ᠠᠮᠤᠷ ᠢ ᠬᠠᠮᠠᠭᠠᠯᠠᠬᠤ ᠬᠡᠷᠡᠭ ᠤᠨ ᠠᠯᠪᠠᠳᠠᠯᠭ᠎ᠠ ᠪᠠᠷ ᠲᠤᠬᠠᠶ ᠶᠢᠨ ᠭᠠᠵᠠᠷ ᠠᠴᠠ ᠵᠠᠶᠢᠯᠠᠭᠤᠯᠬᠤ ᠶᠢ ᠰᠢᠢᠳᠪᠤᠷᠢᠯᠡᠬᠦ
ᠨᠡᠶᠢᠲᠡᠯᠡᠭᠰᠡᠨ ᠴᠠᠭ᠄
2018-09-11
     ᠡᠷᠬᠡ ᠶᠢᠨ ᠨᠡᠷᠡᠶᠢᠳᠦᠯ᠄ ᠠᠮᠤᠷ ᠢ ᠬᠠᠮᠠᠭᠠᠯᠠᠬᠤ ᠬᠡᠷᠡᠭ ᠤᠨ ᠠᠯᠪᠠᠳᠠᠯᠭ᠎ᠠ ᠪᠠᠷ ᠲᠤᠬᠠᠶ ᠶᠢᠨ ᠭᠠᠵᠠᠷ ᠠᠴᠠ ᠵᠠᠶᠢᠯᠠᠭᠤᠯᠬᠤ ᠶᠢ ᠰᠢᠢᠳᠪᠤᠷᠢᠯᠡᠬᠦ      ᠡᠷᠬᠡ ᠶᠢᠨ ᠲᠥᠷᠥᠯ ᠠᠩᠬᠢᠯᠠᠯ᠄ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ      ᠬᠠᠷᠢᠭᠤᠴᠠᠯᠭ᠎ᠠ ᠶᠢᠨ ᠭᠤᠣᠯ ᠴᠣᠭᠴᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ      ᠲᠤᠭᠳᠠᠭᠠᠭᠰᠠᠨ ᠦᠨᠳᠦᠰᠦ ᠪᠠᠷᠢᠮᠳᠠ᠄      ︽ᠠᠷᠠᠳ ᠤᠨ ᠴᠠᠭᠳᠠᠭ᠎ᠠ ᠶᠢᠨ ᠬᠠᠤᠯᠢ︾ ᠶᠢᠨ ᠨᠠᠢᠮᠠᠳᠤᠭᠠᠷ ᠵᠤᠷᠪᠤᠰ᠄ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠴᠠᠭᠳᠠᠭ᠎ᠠ ᠠᠴᠠ ᠨᠡᠶᠢᠭᠡᠮ ᠤᠨ ᠠᠮᠤᠷ ᠢ ᠬᠠᠮᠠᠭᠠᠯᠠᠬᠤ ᠡᠮᠬᠢ ᠵᠢᠷᠤᠮ ᠳᠤ ᠬᠦᠨᠳᠦ ᠨᠣᠴᠢᠲᠠᠶ ᠬᠤᠣᠷ ᠬᠥᠨᠥᠭᠡᠯ ᠤᠴᠠᠷᠠᠭᠤᠯᠤᠭᠰᠠᠨ ᠪᠤᠶᠤ ᠤᠯᠡᠠ ᠨᠡᠶᠢᠲᠡ ᠶᠢᠨ ᠠᠮᠤᠷ ᠲᠦᠪᠰᠢᠨ ᠢ ᠰᠦᠷᠳᠡᠬᠦᠯᠦᠭᠰᠡᠨ ᠬᠦᠮᠦᠨ ᠢ ᠠᠯᠪᠠᠳᠠᠯᠭ᠎ᠠ ᠪᠠᠷ ᠲᠤᠬᠠᠶ ᠶᠢᠨ ᠭᠠᠵᠠᠷ ᠠᠴᠠ ᠵᠠᠶᠢᠯᠠᠭᠤᠯᠵᠦ᠂ ᠬᠠᠤᠯᠢ ᠶᠣᠰᠣᠭᠠᠷ ᠲᠦᠷ ᠬᠤᠷᠢᠬᠤ ᠪᠤᠶᠤ ᠬᠠᠤᠯᠢ ᠴᠠᠭᠠᠵᠠ ᠳᠤ ᠲᠣᠭᠲᠠᠭᠠᠭᠰᠠᠨ ᠪᠤᠰᠤᠳ ᠠᠷᠭ᠎ᠠ ᠬᠡᠮᠵᠢᠶ᠎ᠡ ᠶᠢ ᠠᠪᠴᠤ ᠪᠣᠯᠤᠨ᠎ᠠ᠃      ᠬᠠᠷᠢᠭᠤᠴᠠᠯᠭ᠎ᠠ ᠶᠢᠨ ᠵᠦᠢᠯᠡᠰ᠄      1. ᠪᠠᠶᠢᠴᠠᠭᠠᠯᠲᠠ ᠶᠢᠨ ᠱᠠᠲᠤᠨ ᠤ ᠬᠠᠷᠢᠭᠤᠴᠠᠯᠭ᠎ᠠ᠄ ᠠᠷᠠᠳ ᠤᠨ ᠴᠠᠭᠳᠠᠭ᠎ᠠ ᠠᠴᠠ ᠬᠤᠷᠢᠭᠯᠠᠨ ᠵᠣᠭᠰᠣᠭᠠᠵᠤ᠂ ᠲᠤᠬᠠᠶ ᠶᠢᠨ ᠬᠥᠮᠦᠨ ᠤ ᠲᠤᠭᠠᠴᠢᠯᠳᠠ ᠪᠠ  ᠵᠦᠪᠳᠡᠭᠡᠯᠳᠠ ᠶᠢ ᠰᠣᠨᠣᠰᠬᠤ ᠪᠥᠭᠡᠳ ᠲᠡᠮᠳᠡᠭᠯᠡᠯ ᠬᠢᠨ᠎ᠡ᠃ ᠬᠤᠷᠢᠭᠯᠠᠨ ᠵᠣᠭᠰᠣᠭᠠᠬᠤ ᠶᠢ  ᠡᠰᠡ ᠰᠤᠨᠤᠰᠪᠠᠯ᠂ ᠠᠷᠠᠳ ᠤᠨ ᠴᠠᠭᠳᠠᠭ᠎ᠠ ᠠᠴᠠ ᠲᠤᠬᠠᠶ ᠶᠢᠨ ᠭᠠᠵᠠᠷ ᠤᠨ ᠬᠠᠷᠢᠭᠤᠴᠠᠯᠭᠠᠲᠠᠨ ᠢ ᠵᠠᠷᠯᠢᠭᠳᠠᠨ  ᠲᠠᠷᠬᠠᠭᠠᠵᠦ᠂ ᠲᠠᠷᠬᠠᠭᠠᠬᠤ ᠶᠢ ᠡᠰᠡ ᠳᠠᠭᠠᠪᠠᠯ᠂ ᠴᠢᠬᠤᠯᠠ ᠪᠦᠬᠦᠢ ᠠᠷᠭ᠎ᠠ ᠬᠡᠮᠵᠢᠶ᠎ᠠ ᠠᠪᠴᠤ ᠠᠯᠪᠠᠳᠠᠨ ᠳᠠᠷᠬᠠᠭᠠᠨ᠎ᠠ᠃      2. ᠬᠢᠨᠠᠨ ᠪᠠᠶᠢᠴᠠᠭᠠᠬᠤ ᠱᠠᠲᠤᠨ ᠤ ᠬᠠᠷᠢᠭᠤᠴᠠᠯᠭ᠎ᠠ᠄ ᠬᠡᠷᠡᠭ ᠢ ᠳᠠᠭᠠᠭᠠᠨ ᠠᠪᠴᠤ ᠰᠢᠶᠳᠪᠦᠷᠢᠯᠡᠬᠦ ᠪᠠᠶᠢᠭᠤᠯᠤᠮᠵᠢ ᠶᠢᠨ ᠬᠠᠷᠢᠭᠤᠴᠠᠯᠭᠠᠲᠠᠨ ᠠᠴᠠ ᠬᠡᠷᠡᠭ ᠰᠢᠳᠬᠡᠬᠦ ᠠᠵᠢᠯᠳᠠᠨ ᠳᠤ ᠳᠤᠷᠠᠳᠤᠭᠰᠠᠨ ︵ᠬᠦᠴᠦᠨ ᠦᠭᠡᠢ ᠪᠣᠯᠭᠠᠬᠤ︶ ᠵᠠᠰᠠᠭ ᠵᠠᠬᠢᠷᠭᠠᠨ ᠤ ᠠᠷᠭ᠎ᠠ ᠬᠡᠮᠵᠢᠶ᠎ᠡ ᠶᠢᠨ ᠲᠦᠷᠦᠯ ᠵᠦᠢᠯ᠂ ᠤᠴᠢᠷ ᠰᠢᠯᠲᠠᠭᠠᠨ ᠵᠢᠴᠢ ᠬᠠᠤᠯᠢ ᠴᠠᠭᠠᠵᠠ ᠶᠢᠨ ᠦᠨᠳᠦᠰᠦ ᠪᠠᠷᠢᠮᠲᠠ ᠶᠢ ᠬᠢᠨᠠᠨ ᠪᠠᠶᠢᠴᠠᠭᠠᠵᠤ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠴᠢᠬᠤᠯᠠ ᠴᠢᠨᠠᠷ ᠢ ᠣᠨᠴᠠᠭᠠᠶᠢᠯᠠᠨ ᠠᠩᠬᠠᠷᠬᠤ ᠬᠡᠷᠡᠭᠲᠡᠶ᠃      3. ᠲᠣᠭᠲᠠᠭᠠᠬᠤ ᠱᠠᠲᠤᠨ ᠤ ᠬᠠᠷᠢᠭᠤᠴᠠᠯᠭ᠎ᠠ᠄ ᠭᠤᠣᠯ ᠬᠠᠷᠢᠭᠤᠴᠠᠯᠭᠠᠲᠠᠨ ᠤ ᠵᠦᠪᠰᠢᠶᠡᠷᠡᠯ ᠢᠶᠠᠷ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠠᠪᠤᠨ᠎ᠠ᠃ ᠲᠤᠬᠠᠶ ᠶᠢᠨ ᠲᠠᠯᠠᠪᠤᠷ ᠲᠤ ᠲᠤᠬᠠᠶ ᠶᠢᠨ ᠬᠥᠮᠦᠨ ᠳᠤ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠤᠴᠢᠷ ᠰᠢᠯᠲᠠᠭᠠᠨ᠂ ᠦᠨᠳᠦᠰᠦᠯᠡᠯ ᠪᠣᠯᠤᠨ ᠲᠤᠬᠠᠶ ᠶᠢᠨ ᠬᠥᠮᠦᠨ ᠤ ᠬᠠᠤᠯᠢ ᠶᠣᠰᠣᠭᠠᠷ ᠡᠳ᠋ᠯᠡᠬᠦ ᠡᠷᠬᠡ᠂ ᠲᠦᠷᠬᠡᠨ ᠲᠤᠰᠠᠯᠠᠮᠵᠢ ᠶᠢᠨ ᠠᠷᠭ᠎ᠠ ᠵᠠᠮ ᠢ ᠮᠡᠳᠡᠭᠳᠡᠨ᠎ᠡ᠃        4. ᠭᠦᠢᠴᠡᠳᠬᠡᠬᠦ  ᠱᠠᠳᠤᠨ ᠤ ᠬᠠᠷᠢᠭᠤᠴᠠᠯᠭ᠎ᠠ᠄ ᠲᠣᠭᠲᠠᠭᠠᠯ ᠶᠣᠰᠣᠭᠠᠷ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ ᠠᠯᠪᠡᠳᠡᠠ ᠳᠠᠷᠬᠠᠭᠠᠵᠦ᠂ ᠠᠯᠪᠠᠳᠠᠯᠭ᠎ᠠ ᠪᠠᠷ ᠲᠤᠬᠠᠶ ᠶᠢᠨ ᠭᠠᠵᠠᠷ ᠠᠴᠠ ᠵᠠᠶᠢᠯᠠᠭᠤᠯᠬᠤ ᠶᠠᠪᠤᠴᠠ ᠳᠤ ᠲᠡᠮᠳᠡᠭᠯᠡᠯ ᠬᠢᠵᠦ᠂ ᠲᠤᠬᠠᠢ ᠶᠢᠨ ᠲᠠᠯᠠᠪᠤᠷ ᠲᠤ ᠭᠡᠷᠡᠯ ᠵᠢᠷᠤᠭ ᠲᠠᠳᠠᠬᠤ ᠪᠤᠶᠤ ᠳᠠᠭᠤ ᠰᠢᠩᠭᠡᠭᠡᠯᠲᠡ ᠳᠦᠷᠰᠦ ᠰᠢᠩᠭᠡᠭᠡᠯᠲᠡ ᠬᠢᠵᠦ ᠪᠣᠯᠤᠨ᠎ᠠ᠃      5. ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠬᠠᠷᠢᠭᠤᠴᠠᠯᠭ᠎ᠠ ᠶᠢ ᠬᠦᠢᠴᠡᠳᠬᠡᠨ᠎ᠠ᠃      ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠪᠠ ᠬᠠᠷᠢᠭᠤᠴᠠᠯᠭ᠎ᠠ ᠨᠡᠬᠡᠮᠵᠢᠯᠡᠬᠦ ᠦᠨᠳᠦᠰᠦ ᠪᠠᠷᠢᠮᠳᠠ᠄      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠴᠠᠭᠳᠠᠭᠠᠨ ᠤ ᠬᠠᠤᠯᠢ︾ ᠶᠢᠨ ᠬᠤᠷᠢᠨ ᠬᠤᠶᠠᠳᠤᠭᠠᠷ ᠵᠤᠷᠪᠤᠰ   ᠠᠷᠠᠳ ᠤᠨ ᠴᠠᠭᠳᠠᠭ᠎ᠠ ᠳᠣᠣᠷᠠᠬᠢ ᠠᠵᠢᠯᠯᠠᠭ᠎ᠠ ᠶᠢ ᠬᠢᠵᠦ ᠪᠣᠯᠬᠤ ᠦᠭᠡᠢ᠄ ︵ᠲᠠᠪᠤ︶ ᠪᠤᠰᠤᠳ ᠤᠨ ᠬᠦᠮᠦᠨ ᠤ ᠪᠡᠶ᠎ᠡ ᠶᠢᠨ ᠡᠷᠬᠡ ᠴᠢᠯᠥᠭᠡ ᠶᠢ ᠬᠠᠤᠯᠢ ᠪᠤᠰᠤ ᠪᠠᠷ ᠬᠠᠰᠤᠵᠤ ᠬᠢᠵᠠᠭᠠᠷᠯᠠᠬᠤ᠂ ᠪᠤᠰᠤᠳ ᠤᠨ ᠪᠡᠶ᠎ᠡ ᠮᠠᠬᠠᠪᠣᠳ᠂ ᠡᠳ᠋ ᠪᠣᠳᠠᠰ᠂ ᠣᠷᠣᠨ ᠰᠠᠭᠤᠴᠠ ᠪᠤᠶᠤ ᠲᠠᠯᠠᠪᠤᠷ ᠢ ᠬᠠᠤᠯᠢ ᠪᠤᠰᠤ ᠪᠠᠷ ᠨᠡᠩᠵᠢᠨ ᠪᠠᠶᠢᠴᠠᠭᠠᠭᠰᠠᠨ︔ ᠲᠦᠴᠢᠨ ᠨᠠᠢᠮᠠᠳᠤᠭᠠᠷ ᠵᠤᠷᠪᠤᠰ  ᠠᠷᠠᠳ ᠤᠨ ᠴᠠᠭᠳᠠᠭ᠎ᠠ ᠠᠴᠠ ᠲᠤᠰ ᠬᠠᠤᠯᠢ ᠶᠢᠨ ᠬᠤᠷᠢᠨ ᠬᠤᠶᠠᠳᠤᠭᠠᠷ ᠵᠤᠷᠪᠤᠰ ᠲᠤ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠦᠢᠯᠡᠳᠦᠭᠰᠡᠨ ᠪᠠᠶᠢᠪᠠᠯ᠂ ᠵᠠᠰᠠᠭ ᠵᠠᠬᠢᠷᠭᠠᠨ ᠤ ᠰᠢᠳᠬᠡᠯ ᠥᠭᠬᠦ ᠬᠡᠷᠡᠭᠲᠡᠶ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠵᠠᠰᠠᠭ ᠵᠠᠬᠢᠷᠭᠠᠨ ᠤ ᠰᠢᠳᠬᠡᠯ ᠢ ᠰᠡᠷᠡᠮᠵᠢ ᠦᠭᠬᠦ᠂ ᠤᠰᠦᠯ ᠲᠡᠮᠳᠡᠭᠯᠡᠬᠦ᠂ ᠶᠡᠭᠡ ᠤᠰᠦᠯ ᠲᠡᠮᠳᠡᠭᠯᠡᠬᠦ᠂ ᠵᠡᠷᠭᠡ ᠳᠡᠰ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠬᠥᠭᠡᠭᠡᠬᠦ ᠬᠡᠬᠦ ᠮᠡᠲᠤ ᠪᠠᠷ ᠬᠤᠪᠢᠶᠠᠨ᠎ᠠ᠃ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠵᠠᠰᠠᠭ ᠵᠠᠬᠢᠷᠭᠠᠨ ᠤ ᠰᠢᠳᠬᠡᠯ ᠣᠯᠤᠭᠰᠠᠨ ᠠᠷᠠᠳ ᠤᠨ ᠴᠠᠭᠳᠠᠭ᠎ᠠ ᠶᠢᠨ ᠴᠠᠭᠳᠠᠭᠠᠨ ᠤ ᠴᠣᠯᠠ ᠶᠢ ᠪᠠᠭᠤᠷᠠᠭᠤᠯᠬᠤ ᠪᠠ ᠴᠠᠭᠳᠠᠭᠠᠨ ᠤ ᠴᠣᠯᠠ ᠶᠢ ᠬᠦᠴᠦᠨ ᠦᠭᠡᠢ ᠪᠤᠯᠭᠠᠵᠦ ᠪᠣᠯᠤᠨ᠎ᠠ᠃ ᠰᠠᠬᠢᠯᠭ᠎ᠠ ᠪᠠᠲᠤ ᠶᠢ ᠵᠥᠷᠢᠴᠡᠭᠰᠡᠨ ᠠᠷᠠᠳ ᠤᠨ ᠴᠠᠭᠳᠠᠭ᠎ᠠ ᠳᠤ ᠴᠢᠬᠤᠯᠳᠠᠢ ᠦᠶ᠎ᠡ ᠳᠤ ᠡᠷᠬᠡ ᠲᠤᠰᠢᠶᠠᠯ ᠢᠶᠠᠨ ᠭᠦᠢᠴᠡᠳᠬᠡᠬᠦ ᠶᠢ ᠨᠢ ᠵᠣᠭᠰᠣᠭᠠᠬᠤ᠂ ᠬᠤᠷᠢᠬᠤ ᠠᠷᠭ᠎ᠠ ᠬᠡᠮᠵᠢᠶ᠎ᠡ ᠠᠪᠴᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号