ᠠᠮᠤᠷ ᠢ ᠬᠠᠮᠠᠭᠠᠯᠠᠬᠤ ᠬᠡᠷᠡᠭ ᠢ ᠲᠠᠩᠰᠠᠯᠠᠨ ᠬᠠᠳᠠᠭᠠᠯᠠᠬᠤ ᠶᠢ ᠬᠦᠢᠴᠡᠳᠬᠡᠬᠦ
ᠨᠡᠶᠢᠲᠡᠯᠡᠭᠰᠡᠨ ᠴᠠᠭ᠄
2018-09-11
     ᠡᠷᠬᠡ ᠶᠢᠨ ᠨᠡᠷᠡᠶᠢᠳᠦᠯ᠄ ᠠᠮᠤᠷ ᠢ ᠬᠠᠮᠠᠭᠠᠯᠠᠬᠤ ᠬᠡᠷᠡᠭ ᠢ ᠲᠠᠩᠰᠠᠯᠠᠨ ᠬᠠᠳᠠᠭᠠᠯᠠᠬᠤ ᠶᠢ ᠬᠦᠢᠴᠡᠳᠬᠡᠬᠦ      ᠡᠷᠬᠡ ᠶᠢᠨ ᠲᠥᠷᠥᠯ ᠠᠩᠬᠢᠯᠠᠯ᠄ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ      ᠬᠠᠷᠢᠭᠤᠴᠠᠯᠭ᠎ᠠ ᠶᠢᠨ ᠭᠤᠣᠯ ᠴᠣᠭᠴᠠ᠄  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ      ᠲᠤᠭᠳᠠᠭᠠᠭᠰᠠᠨ ᠦᠨᠳᠦᠰᠦ ᠪᠠᠷᠢᠮᠳᠠ᠄      ︽ᠵᠠᠰᠠᠭ ᠵᠠᠬᠢᠷᠭᠠᠨ ᠤ ᠰᠢᠳᠬᠡᠯ ᠤᠨ ᠬᠠᠤᠯᠢ︾ ᠶᠢᠨ ᠭᠤᠴᠢᠨ ᠳᠣᠯᠣᠳᠤᠭᠠᠷ ᠵᠤᠷᠪᠤᠰ᠄ ᠵᠠᠰᠠᠭ ᠵᠠᠬᠢᠷᠭᠠᠨ ᠤ ᠪᠠᠶᠢᠭᠤᠯᠭ᠎ᠠ ᠭᠡᠷᠡᠴᠢ ᠪᠠᠷᠢᠮᠲᠠ ᠴᠤᠭᠯᠠᠭᠤᠯᠬᠤ ᠳᠠᠭᠠᠨ᠂ ᠦᠯᠢᠭᠡᠷ ᠠᠪᠴᠤ ᠭᠡᠷᠡᠴᠢ ᠪᠣᠯᠭᠠᠬᠤ ᠠᠷᠭ᠎ᠠ ᠶᠢ ᠬᠡᠷᠡᠭᠯᠡᠵᠦ ᠪᠣᠯᠤᠨ᠎ᠠ︔ ᠭᠡᠷᠡᠴᠢ ᠪᠠᠷᠢᠮᠲᠠ ᠤᠰᠠᠳᠤᠨ ᠠᠷᠢᠯᠵᠤ ᠮᠡᠳᠡᠬᠦ ᠪᠤᠶᠤ ᠬᠤᠵᠢᠮ ᠣᠯᠳᠠᠬᠤ ᠳᠤ ᠪᠡᠷᠬᠡᠲᠡᠶ ᠪᠤᠯᠵᠤ ᠮᠡᠳᠡᠬᠦ ᠪᠠᠶᠢᠳᠠᠯ ᠳᠣᠣᠷ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ᠂ ᠤᠷᠢᠳᠠᠪᠠᠷ ᠳᠠᠩᠰᠠᠯᠠᠵᠦ ᠬᠠᠮᠠᠭᠠᠯᠠᠨ ᠬᠠᠳᠠᠭᠠᠯᠠᠵᠤ ᠪᠣᠯᠬᠤ ᠪᠥᠭᠡᠳ ᠳᠤᠯᠤᠭᠠᠨ ᠡᠳᠦᠷ ᠤᠨ ᠳᠣᠲᠣᠷ᠎ᠠ ᠴᠠᠭ ᠲᠤᠬᠠᠶ ᠳᠤᠨᠢ ᠰᠢᠶᠳᠪᠦᠷᠢᠯᠡᠬᠦ ᠲᠣᠭᠲᠠᠭᠠᠯ ᠭᠠᠷᠭᠠᠬᠤ ᠬᠡᠷᠡᠭᠲᠡᠶ᠂ ᠲᠤᠰ ᠬᠤᠭᠤᠴᠠᠭᠠᠨ ᠳᠤ᠂ ᠲᠤᠬᠠᠶ ᠶᠢᠨ ᠬᠥᠮᠦᠨ ᠪᠤᠶᠤ ᠬᠤᠯᠪᠣᠭᠳᠠᠯ ᠪᠦᠬᠦᠢ ᠬᠥᠮᠦᠰ ᠭᠡᠷᠡᠴᠢ ᠪᠠᠷᠢᠮᠲᠠ ᠶᠢ ᠦᠭᠡᠶᠢᠰᠬᠡᠬᠦ ᠪᠤᠶᠤ ᠰᠢᠯᠵᠢᠭᠦᠯᠵᠦ ᠪᠣᠯᠬᠤ ᠦᠭᠡᠢ᠃      ᠬᠠᠷᠢᠭᠤᠴᠠᠬᠤ ᠵᠦᠢᠯᠡᠰ᠄      1. ᠪᠠᠶᠢᠴᠠᠭᠠᠯᠲᠠ ᠶᠢᠨ ᠱᠠᠳᠤᠨ ᠤ ᠬᠠᠷᠢᠭᠤᠴᠠᠯᠭ᠎ᠠ᠄ ᠬᠡᠷᠡᠭ ᠰᠢᠶᠳᠪᠦᠷᠢᠯᠡᠬᠦ ᠠᠵᠢᠯᠲᠠᠨ ᠨᠢ ᠬᠤᠶᠠᠷ ᠬᠥᠮᠦᠨ ᠠᠴᠠ ᠪᠠᠭ᠎ᠠ ᠪᠠᠶᠢᠵᠤ ᠪᠣᠯᠬᠤ ᠦᠭᠡᠢ᠃ ᠬᠡᠷᠡᠭ ᠰᠢᠶᠳᠪᠦᠷᠢᠯᠡᠬᠦ ᠠᠵᠢᠯᠲᠠᠨ ᠠᠴᠠ ᠬᠠᠤᠯᠢ ᠬᠡᠷᠡᠭᠵᠢᠬᠦᠯᠬᠦ ᠪᠡᠶ᠎ᠡ ᠶᠢᠨ ᠭᠠᠷᠤᠯ ᠢᠶᠠᠨ ᠲᠤᠳᠤᠷᠬᠠᠶᠢᠯᠠᠵᠦ᠂ ᠠᠵᠢᠯᠳᠠᠨ ᠤ ᠦᠨᠡᠮᠯᠡᠯ ᠢᠶᠠᠨ ᠦᠵᠡᠭᠦᠯᠵᠦ ᠪᠠᠶᠢᠭᠠᠳ ᠬᠡᠷᠡᠴᠢ ᠪᠠᠷᠢᠮᠳᠠ ᠡᠵᠡᠮᠰᠢᠭᠴᠢ ᠳᠤ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠬᠤᠭᠤᠴᠠᠭ᠎ᠠ᠂ ᠤᠴᠢᠷ ᠰᠢᠯᠲᠠᠭᠠᠨ ᠪᠠ ᠦᠨᠳᠦᠰᠦ ᠪᠠᠷᠢᠮᠲᠠ ᠶᠢ ᠮᠡᠳᠡᠭᠳᠡᠨ᠎ᠡ︔ ᠬᠡᠷᠡᠴᠢ ᠪᠠᠷᠢᠮᠲᠠ ᠡᠵᠡᠮᠰᠢᠭᠴᠢ᠂ ᠭᠡᠷᠡᠴᠢᠯᠡᠭᠴᠢ ᠲᠠᠢ ᠬᠠᠮᠳᠤᠷᠠᠵᠦ ᠭᠡᠷᠡᠴᠢ ᠪᠠᠷᠢᠮᠲᠠ ᠶᠢᠨ ᠨᠡᠷᠡᠶᠢᠳᠦᠯ᠂ ᠲᠤᠭ᠎ᠠ ᠬᠡᠮᠵᠢᠶ᠎ᠡ᠂ ᠰᠢᠨᠵᠢ ᠲᠡᠮᠳᠡᠭ ᠵᠡᠷᠭᠡ ᠶᠢ ᠳᠠᠩᠰᠠᠯᠠᠭᠤᠯᠬᠤ ᠬᠡᠷᠡᠭᠲᠡᠶ᠃ ᠴᠢᠬᠤᠯᠠ ᠲᠠᠢ ᠦᠶ᠎ᠠ ᠳᠤ ᠤᠷᠢᠳᠠᠪᠠᠷ ᠲᠠᠩᠰᠠᠯᠠᠨ ᠬᠠᠳᠠᠭᠠᠯᠠᠭᠰᠠᠨ ᠭᠡᠷᠡᠴᠢ ᠪᠠᠷᠢᠮᠲᠠ ᠳᠤ ᠵᠢᠷᠤᠭ ᠠᠪᠴᠤ ᠪᠤᠯᠤᠨ᠎ᠠ᠃      2. ᠬᠢᠨᠠᠨ ᠪᠠᠶᠢᠴᠠᠭᠠᠬᠤ ᠱᠠᠲᠤᠨ ᠤ ᠬᠠᠷᠢᠭᠤᠴᠠᠯᠭ᠎ᠠ᠄ ᠬᠡᠷᠡᠭ ᠢ ᠳᠠᠭᠠᠭᠠᠨ ᠠᠪᠴᠤ ᠰᠢᠶᠳᠪᠦᠷᠢᠯᠡᠬᠦ ᠪᠠᠶᠢᠭᠤᠯᠤᠮᠵᠢ ᠶᠢᠨ ᠬᠠᠷᠢᠭᠤᠴᠠᠯᠭᠠᠲᠠᠨ ᠠᠴᠠ ᠬᠡᠷᠡᠭ ᠰᠢᠳᠬᠡᠬᠦ ᠠᠵᠢᠯᠳᠠᠨ ᠠᠴᠠ ᠳᠤᠷᠠᠳᠤᠭᠰᠠᠨ ︵ᠬᠦᠴᠦᠨ ᠦᠭᠡᠢ ᠪᠣᠯᠭᠠᠬᠤ︶ ᠵᠠᠰᠠᠭ ᠵᠠᠬᠢᠷᠭᠠᠨ ᠤ ᠠᠷᠭ᠎ᠠ ᠬᠡᠮᠵᠢᠶ᠎ᠡ ᠶᠢᠨ ᠲᠦᠷᠦᠯ ᠵᠦᠢᠯ᠂ ᠤᠴᠢᠷ ᠰᠢᠯᠲᠠᠭᠠᠨ ᠵᠢᠴᠢ ᠬᠠᠤᠯᠢ ᠴᠠᠭᠠᠵᠠ ᠶᠢᠨ ᠦᠨᠳᠦᠰᠦ ᠪᠠᠷᠢᠮᠲᠠ ᠶᠢ ᠬᠢᠨᠠᠨ ᠪᠠᠶᠢᠴᠠᠭᠠᠵᠤ᠂ ᠵᠠᠰᠠᠭ ᠵᠠᠬᠢᠷᠭᠠᠨ‌‍ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠴᠢᠬᠤᠯᠠ ᠴᠢᠨᠠᠷ ᠢ ᠣᠨᠴᠠᠭᠠᠶᠢᠯᠠᠨ ᠠᠩᠬᠠᠷᠤᠨ᠎ᠠ᠃          3. ᠲᠣᠭᠲᠠᠭᠠᠬᠤ ᠱᠠᠲᠤᠨ ᠤ ᠬᠠᠷᠢᠭᠤᠴᠠᠯᠭ᠎ᠠ᠄ ᠭᠤᠣᠯ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠲᠤᠬᠠᠶ ᠶᠢᠨ ᠲᠠᠯᠠᠪᠤᠷ ᠲᠤ ᠲᠤᠬᠠᠶ ᠶᠢᠨ ᠬᠥᠮᠦᠨ ᠳᠤ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠤᠴᠢᠷ ᠰᠢᠯᠲᠠᠭᠠᠨ᠂ ᠦᠨᠳᠦᠰᠦᠯᠡᠯ ᠪᠣᠯᠤᠨ ᠲᠤᠬᠠᠶ ᠶᠢᠨ ᠬᠥᠮᠦᠨ ᠤ ᠬᠠᠤᠯᠢ ᠶᠣᠰᠣᠭᠠᠷ ᠡᠳ᠋ᠯᠡᠬᠦ ᠡᠷᠬᠡ᠂ ᠲᠦᠷᠬᠡᠨ ᠲᠤᠰᠠᠯᠠᠮᠵᠢ ᠶᠢᠨ ᠠᠷᠭ᠎ᠠ ᠵᠠᠮ ᠢ ᠮᠡᠳᠡᠭᠳᠡᠨ᠎ᠡ᠃      4. ᠭᠦᠢᠴᠡᠳᠬᠡᠬᠦ ᠱᠠᠳᠤᠨ ᠤ ᠬᠠᠷᠢᠭᠤᠴᠠᠯᠭ᠎ᠠ᠄ ︽ᠤᠷᠢᠳᠠᠪᠠᠷ ᠲᠠᠩᠰᠠᠯᠠᠨ ᠬᠠᠳᠠᠭᠠᠯᠠᠬᠤ ᠨᠠᠷᠢᠨ ᠳᠠᠩᠰᠠ︾ ᠶᠢ ᠪᠢᠴᠢᠵᠦ᠂ ᠬᠡᠷᠡᠭ ᠤᠨ ᠤᠴᠢᠷ ᠰᠢᠯᠲᠠᠭᠠᠨ᠂ ᠬᠡᠷᠡᠭ ᠰᠢᠳᠬᠡᠬᠦ ᠨᠢᠭᠡᠴᠡ᠂ ᠭᠡᠷᠡᠴᠢ ᠪᠠᠷᠢᠮᠲᠠ ᠡᠵᠡᠮᠰᠢᠭᠴᠢ ᠶᠢᠨ ᠤᠪᠤᠭ ᠨᠡᠷ᠎ᠡ ᠵᠡᠷᠭᠡ ᠪᠡᠶ᠎ᠡ ᠶᠢᠨ ᠭᠠᠷᠤᠯ ᠤᠨ ᠪᠠᠶᠢᠳᠠᠯ᠂ ᠤᠷᠢᠳᠠᠪᠠᠷ ᠲᠠᠩᠰᠠᠯᠠᠨ ᠬᠠᠳᠠᠭᠠᠯᠠᠬᠤ ᠴᠠᠭ ᠬᠤᠭᠤᠴᠠᠭ᠎ᠠ ᠪᠠ ᠭᠠᠵᠠᠷ ᠤᠷᠤᠨ ᠵᠢᠴᠢ ᠤᠷᠢᠳᠠᠪᠠᠷ ᠲᠠᠩᠰᠠᠯᠠᠨ ᠬᠠᠳᠠᠭᠠᠯᠠᠬᠤ ᠭᠡᠷᠡᠴᠢ ᠪᠠᠷᠢᠮᠲᠠ ᠶᠢᠨ ᠨᠡᠷᠡᠶᠢᠳᠦᠯ᠂ ᠪᠠᠷᠢᠮᠵᠢᠶ᠎ᠠ᠂ ᠲᠤᠭ᠎ᠠ ᠬᠡᠮᠵᠢᠶ᠎ᠡ᠂ ᠣᠨᠴᠠᠯᠢᠭ ᠰᠢᠨᠵᠢ ᠵᠡᠷᠭᠡ ᠠᠭᠤᠯᠭ᠎ᠠ ᠶᠢ ᠲᠤᠳᠤᠷᠬᠠᠶᠢᠯᠠᠨ᠎ᠠ᠂ ᠬᠡᠷᠡᠭ ᠰᠢᠳᠬᠡᠭᠴᠢ᠂ ᠭᠡᠷᠡᠴᠢ ᠪᠠᠷᠢᠮᠲᠠ ᠡᠵᠡᠮᠰᠢᠭᠴᠢ ᠪᠠ ᠭᠡᠷᠡᠴᠢᠯᠡᠭᠴᠢ ᠭᠠᠷ ᠤᠨ ᠦᠰᠦᠭ ᠵᠢᠷᠤᠵᠤ  ᠨᠤᠳᠠᠯᠠᠨ᠎ᠠ᠂ ᠭᠡᠷᠡᠴᠢ ᠪᠠᠷᠢᠮᠲᠠ ᠡᠵᠡᠮᠰᠢᠭᠴᠢ ᠭᠠᠷ ᠤᠨ ᠦᠰᠦᠭ ᠵᠢᠷᠤᠬᠤ ᠶᠢ ᠲᠡᠪᠴᠢᠭᠰᠡᠨ ᠪᠠᠶᠢᠪᠠᠯ᠂ ᠬᠡᠷᠡᠭ ᠰᠢᠳᠬᠡᠭᠴᠢ ︽ᠤᠷᠢᠳᠠᠪᠠᠷ ᠲᠠᠩᠰᠠᠯᠠᠨ ᠬᠠᠳᠠᠭᠠᠯᠠᠬᠤ ᠭᠡᠷᠡᠴᠢ ᠪᠠᠷᠢᠮᠲᠠ ᠶᠢᠨ  ᠨᠠᠷᠢᠨ ᠲᠠᠩᠰᠠ︾ ᠳᠡᠭᠡᠷ᠎ᠡ  ᠲᠤᠳᠤᠷᠬᠠᠶᠢᠯᠠᠨ᠎ᠠ᠃ ︽ᠤᠷᠢᠳᠠᠪᠠᠷ ᠲᠠᠩᠰᠠᠯᠠᠨ ᠬᠠᠳᠠᠭᠠᠯᠠᠬᠤ ᠭᠡᠷᠡᠴᠢ ᠪᠠᠷᠢᠮᠲᠠ ᠶᠢᠨ ᠨᠠᠷᠢᠨ ᠳᠠᠩᠰᠠ︾ ᠶᠢ ᠨᠢᠭᠡ ᠬᠡᠯᠪᠡᠷᠢ ᠶᠢᠨ ᠬᠤᠶᠠᠷ ᠬᠤᠪᠢ᠂ ᠨᠢᠭᠡ ᠬᠤᠪᠢ ᠶᠢ  ᠲᠤᠬᠠᠶ ᠶᠢᠨ ᠬᠥᠮᠦᠨ ᠳᠤ ᠲᠤᠰᠢᠶᠠᠨ ᠥᠭᠴᠦ᠂ ᠨᠢᠭᠡ ᠬᠤᠪᠢ ᠶᠢ ᠳᠠᠭᠠᠯᠳᠤᠪᠤᠷᠢ ᠡᠪᠬᠡᠮᠡᠯ ᠳᠤ  ᠤᠷᠤᠭᠤᠯᠤᠨ᠎ᠠ︔      5. ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠬᠠᠷᠢᠭᠤᠴᠠᠯᠭ᠎ᠠ ᠶᠢ ᠬᠦᠢᠴᠡᠳᠬᠡᠨ᠎ᠡ᠃      ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠪᠠ ᠬᠠᠷᠢᠭᠤᠴᠠᠯᠭ᠎ᠠ ᠨᠡᠬᠡᠮᠵᠢᠯᠡᠬᠦ ᠦᠨᠳᠦᠰᠦ ᠪᠠᠷᠢᠮᠳᠠ᠄      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠭᠡᠯ ᠤᠨ ᠬᠠᠤᠯᠢ︾ ᠶᠢᠨ ᠵᠠᠭᠤ ᠠᠷᠪᠠᠨ ᠵᠢᠷᠭᠤᠳᠤᠭᠠᠷ ᠵᠤᠷᠪᠤᠰ   ᠠᠷᠠᠳ ᠤᠨ ᠴᠠᠭᠳᠠᠭ᠎ᠠ ᠠᠴᠠ ᠠᠮᠤᠷ ᠢ ᠬᠠᠮᠠᠭᠠᠯᠠᠬᠤ ᠬᠡᠷᠡᠭ ᠢ ᠰᠢᠶᠳᠪᠦᠷᠢᠯᠡᠬᠦ ᠳᠡᠭᠡᠨ᠂ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ︵ᠲᠦᠷᠪᠡ︶ ᠳᠣᠲᠣᠷ᠎ᠠ ᠵᠠᠭᠤᠷ᠎ᠠ ᠪᠠᠨ ᠬᠤᠪᠢᠶᠠᠬᠤ᠂ ᠲᠦᠷᠢᠮᠡᠬᠡᠶᠢᠯᠡᠨ ᠡᠵᠡᠯᠡᠬᠦ᠂ ᠨᠡᠭᠦᠯᠭᠡᠨ ᠬᠡᠷᠡᠭᠯᠡᠬᠦ᠂ ᠵᠣᠷᠢᠭᠤᠳᠠ ᠡᠪᠳᠡᠵᠦ ᠰᠦᠢᠳᠬᠡᠭᠰᠡᠨ ᠢ ᠬᠤᠷᠢᠶᠠᠨ ᠠᠪᠤᠭᠰᠠᠨ᠂ ᠳᠠᠷᠤᠵᠤ ᠠᠪᠤᠭᠰᠠᠨ ᠵᠣᠭᠤᠰ ᠮᠥᠩᠭᠦ ᠡᠳ᠋ ᠪᠣᠳᠠᠰ᠃ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠬᠤ ᠠᠵᠢᠯᠲᠠᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠲᠤᠬᠢᠷᠠᠮᠵᠢᠳᠠᠢ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号