ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠰᠠᠬᠤ
ᠨᠡᠶᠢᠲᠡᠯᠡᠭᠰᠡᠨ ᠴᠠᠭ᠄
2018-09-11
     ᠡᠷᠬᠡ ᠶᠢᠨ ᠨᠡᠷᠡᠶᠢᠳᠦᠯ᠄ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠰᠠᠬᠤ      ᠡᠷᠬᠡ ᠶᠢᠨ ᠲᠦᠷᠦᠯ ᠵᠦᠢᠯ᠄ ᠵᠠᠰᠠᠭ ᠵᠠᠬᠢᠷᠭᠠᠨ ᠤ ᠠᠯᠪᠠᠳᠠᠨ ᠬᠦᠢᠴᠡᠳᠬᠡᠬᠦ      ᠬᠠᠷᠢᠭᠤᠴᠠᠯᠭ᠎ᠠ ᠶᠢᠨ ᠪᠡᠶᠡᠴᠢ ᠴᠣᠭᠴᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠲᠢᠩᠬᠢᠮ      ᠲᠤᠭᠳᠠᠭᠠᠭᠰᠠᠨ ᠦᠨᠳᠦᠰᠦ ᠪᠠᠷᠢᠮᠳᠠ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠬᠠᠤᠯᠢ︾ ᠶᠢᠨ ᠭᠤᠴᠢ ᠶᠢᠰᠦᠳᠦᠭᠡᠷ ᠵᠦᠢᠯ᠄ ᠲᠤᠰ ᠬᠠᠤᠯᠢ ᠶᠢᠨ ᠬᠤᠷᠢᠨ ᠲᠠᠪᠤᠳᠤᠭᠠᠷ ᠵᠦᠢᠯ ᠤᠨ ᠨᠢᠭᠡᠳᠦᠭᠡᠷ ᠪᠠᠳᠠᠭ ᠤᠨ ᠲᠣᠭᠲᠠᠭᠠᠯ ᠢ ᠵᠥᠷᠢᠴᠡᠵᠦ᠂ ᠤᠯᠤᠰ ᠤᠨ ᠦᠮᠴᠢᠯᠡᠯᠳᠤ ᠭᠠᠵᠠᠷ ᠰᠢᠷᠣᠶ ᠶᠢᠨ ᠬᠡᠷᠡᠭᠯᠡᠬᠦ ᠡᠷᠬᠡᠲᠦ ᠬᠥᠮᠦᠨ ᠪᠣᠯᠤᠨ ᠲᠠᠷᠢᠶᠠᠴᠢᠨ ᠤ ᠬᠠᠮᠲᠤ ᠶᠢᠨ ᠦᠮᠴᠢᠯᠡᠯᠳᠤ ᠭᠠᠵᠠᠷ ᠰᠢᠷᠣᠶ ᠶᠢ ᠳᠠᠭᠠᠭᠠᠴᠢᠯᠠᠨ ᠡᠵᠡᠩᠨᠡᠬᠦ ᠡᠷᠬᠡᠲᠦ ᠬᠥᠮᠦᠨ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠷᠭ᠎ᠠ ᠬᠡᠮᠵᠢᠶ᠎ᠡ ᠶᠢ ᠠᠪᠤᠭᠰᠠᠨ ᠦᠭᠡᠢ ᠠᠴᠠ ᠪᠤᠯᠵᠦ ᠭᠠᠵᠠᠷ ᠰᠢᠷᠣᠶ ᠶᠢ ᠬᠦᠨᠳᠦ ᠨᠣᠴᠢᠲᠠᠶ ᠡᠯᠡᠰᠦᠵᠢᠭᠦᠯᠦᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ︵ᠮᠡᠯ ᠠᠵᠤ ᠠᠬᠤᠶ︶᠂ ᠤᠢ ᠰᠢᠭᠤᠶ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠣᠰᠣᠭᠠᠷ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠰᠠᠭᠤᠯᠤᠨ᠎ᠠ︔ ᠤᠯᠤᠰ ᠤᠨ ᠦᠮᠴᠢᠯᠠᠯᠳᠤ ᠭᠠᠵᠠᠷ ᠰᠢᠷᠣᠶ ᠶᠢ ᠬᠦᠨᠳᠦ ᠨᠣᠴᠢᠲᠠᠶ ᠡᠯᠡᠰᠦᠵᠢᠭᠦᠯᠦᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠤᠯᠤᠰ‌‍ᠤᠨ ᠦᠮᠴᠢᠯᠠᠯᠳᠤ ᠭᠠᠵᠠᠷ ᠰᠢᠷᠣᠶ ᠶᠢ ᠬᠡᠷᠡᠭᠯᠡᠬᠦ ᠡᠷᠬᠡ ᠶᠢ ᠨᠢ ᠪᠤᠴᠠᠭᠠᠨ ᠠᠪᠴᠤ ᠪᠤᠯᠤᠨ᠎ᠠ᠃      ᠬᠠᠷᠢᠭᠤᠴᠠᠬᠤ ᠵᠦᠢᠯᠡᠰ᠄      1. ᠬᠢᠨᠠᠨ ᠪᠠᠶᠢᠴᠠᠭᠠᠵᠤ ᠰᠢᠪᠠᠳᠠᠨ ᠮᠡᠳᠡᠭᠳᠡᠬᠦ ᠬᠠᠷᠢᠭᠤᠴᠠᠯᠭ᠎ᠠ᠄ ᠲᠤᠬᠠᠶ ᠶᠢᠨ ᠬᠥᠮᠦᠨ ᠤ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠷᠭ᠎ᠠ ᠬᠡᠮᠵᠢᠶ᠎ᠡ ᠶᠢᠨ ᠬᠤᠭᠤᠴᠠᠭ᠎ᠠ ᠬᠡᠲᠦᠷᠡᠭᠰᠡᠨ ᠡᠰᠡᠬᠦ ᠶᠢ ᠬᠢᠨᠠᠨ ᠪᠠᠶᠢᠴᠠᠭᠠᠵᠦ᠂ ᠭᠠᠵᠠᠷ ᠰᠢᠷᠣᠶ ᠶᠢ ᠬᠦᠨᠳᠦ ᠨᠣᠴᠢᠲᠠᠶ ᠡᠯᠡᠰᠦᠷᠬᠡᠭᠵᠢᠬᠦᠯᠦᠭᠰᠡᠨ ᠪᠠᠶᠢᠪᠠᠯ᠂ ᠲᠤᠬᠠᠶ ᠶᠢᠨ ᠬᠥᠮᠦᠨ ᠳᠤ ᠡᠭᠦᠷᠭᠡ ᠪᠠᠨ ᠭᠦᠢᠴᠡᠳᠬᠡᠬᠦ ᠶᠢ ᠱᠠᠭᠠᠷᠳᠠᠨ ᠮᠡᠳᠡᠭᠳᠡᠵᠦ᠂ ᠱᠠᠭᠠᠷᠳᠠᠨ ᠮᠡᠳᠡᠭᠳᠡᠬᠦ ᠪᠢᠴᠢᠭ ᠢ ᠵᠤᠬᠢᠶᠠᠨ᠂ ᠢᠯᠠ ᠪᠠᠷ ᠵᠠᠷᠯᠠᠨ ᠨᠡᠶᠢᠳᠡᠯᠡᠨ᠎ᠡ᠃      2. ᠲᠣᠭᠲᠠᠭᠠᠬᠤ ᠬᠠᠷᠢᠭᠤᠴᠠᠯᠭ᠎ᠠ᠄ ᠲᠤᠬᠠᠶ ᠶᠢᠨ ᠬᠥᠮᠦᠨ ᠤ ᠰᠠᠨᠠᠯ ᠢ ᠰᠣᠨᠣᠰᠴᠤ᠂ ᠲᠤᠬᠠᠶ ᠶᠢᠨ ᠬᠥᠮᠦᠨ ᠤ ᠳᠤᠷᠠᠳᠤᠭᠰᠠᠨ ᠪᠣᠳᠠᠲᠤ ᠬᠡᠷᠡᠭ᠂ ᠤᠴᠢᠷ ᠰᠢᠯᠲᠠᠭᠠᠨ ᠪᠠ ᠭᠡᠷᠡᠴᠢ ᠪᠠᠷᠢᠮᠲᠠ ᠶᠢ ᠲᠡᠮᠳᠡᠭᠯᠡᠨ ᠳᠠᠬᠢᠨ ᠬᠢᠨᠠᠵᠦ᠂ ᠠᠯᠪᠠᠳᠠᠨ ᠬᠦᠢᠴᠡᠳᠬᠡᠬᠦ ᠡᠰᠡᠬᠦ ᠲᠤᠬᠠᠶ ᠲᠣᠭᠲᠠᠭᠠᠯ ᠭᠠᠷᠭᠠᠵᠦ᠂ ᠵᠠᠰᠠᠭ ᠵᠠᠬᠢᠷᠭᠠᠨ‌‍ᠤ ᠠᠯᠪᠠᠳᠠᠨ ᠬᠦᠢᠴᠡᠳᠬᠡᠬᠦ ᠲᠣᠭᠲᠠᠭᠠᠯ ᠤᠨ ᠪᠢᠴᠢᠭ ᠵᠤᠬᠢᠶᠠᠨ᠎ᠠ᠃      3. ᠬᠡᠷᠡᠭᠵᠢᠬᠦᠯᠬᠦ ᠬᠠᠷᠢᠭᠤᠴᠠᠯᠭ᠎ᠠ᠄ ᠭᠦᠢᠴᠡᠳᠬᠡᠯᠲᠡ ᠶᠢᠨ ᠪᠢᠴᠢᠭ ᠢ ᠬᠦᠷᠭᠡᠵᠦ᠂ ᠠᠯᠪᠡᠳᠡᠠ ᠭᠦᠢᠴᠡᠳᠬᠡᠭᠦᠯᠬᠦ ᠠᠷᠭ᠎ᠠ ᠶᠢ ᠬᠡᠷᠡᠭᠵᠢᠬᠦᠯᠦᠨ᠎ᠡ᠃      4. ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠄ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠪᠠᠶᠢᠳᠠᠯ ᠢ ᠪᠠᠶᠢᠴᠠᠭᠠᠨ᠎ᠠ᠃      5. ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠃      ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠢᠴᠢ ᠬᠠᠷᠢᠭᠤᠴᠠᠯᠭ᠎ᠠ ᠨᠡᠬᠡᠮᠵᠢᠯᠡᠬᠦ ᠦᠨᠳᠦᠰᠦ ᠪᠠᠷᠢᠮᠳᠠ᠄      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠠᠤᠯᠢ︾ ᠶᠢᠨ ᠵᠢᠷᠠᠨ ᠨᠢᠭᠡᠳᠦᠭᠡᠷ ᠵᠤᠷᠪᠤᠰ   ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠠᠯᠪᠠᠳᠠᠯᠭ᠎ᠠ ᠶᠢ ᠬᠡᠷᠡᠭᠵᠢᠭᠦᠯᠬᠦ ᠳᠤ᠂ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠳᠡᠭᠡᠷ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠰᠢᠳᠬᠡᠯ ᠥᠭᠭᠦᠨ᠎ᠡ᠄ ︵ᠨᠢᠭᠡ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠦᠨᠳᠦᠰᠦ ᠪᠠᠷᠢᠮᠲᠠ ᠪᠠᠶᠢᠬᠤ ᠦᠭᠡᠢ︔ ︵ᠬᠤᠶᠠᠷ︶ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠡᠳᠡᠭᠡᠳ᠂ ᠨᠥᠬᠦᠴᠡᠯ ᠂ ᠠᠷᠭ᠎ᠠ ᠮᠠᠶ᠋ᠢᠭ ᠢ ᠬᠤᠪᠢᠷᠠᠭᠤᠯᠤᠭᠰᠠᠨ︔ ︵ᠭᠤᠷᠪᠠ︶ ᠬᠠᠤᠯᠢ ᠳᠤ ᠲᠣᠭᠲᠠᠭᠠᠭᠰᠠᠨ ᠵᠢᠷᠤᠮ ᠢ ᠵᠥᠷᠢᠴᠡᠨ ᠵᠠᠰᠠᠭ ᠵᠠᠬᠢᠷᠭᠠᠨ ᠤ ᠠᠯᠪᠠᠳᠠᠯᠭ᠎ᠠ ᠶᠢ ᠬᠡᠷᠡᠭᠵᠢᠭᠦᠯᠦᠭᠰᠡᠨ︔ ︵ᠳᠦᠷᠪᠡ︶ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠰᠥᠨᠢ ᠲᠤᠮᠳᠠ ᠪᠤᠶᠤ ᠬᠠᠤᠯᠢ ᠳᠤ ᠲᠣᠭᠲᠠᠭᠠᠭᠰᠠᠨ ᠪᠠᠶᠠᠷ ᠤᠨ ᠡᠳᠦᠷ ᠤᠨ ᠠᠮᠠᠷᠠᠯᠲᠠ ᠶᠢᠨ ᠬᠤᠭᠤᠴᠠᠭᠠᠨ ᠳᠤ ᠵᠠᠰᠠᠭ ᠵᠠᠬᠢᠷᠭᠠᠨ ᠤ ᠠᠯᠪᠠᠳᠠᠨ ᠬᠦᠢᠴᠡᠳᠬᠡᠬᠦ ᠶᠢ ᠬᠡᠷᠡᠭᠵᠢᠭᠦᠯᠦᠭᠰᠡᠨ︔ ︵ᠲᠠᠪᠤ︶ ᠰᠠᠭᠤᠭᠠᠯᠢ ᠠᠷᠠᠳ ᠤᠨ ᠠᠮᠢᠳᠤᠷᠠᠯ ᠤᠨ ᠤᠰᠤ ᠬᠠᠩᠭᠠᠬᠤ᠂ ᠴᠠᠬᠢᠯᠭᠠᠨ ᠬᠠᠩᠭᠠᠬᠤ᠂ ᠢᠯᠴᠢ ᠬᠦᠷᠭᠡᠬᠦ᠂ ᠰᠢᠳᠠᠮᠠᠬᠠᠢ ᠬᠡᠢ ᠬᠠᠩᠭᠠᠬᠤ ᠶᠢ ᠵᠤᠭᠰᠤᠭᠠᠬᠤ ᠵᠡᠷᠭᠡ ᠠᠷᠭ᠎ᠠ ᠮᠠᠶ᠋ᠢᠭ ᠢᠶᠠᠷ ᠲᠤᠬᠠᠶ ᠶᠢᠨ ᠬᠥᠮᠦᠨ ᠢ ᠰᠢᠬᠠᠮᠳᠠᠭᠤᠯᠤᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠲᠣᠭᠲᠠᠭᠠᠯ ᠢ ᠬᠦᠢᠴᠡᠳᠬᠡᠬᠦᠯᠬᠦ︔ ︵ᠵᠢᠷᠭᠤᠭ᠎ᠠ︶ ᠬᠠᠤᠯᠢ ᠶᠢ ᠵᠥᠷᠢᠴᠡᠨ ᠵᠠᠰᠠᠭ ᠵᠠᠬᠢᠷᠭᠠᠨ ᠤ ᠠᠯᠪᠠᠳᠠᠯᠭ᠎ᠠ ᠶᠢ ᠬᠡᠷᠡᠭᠵᠢᠭᠦᠯᠦᠭᠰᠡᠨ ᠪᠤᠰᠤᠳ ᠪᠠᠶᠢᠳᠠᠯ᠃ ᠵᠢᠷᠠᠨ ᠬᠤᠶᠠᠳᠤᠭᠠᠷ ᠵᠦᠢᠯ  ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠠᠷᠯᠢᠭᠳᠠᠨ  ᠵᠠᠯᠠᠷᠠᠭᠤᠯᠤᠭᠤᠯᠵᠦ᠂ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠬᠤ ᠬᠥᠮᠦᠨ ᠪᠣᠯᠤᠨ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠦᠨ ᠳᠤ ᠬᠠᠤᠯᠢ ᠶᠣᠰᠣᠭᠠᠷ ᠰᠢᠳᠬᠡᠯ ᠥᠭᠭᠦᠨ᠎ᠡ᠄ ︵ᠨᠢᠭᠡ︶ ᠪᠠᠶᠢᠴᠠᠭᠠᠨ ᠪᠢᠲᠡᠭᠦᠮᠵᠢᠯᠡᠭᠰᠡᠨ᠂ ᠪᠠᠷᠢᠴᠠᠭᠠᠨ ᠳᠤ ᠦᠯᠡᠳᠡᠭᠡᠬᠦ᠂ ᠴᠡᠪᠳᠡᠭᠯᠡᠬᠦ ᠬᠦᠷᠢᠶ᠎ᠡ ᠬᠡᠪᠴᠢᠶ᠎ᠡ ᠶᠢ ᠦᠷᠬᠡᠳᠭᠡᠭᠰᠡᠨ ︔ ︵ᠬᠤᠶᠠᠷ︶  ᠪᠢᠲᠡᠭᠦᠮᠵᠢᠯᠡᠭᠰᠡᠨ᠂ ᠳᠠᠷᠤᠵᠤ ᠠᠪᠤᠭᠰᠠᠨ ᠲᠠᠯᠠᠪᠤᠷ᠂ ᠲᠥᠬᠦᠭᠡᠷᠦᠮᠵᠢ ᠪᠤᠶᠤ ᠵᠣᠭᠤᠰ ᠮᠥᠩᠭᠦ ᠡᠳ᠋ ᠪᠣᠳᠠᠰ ᠢ ᠬᠡᠷᠡᠭᠯᠡᠭᠰᠡᠨ ᠪᠤᠶᠤ ᠡᠪᠳᠡᠯᠡᠵᠦ ᠰᠦᠢᠳᠬᠡᠭᠰᠡᠨ︔ ︵ᠭᠤᠷᠪᠠ︶ ᠬᠠᠤᠯᠢ ᠳᠤ ᠲᠣᠭᠲᠠᠭᠠᠭᠰᠠᠨ ᠪᠠᠶᠢᠴᠠᠭᠠᠨ ᠪᠢᠲᠡᠭᠦᠮᠵᠢᠯᠡᠬᠦ᠂ ᠳᠠᠷᠤᠵᠤ ᠠᠪᠬᠤ ᠬᠤᠭᠤᠴᠠᠭᠠᠨ ᠳᠤ ᠰᠢᠶᠳᠪᠦᠷᠢᠯᠡᠬᠦ ᠲᠣᠭᠲᠠᠭᠠᠯ ᠭᠠᠷᠭᠠᠭᠰᠠᠨ ᠦᠭᠡᠢ ᠪᠤᠶᠤ ᠬᠠᠤᠯᠢ ᠶᠣᠰᠣᠭᠠᠷ ᠴᠠᠭ ᠲᠤᠬᠠᠢ ᠳᠤᠨᠢ ᠪᠠᠶᠢᠴᠠᠭᠠᠨ ᠪᠢᠲᠡᠭᠦᠮᠵᠢᠯᠡᠬᠦ᠂ ᠳᠠᠷᠤᠵᠤ ᠠᠪᠬᠤ ᠶᠢ ᠬᠦᠴᠦᠨ ᠦᠭᠡᠢ ᠪᠣᠯᠭᠠᠭᠰᠠᠨ ᠦᠭᠡᠢ︔ ︵ᠳᠥᠷᠪᠡ︶ ᠬᠠᠤᠯᠢ ᠳᠤ ᠲᠣᠭᠲᠠᠭᠠᠭᠰᠠᠨ ᠬᠠᠳᠠᠭᠠᠯᠠᠮᠵᠢ᠂ ᠭᠤᠪᠢᠭᠤᠯᠭ᠎ᠠ ᠶᠢᠨ ᠵᠣᠭᠤᠰ ᠢ ᠴᠡᠪᠳᠡᠭᠯᠡᠬᠦ ᠬᠤᠭᠤᠴᠠᠭᠠᠨ ᠳᠤ ᠰᠢᠶᠳᠪᠦᠷᠢᠯᠡᠬᠦ ᠲᠣᠭᠲᠠᠭᠠᠯ ᠭᠠᠷᠭᠠᠭᠰᠠᠨ ᠦᠭᠡᠢ ᠪᠤᠶᠤ ᠴᠡᠪᠳᠡᠭᠯᠡᠯ ᠢ ᠴᠠᠭ ᠲᠤᠬᠠᠶ ᠳᠤᠨᠢ ᠬᠠᠤᠯᠢ ᠶᠣᠰᠣᠭᠠᠷ ᠬᠦᠴᠦᠨ ᠦᠭᠡᠢ ᠪᠣᠯᠭᠠᠭᠰᠠᠨ ᠦᠭᠡᠢ᠃  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号