭᠡᠭᠡᠯᠳᠠ ᠨᠢ ᠨᠡᠶᠢᠭᠡᠮ ᠤᠨ ᠦᠢᠯᠡᠳᠪᠤᠷᠢᠯᠡᠯ ᠤᠨ ᠬᠦᠴᠦ ᠶᠢ ᠮᠠᠰᠢ ᠶᠡᠭᠡ ᠪᠠᠷ ᠴᠢᠯᠦᠭᠡᠯᠡᠨ ᠬᠦᠭᠵᠢᠬᠦᠯᠵᠦ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠠᠮᠵᠢᠯᠳᠠᠳᠠᠢ ᠨᠡᠭᠡᠭᠡᠭᠰᠡᠨ ᠪᠦᠭᠡᠳ ᠳᠤᠮᠳᠠᠳᠤ ᠤᠯᠤᠰ ᠤᠨ ᠬᠦᠮᠦᠨ ᠤ ᠡᠷᠭᠡ ᠶᠢᠨ ᠦᠢᠯᠡᠰ ᠤᠨ ᠬᠦᠭᠵᠢᠯᠳᠠ ᠶᠢᠨ ᠰᠢᠨ᠎ᠠ ᠬᠠᠭᠤᠳᠠᠰᠤ ᠶᠢ ᠨᠡᠭᠡᠭᠡᠵᠡᠢ ᠭᠡᠪᠡ᠃      ᠴᠠᠭᠠᠨ ᠭᠠᠳᠠᠷᠲᠤ ᠪᠢᠴᠢᠭ ᠲᠤ᠂ 40 ᠵᠢᠯ ᠤᠨ ᠲᠤᠷᠰᠢ᠂ ᠳᠤᠮᠳᠠᠳᠤ ᠤᠯᠤᠰ ᠲᠡᠤᠬᠡ ᠶᠢᠨ ᠲᠤᠷᠰᠢᠯᠭ᠎ᠠ ᠶᠢ ᠳ᠋ᠦᠩᠨᠡᠵᠦ᠂ ᠬᠦᠮᠦᠨ ᠲᠦᠷᠦᠯᠬᠢᠲᠡᠨ ᠤ ᠪᠤᠯᠪᠠᠰᠤᠨ ᠤ ᠬᠦᠭᠵᠢᠯᠲᠡ ᠶᠢᠨ ᠦᠷ᠎ᠡ ᠪᠦᠲᠦᠭᠡᠯ ᠢ ᠰᠢᠩᠭᠡᠭᠡᠵᠦ᠂ ᠬᠦᠮᠦᠨ ᠤ ᠡᠷᠬᠡ ᠶᠢᠨ ᠨᠡᠶᠢᠳᠡᠮ ᠤᠨ ᠴᠢᠨᠠᠷᠲᠠᠢ ᠵᠠᠷᠴᠢᠮ ᠢ ᠲᠤᠰ ᠤᠯᠤᠰ ᠤᠨ ᠢᠶᠠᠨ ᠪᠤᠲᠠᠲᠤ ᠪᠠᠶᠢᠳᠠᠯ ᠯᠤᠭ᠎ᠠ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠬᠦᠮᠦᠨ ᠤ ᠡᠷᠭᠡ ᠶᠢᠨ ᠬᠦᠭᠵᠢᠯᠳᠠ ᠶᠢᠨ ᠣᠶᠢᠯᠠᠭᠠᠭᠳᠠᠬᠤᠨ ᠳᠤ ᠳᠠᠰᠤᠷᠠᠯᠳᠠ ᠦᠭᠡᠢ ᠰᠢᠨ᠎ᠠ ᠶᠢ ᠡᠬᠦᠳᠴᠦ᠂ ᠠᠷᠠᠳ ᠲᠦᠮᠡᠨ ᠢᠶᠠᠷ ᠭᠤᠤᠯ ᠪᠤᠯᠭᠠᠬᠤ᠂ ᠤᠷᠤᠰᠢᠨ ᠠᠮᠢᠳᠤᠷᠠᠬᠤ ᠡᠷᠬᠡ ᠬᠦᠭᠵᠢᠯᠲᠡ ᠶᠢᠨ ᠡᠷᠬᠡ ᠪᠠᠷ ᠲᠡᠷᠢᠭᠦᠨ ᠴᠢᠬᠤᠯᠠ ᠦᠨᠳᠦᠰᠦᠨ ᠬᠦᠮᠦᠨ ᠤ ᠡᠷᠬᠡ ᠪᠤᠯᠭᠠᠵᠤ᠂ ᠬᠦᠮᠦᠨ ᠤ ᠡᠷᠬᠡ ᠶᠢᠨ ᠬᠠᠤᠯᠢᠵᠢᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠪᠠᠷ ᠠᠷᠭ᠎ᠠ ᠵᠠᠮ ᠪᠤᠯᠭᠠᠵᠤ᠂ ᠡᠯ᠎ᠡ ᠲᠦᠷᠦᠯ ᠤᠨ ᠬᠦᠮᠦᠨ ᠤ ᠡᠷᠬᠡ ᠪᠠᠷ ᠶᠡᠷᠦᠩᠬᠡᠶᠢᠯᠡᠨ ᠵᠤᠬᠢᠴᠠᠭᠤᠯᠤᠨ ᠬᠦᠭᠵᠢᠭᠦᠯᠬᠦ ᠪᠠᠷ ᠬᠠᠷᠠᠯᠲᠠ ᠪᠠᠨ ᠪᠤᠯᠭᠠᠬᠰᠠᠨ ᠬᠦᠮᠦᠨ ᠤ ᠡᠷᠬᠡ ᠶᠢᠨ ᠬᠦᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠪᠦᠷᠢᠯᠳᠦᠭᠦᠯᠪᠡ ᠭᠡᠵᠦ ᠵᠢᠭᠠᠵᠤ ᠭᠠᠷᠭᠠᠵᠠᠢ᠃      ᠴᠠᠭᠠᠨ ᠭᠠᠳᠠᠷᠲᠤ ᠪᠢᠴᠢᠭ ᠲᠤ ᠪᠠᠰᠠ᠂ 40 ᠵᠢᠯ ᠤᠨ ᠲᠤᠷᠰᠢ᠂ ᠳᠤᠮᠳᠠᠳᠤ ᠤᠯᠤᠰ ᠬᠦᠮᠦᠨ ᠤ ᠡᠷᠬᠡ ᠶᠢᠨ ᠬᠦᠷᠢᠶᠡᠨ ᠳᠠᠬᠢ ᠰᠤᠯᠢᠯᠴᠠᠭ᠎ᠠ ᠬᠠᠮᠲᠤᠷᠠᠯᠴᠠᠭ᠎ᠠ ᠪᠠᠨ ᠦᠷᠭᠡᠨ ᠢᠶᠠᠷ ᠦᠷᠨᠢᠭᠦᠯᠵᠦ᠂ ᠤᠯᠠᠨ ᠤᠯᠤᠰ ᠤᠨ ᠬᠦᠮᠦᠨ ᠤ ᠡᠷᠬᠡ ᠶᠢᠨ ᠡᠭᠦᠷᠭᠡ ᠶᠢ ᠨᠠᠷᠢᠨ ᠬᠢᠨᠠᠮᠠᠭᠠᠢ ᠭᠦᠢᠴᠡᠳᠬᠡᠵᠦ᠂ ᠤᠯᠠᠨ ᠤᠯᠤᠰ ᠤᠨ ᠬᠦᠮᠦᠨ ᠤ ᠡᠷᠬᠡ ᠶᠢᠨ ᠶᠠᠪᠤᠳᠠᠯ ᠳᠤ ᠪᠦᠬᠦ ᠲᠠᠯ᠎ᠠ ᠪᠠᠷ ᠤᠷᠤᠯᠴᠠᠵᠤ᠂ ᠪᠦᠬᠦ ᠪᠦᠮᠪᠦᠷᠴᠡᠭ ᠤᠨ ᠬᠦᠮᠦᠨ ᠤ ᠡᠷᠬᠡ ᠶᠢᠨ ᠵᠠᠰᠠᠯᠲᠠ ᠶᠢᠨ ᠰᠢᠰᠲ᠋ᠧᠮ ᠤᠨ ᠬᠤᠪᠢᠰᠤᠯ ᠢ ᠢᠳᠡᠪᠬᠢᠲᠡᠢ ᠠᠬᠢᠭᠤᠯᠵᠤ᠂ ᠬᠦᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠤᠬᠴᠠ ᠶᠢ ᠪᠠᠶᠢᠭᠤᠯᠬᠤ ᠪᠠᠷ ᠬᠦᠴᠦᠯᠡᠵᠦ᠂ ᠳᠡᠯᠡᠬᠡᠢ ᠶᠢᠨ ᠬᠦᠮᠦᠨ ᠤ ᠡᠷᠬᠡ ᠶᠢᠨ ᠦᠢᠯᠡᠰ ᠤᠨ ᠬᠦᠭᠵᠢᠯᠲᠡ ᠶᠢ ᠠᠬᠢᠭᠤᠯᠬᠤ ᠳᠤ ᠲᠠᠰᠤᠷᠠᠯᠲᠠ ᠦᠭᠡᠢ ᠰᠢᠨ᠎ᠡ ᠬᠤᠪᠢ ᠨᠡᠮᠡᠷᠢ ᠦᠵᠡᠭᠦᠯᠪᠡ ᠭᠡᠵᠦ ᠵᠢᠭᠠᠵᠤ ᠭᠠᠷᠭᠠᠵᠠᠢ᠃      ᠴᠠᠭᠠᠨ ᠭᠠᠷᠳᠠᠷᠲᠤ ᠪᠢᠴᠢᠭ ᠲᠤ᠂ ᠨᠡᠩ ᠪᠦᠷᠢᠨ ᠭᠦᠢᠴᠡᠳ ᠬᠦᠮᠦᠨ ᠤ ᠡᠷᠬᠡ ᠶᠢᠨ ᠪᠠᠲᠤᠯᠠᠭ᠎ᠠ ᠲᠠᠢ ᠪᠤᠯᠭᠠᠬᠤ ᠶᠢ ᠪᠡᠶᠡᠯᠡᠭᠦᠯᠬᠦ ᠳᠤ ᠳᠤᠮᠳᠠᠳᠤ ᠤᠯᠤᠰ ᠤᠨ ᠵᠠᠮ ᠤᠨ ᠬᠦᠵᠦᠭᠦᠦ ᠪᠠᠰᠠ ᠤᠷᠲᠤ ᠪᠠᠶᠢᠵᠤ᠂ ᠮᠠᠰᠢ ᠤᠯᠠᠨ ᠬᠦᠴᠢᠷ ᠪᠡᠷᠬᠡᠰᠢᠶᠡᠯ ᠪᠠ ᠦᠷᠢᠰᠦᠯᠳᠦᠭᠡᠨ ᠲᠤᠯᠭᠠᠷᠠᠬᠤ ᠪᠤᠯᠤᠨ᠎ᠠ᠃ ᠤᠳᠤᠬᠠᠨ ᠳᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠳᠤᠮᠳᠠᠳᠤ ᠤᠯᠤᠰ ᠤᠨ ᠠᠷᠠᠳ ᠲᠦᠮᠡᠨ ᠶᠠᠬ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠦᠯᠦᠭᠡ ᠴᠢᠷᠮᠠᠶᠢᠵᠤ ᠪᠠᠶᠢᠨ᠎ᠠ᠃ ᠲᠠᠬᠢᠨ ᠬᠡᠳᠦᠨ ᠠᠷᠪᠠᠨ ᠵᠢᠯ ᠤᠨ ᠴᠦᠬᠦᠷᠡᠰᠢ ᠦᠭᠡᠢ ᠲᠡᠮᠡᠴᠡᠯ ᠢᠶᠠᠷ ᠳᠠᠮᠵᠢᠨ᠂ ᠳᠤᠮᠳᠠᠳᠤ ᠤᠯᠤᠰ ᠤᠨ ᠠᠷᠠᠳ ᠲᠦᠮᠡᠨ ᠤ ᠡᠯ᠎ᠡ ᠲᠦᠷᠦᠯ ᠤᠨ ᠡᠷᠬᠡ ᠯᠠᠪᠲᠠᠢ ᠨᠡᠩ ᠰᠠᠶᠢᠨ ᠪᠦᠭᠡᠳ ᠨᠡᠩ ᠦᠨᠳᠦᠷ ᠲᠦᠪᠰᠢᠨ ᠲᠠᠢ ᠪᠠᠲᠤᠯᠠᠭ᠎ᠠ ᠲᠠᠢ ᠪᠤᠯᠵᠦ᠂ ᠳᠤᠮᠳᠠᠳᠤ ᠤᠯᠤᠰ ᠤᠨ ᠠᠷᠠᠳ ᠲᠦᠮᠡᠨ  ᠨᠡᠩ ᠢᠯᠡᠭᠦᠦ ᠨᠡᠷ᠎ᠡ ᠬᠦᠨᠳᠦ᠂ ᠡᠷᠬᠡ ᠴᠢᠯᠦᠭᠡ ᠪᠠ ᠵᠤᠯ ᠵᠢᠷᠭᠠᠯ ᠢ ᠡᠳ᠋ᠯᠡᠬᠦ ᠪᠤᠯᠤᠨ᠎ᠠ ᠭᠡᠪᠡ᠃ ︵ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ︶
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号