ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠠᠭᠠᠯᠠᠯᠲᠠ ᠬᠠᠮᠢᠶᠠᠷᠤᠯᠲᠠ ᠶᠢᠨ ᠰᠦᠢᠳᠬᠡᠯ ᠬᠤᠷᠢᠶᠠᠬᠤ
ᠨᠡᠶᠢᠲᠡᠯᠡᠭᠰᠡᠨ ᠴᠠᠭ᠄
2018-09-11
     ᠡᠷᠬᠡ ᠶᠢᠨ ᠨᠡᠷᠡᠶᠢᠳᠦᠯ᠄ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠠᠭᠠᠯᠠᠯᠲᠠ ᠬᠠᠮᠢᠶᠠᠷᠤᠯᠲᠠ ᠶᠢᠨ ᠰᠦᠢᠳᠬᠡᠯ ᠬᠤᠷᠢᠶᠠᠬᠤ      ᠡᠷᠬᠡ ᠶᠢᠨ ᠲᠥᠷᠥᠯ ᠠᠩᠬᠢᠯᠠᠯ᠄ ᠵᠠᠰᠠᠭ ᠵᠠᠬᠢᠷᠭᠠᠨ ᠤ ᠲᠠᠲᠠᠪᠤᠷᠢ      ᠬᠠᠷᠢᠭᠤᠴᠠᠯᠭ᠎ᠠ ᠶᠢᠨ ᠪᠡᠶᠡᠴᠢ ᠴᠣᠭᠴᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠲᠢᠩᠬᠢᠮ      ᠲᠤᠭᠳᠠᠭᠠᠭᠰᠠᠨ ᠦᠨᠳᠦᠰᠦ ᠪᠠᠷᠢᠮᠳᠠ᠄ ︽ᠤᠢ ᠰᠢᠭᠤᠶ ᠬᠢᠭᠡᠳ ᠵᠡᠷᠯᠢᠭ ᠠᠮᠢᠲᠠᠳ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠠᠷᠭ᠎ᠠ︾ ᠶᠢᠨ ᠠᠷᠪᠠᠨ ᠭᠤᠷᠪᠠᠳᠤᠭᠠᠷ ᠵᠤᠷᠪᠤᠰ᠄ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠰᠢᠨᠵᠢᠯᠡᠬᠦ ᠤᠬᠠᠭᠠᠨ ᠤ ᠰᠤᠳᠤᠯᠭᠠᠨ᠂ ᠵᠢᠭᠠᠨ ᠰᠤᠷᠭᠠᠬᠤ ᠳᠠᠳᠤᠯᠭ᠎ᠠ᠂ ᠲᠣᠭᠤᠷᠢᠨ ᠦᠵᠡᠵᠦ ᠪᠠᠶᠢᠴᠠᠭᠠᠬᠤ᠂ ᠺᠢᠨᠤ᠋ ᠲᠧᠯᠸᠢᠰ ᠰᠡᠭᠦᠳᠡᠷᠯᠡᠬᠦ᠂ ᠠᠭᠤᠯᠠ ᠠᠪᠠᠷᠢᠬᠤ ᠵᠡᠷᠭᠡ ᠠᠵᠢᠯᠯᠠᠭ᠎ᠠ ᠡᠷᠬᠢᠯᠡᠵᠦ ᠪᠠᠶᠢᠭ᠎ᠠ ᠨᠢᠭᠡᠴᠡ ᠪᠠ ᠬᠤᠪᠢ ᠬᠥᠮᠦᠨ ᠡᠷᠬᠡᠪᠰᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠴᠠ ᠳᠡᠭᠡᠭᠰᠢᠬᠢ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠢ ᠤᠯᠬᠤ ᠬᠡᠷᠡᠭᠲᠡᠶ᠃ ᠶᠠᠮᠠᠷᠪᠠ ᠰᠠᠯᠠᠭ᠎ᠠ ᠮᠥᠴᠢᠷ᠂ ᠪᠦᠯᠦᠭᠯᠡᠯ᠂ ᠨᠢᠭᠡᠴᠡ ᠪᠣᠯᠤᠨ ᠭᠠᠳᠠᠭᠠᠳᠤ ᠤᠯᠤᠰ ᠲᠠᠢ ᠲᠤᠭᠳᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠡᠯᠡᠯᠴᠡᠭᠡᠷ᠂ ᠭᠠᠳᠠᠭᠠᠳᠤ ᠶᠢᠨ ᠬᠥᠮᠦᠨ ᠢ ᠬᠦᠯᠢᠶᠠᠨ ᠠᠪᠴᠤ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠤᠯᠪᠣᠭᠳᠠᠯ ᠪᠦᠬᠦᠢ ᠠᠵᠢᠯᠯᠠᠭ᠎ᠠ ᠬᠢᠬᠦ ᠳᠤ ᠡᠷᠬᠡᠪᠰᠢ ᠤᠢ ᠰᠢᠭᠤᠶ ᠶᠢᠨ ᠬᠡᠯᠳᠡᠰ ᠤᠨ ᠵᠥᠪᠰᠢᠶᠡᠷᠡᠯ ᠢ ᠤᠯᠬᠤ ᠬᠡᠷᠡᠭᠲᠡᠶ︔ ᠣᠷᠣᠨ ᠨᠤᠲᠤᠭ ᠲᠤ ᠬᠤᠯᠪᠣᠭᠳᠠᠬᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ ᠡᠷᠬᠡᠪᠰᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠢ ᠤᠯᠬᠤ ᠬᠡᠷᠡᠭᠲᠡᠶ᠃ ᠵᠦᠪᠰᠢᠶᠡᠷᠡᠯ ᠢᠶᠠᠷ ᠳᠠᠮᠵᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠲᠡᠭᠡᠷ᠎ᠡ ᠳᠤᠷᠠᠳᠤᠭᠰᠠᠨ ᠠᠵᠢᠯᠯᠠᠭ᠎ᠠ ᠬᠢᠭᠰᠡᠨ ᠪᠠᠶᠢᠪᠠᠯ᠂ ᠡᠷᠬᠡᠪᠰᠢ ᠲᠤᠰ ᠠᠷᠭ᠎ᠠ ᠪᠠ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠨ᠂ ᠪᠣᠭᠤᠮᠲᠠ ᠶᠢᠨ ᠬᠠᠮᠠᠭᠠᠯᠠᠯᠲᠠ ᠬᠠᠮᠢᠶᠠᠷᠤᠯᠲᠠ ᠶᠢᠨ ᠰᠦᠢᠳᠬᠡᠯ ᠲᠤᠰᠢᠶᠠᠬᠤ ᠬᠡᠷᠡᠭᠲᠡᠶ᠃      ᠬᠠᠷᠢᠭᠤᠴᠠᠬᠤ ᠵᠦᠢᠯᠡᠰ᠄      1. ᠢᠯᠡ ᠨᠡᠶᠢᠲᠡᠯᠡᠬᠦ ᠠᠯᠪᠠᠨ ᠵᠠᠷᠯᠠᠯ᠄ ᠬᠠᠤᠯᠢ ᠶᠣᠰᠣᠭᠠᠷ ᠲᠤᠰᠢᠶᠠᠬᠤ ᠶᠣᠰᠣᠲᠠᠶ ᠮᠠᠲ᠋ᠧᠷᠢᠶᠠᠯ ᠢ ᠵᠠᠷᠯᠠᠨ ᠨᠡᠶᠢᠳᠡᠯᠠᠵᠤ᠂ ᠮᠡᠳᠡᠭᠳᠡᠬᠦ ᠪᠢᠴᠢᠭ ᠮᠠᠲ᠋ᠧᠷᠢᠶᠠᠯ ᠢ ᠨᠥᠬᠦᠪᠥᠷᠢᠯᠡᠵᠦ ᠵᠠᠯᠠᠷᠠᠭᠤᠯᠬᠤ᠂ ᠬᠠᠤᠯᠢ ᠶᠣᠰᠣᠭᠠᠷ ᠬᠦᠯᠢᠶᠠᠨ ᠠᠪᠴᠤ ᠰᠢᠶᠳᠪᠦᠷᠢᠯᠡᠬᠦ ᠪᠤᠶᠤ ᠦᠯᠦ ᠬᠦᠯᠢᠶᠡᠨ ᠠᠪᠴᠤ ᠰᠢᠶᠳᠪᠦᠷᠢᠯᠡᠬᠦ ︵ᠬᠦᠯᠢᠶᠡᠨ ᠠᠪᠴᠤ ᠰᠢᠶᠳᠪᠦᠷᠢᠯᠡᠬᠦ ᠦᠭᠡᠢ ᠤᠴᠢᠷ ᠰᠢᠯᠲᠠᠭᠠᠨ ᠢᠶᠠᠨ ᠮᠡᠳᠡᠭᠳᠡᠬᠦ ᠬᠡᠷᠡᠭᠲᠡᠶ︶ ᠪᠠᠨ ᠮᠡᠳᠡᠭᠳᠡᠬᠦ ᠬᠡᠷᠡᠭᠳᠡᠢ  ᠃      2. ᠬᠢᠨᠠᠨ ᠪᠠᠶᠢᠴᠠᠭᠠᠬᠤ ᠬᠠᠷᠢᠭᠤᠴᠠᠯᠭ᠎ᠠ᠄ ᠪᠢᠴᠢᠭ ᠤᠨ ᠬᠢᠨᠠᠯᠳᠠ ᠬᠢᠵᠦ᠂ ᠪᠢᠴᠢᠭ ᠤᠨ ᠬᠢᠨᠠᠯᠳᠠ ᠶᠢᠨ ᠨᠥᠬᠦᠴᠡᠯ ᠳᠤ ᠨᠡᠶᠢᠴᠡᠭᠰᠡᠨ ᠪᠠᠶᠢᠪᠠᠯ᠂ ᠲᠤᠬᠠᠶ ᠶᠢᠨ ᠲᠠᠯᠠᠪᠤᠷ ᠤᠨ ᠬᠢᠨᠠᠨ ᠪᠠᠶᠢᠴᠠᠭᠠᠬᠤ ᠲᠤᠰᠬᠠᠶ ᠮᠡᠷᠭᠡᠵᠢᠯᠲᠡᠨ ᠢ ᠲᠤᠭᠳᠠᠭᠠᠵᠤ᠂ ᠲᠤᠬᠠᠶ ᠶᠢᠨ ᠭᠠᠵᠠᠷ ᠲᠤ ᠬᠢᠨᠠᠨ ᠬᠠᠷᠭᠤᠭᠤᠯᠬᠤ ᠶᠢ ᠵᠤᠬᠢᠶᠠᠨ ᠪᠠᠶᠢᠭᠤᠯᠤᠨ᠎ᠠ᠃ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠳᠤᠷᠠᠳᠤᠭᠰᠠᠨ ᠬᠢᠨᠠᠨ ᠪᠠᠶᠢᠴᠠᠭᠠᠭᠰᠠᠨ ᠰᠠᠨᠠᠯ ᠢ ᠬᠢᠨᠠᠨ ᠬᠠᠷᠭᠤᠭᠤᠯᠵᠦ᠂ ᠬᠢᠨᠠᠨ ᠬᠠᠷᠭᠤᠭᠤᠯᠤᠭᠰᠠᠨ ᠰᠠᠨᠠᠯ ᠢᠶᠠᠨ ᠲᠤᠷᠠᠳᠬᠤ ᠶᠢᠨ ᠬᠠᠮᠳᠤ᠂ ᠰᠠᠯᠠᠭ᠎ᠠ ᠮᠥᠴᠢᠷ ᠤᠨ ᠤᠳᠤᠷᠢᠳᠤᠯᠭ᠎ᠠ ᠳᠤ ᠲᠤᠰᠢᠶᠠᠨ ᠲᠣᠭᠲᠠᠭᠠᠨ᠎ᠠ᠃      3. ᠬᠠᠷᠢᠭᠤᠴᠠᠯᠭ᠎ᠠ ᠲᠤᠭᠳᠠᠭᠠᠬᠤ᠄ ᠵᠠᠰᠠᠭ ᠵᠠᠬᠢᠷᠭᠠᠨ ᠤ ᠵᠦᠪᠰᠢᠶᠡᠷᠡᠯ ᠪᠤᠶᠤ    ᠦᠯᠦ ᠵᠦᠪᠰᠢᠶᠡᠷᠡᠬᠦ ᠲᠤᠭᠳᠠᠭᠠᠯ ︵ᠦᠯᠦ ᠵᠥᠪᠰᠢᠶᠡᠷᠡᠬᠦ ᠤᠴᠢᠷ ᠰᠢᠯᠲᠠᠭᠠᠨ ᠢᠶᠠᠨ ᠮᠡᠳᠡᠭᠳᠡᠬᠦ ᠬᠡᠷᠡᠭᠲᠡᠶ᠃︶ ᠭᠠᠷᠭᠠᠨ᠎ᠠ᠂ ᠭᠤᠶᠤᠴᠢᠯᠠᠭᠴᠢ᠂ ᠠᠰᠢᠭ ᠬᠤᠣᠷ ᠤᠨ ᠬᠠᠷᠢᠴᠠᠭ᠎ᠠ ᠲᠠᠢ ᠬᠥᠮᠦᠨ ᠤ ᠴᠢᠬᠤᠯᠠ ᠶᠡᠭᠡ ᠠᠰᠢᠭ ᠲᠤᠰᠠ ᠳᠤ ᠬᠤᠯᠪᠤᠭᠳᠠᠭᠰᠠᠨ ᠪᠤᠶᠤ ᠬᠠᠤᠯᠢ ᠶᠣᠰᠣᠭᠠᠷ ᠭᠡᠷᠡᠴᠢᠯᠡᠭᠡ ᠰᠤᠨᠤᠰᠤᠭᠴᠢᠳ ᠲᠤ ᠲᠣᠭᠲᠠᠭᠠᠯ ᠭᠠᠷᠭᠠᠬᠤ ᠠᠴᠠ ᠪᠠᠨ ᠡᠮᠦᠨ᠎ᠡ ᠬᠠᠤᠯᠢ ᠪᠠᠷ ᠲᠣᠭᠲᠠᠭᠠᠭᠰᠠᠨ ᠬᠠᠷᠢᠭᠤᠴᠠᠯᠭ᠎ᠠ ᠶᠢ ᠮᠡᠳᠡᠭᠳᠡᠨ᠎ᠡ᠃      4. ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠄  ᠠᠵᠤ ᠠᠬᠤᠶᠢᠯᠠᠯ ᠤᠨ ᠦᠨᠡᠮᠯᠡᠯ ᠤᠯᠤᠭᠰᠠᠨ ᠤ ᠳᠠᠷᠠᠭᠠᠬᠢ ᠲᠤᠭᠳᠠᠮᠠᠯ ᠪᠤᠰᠤ ᠬᠤᠭᠤᠴᠠᠭᠠᠳᠤ ᠪᠠᠶᠢᠴᠠᠭᠠᠯᠲᠠ ᠶᠢ ᠴᠢᠩᠭᠠᠳᠬᠠᠵᠦ᠂ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠦᠨᠡᠮᠯᠡᠯ ᠢ ᠨᠢ ᠦᠷᠬᠦᠯᠵᠢᠯᠡᠬᠦᠯᠬᠦ᠂ ᠤᠰᠠᠳᠬᠠᠬᠤ᠂ ᠬᠦᠴᠦᠨ ᠦᠭᠡᠢ ᠪᠣᠯᠭᠠᠬᠤ ᠵᠡᠷᠭᠡ ᠰᠢᠶᠳᠪᠦᠷᠢᠯᠡᠬᠦ ᠲᠣᠭᠲᠠᠭᠠ᠊ ᠭᠠᠷᠭᠠᠨ᠎ᠠ᠃      5. ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠬᠠᠷᠢᠭᠤᠴᠠᠯᠭ᠎ᠠ ᠶᠢ ᠬᠦᠢᠴᠡᠳᠬᠡᠨ᠎ᠡ᠃      ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠢᠴᠢ ᠬᠠᠷᠢᠭᠤᠴᠠᠯᠭ᠎ᠠ ᠨᠡᠬᠡᠮᠵᠢᠯᠡᠬᠦ ᠦᠨᠳᠦᠰᠦ ᠪᠠᠷᠢᠮᠳᠠ᠄      1. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ︾ ᠶᠢᠨ ᠳᠥᠴᠢᠨ ᠵᠢᠷᠭᠤᠳᠤᠭᠠᠷ ᠵᠤᠷᠪᠤᠰ   ᠤᠢ ᠰᠢᠭᠤᠶ ᠶᠢᠨ ᠡᠬᠢ ᠪᠠᠶᠠᠯᠢᠭ ᠢ ᠬᠠᠮᠠᠭᠠᠯᠠᠬᠤ᠂ ᠤᠢ ᠰᠢᠭᠤᠶ ᠶᠢ ᠬᠢᠨᠠᠨ ᠬᠠᠮᠢᠶᠠᠷᠬᠤ ᠠᠵᠢᠯ ᠬᠢᠵᠦ ᠪᠠᠶᠢᠭ᠎ᠠ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠠᠵᠢᠯᠳᠡᠠ ᠪᠣᠯᠤ᠋ ᠲᠦᠷᠦ ᠶᠢᠨ ᠪᠠᠶᠢᠭᠤᠯᠬ᠎ᠠ ᠶᠢᠨ ᠪᠤᠰᠤᠳ ᠬᠤᠯᠪᠣᠭᠳᠠᠯ ᠪᠦᠬᠦᠢ ᠠᠵᠢᠯᠳᠡᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠬᠤ᠂ ᠬᠤᠪᠢ ᠶᠢᠨ ᠨᠠᠶᠢᠷ ᠢᠶᠠᠷ ᠬᠠᠤᠯᠢ ᠶᠢ ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠬᠠᠷᠠᠬᠠᠨ ᠶᠠᠯ᠎ᠠ ᠪᠣᠯᠵᠥ ᠪᠦᠷᠢᠯᠳᠦᠭᠰᠡᠨ ᠥᠭᠡᠢ ᠪᠠᠶᠢᠪᠠᠯ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠃      2 . ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ᠶᠢᠨ ᠭᠤᠴᠢᠨ ᠨᠠᠢᠮᠠᠳᠤᠭᠠᠷ ᠵᠤᠷᠪᠤᠰ   ᠬᠡᠭᠡᠷ᠎ᠡ ᠶᠢᠨ ᠠᠮᠢᠲᠠᠨ ᠤ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠠᠵᠢᠯᠲᠠᠳ ᠡᠭᠦᠷᠭᠡ ᠲᠤᠰᠢᠶᠠᠯ ᠳᠠᠭᠠᠨ ᠣᠰᠣᠯᠳᠠᠵᠤ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠬᠦ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠲᠡᠭᠦᠨ ᠤ ᠪᠠᠶᠢᠭ᠎ᠠ ᠨᠢᠭᠡᠴᠢ ᠪᠤᠶᠤ ᠳᠡᠭᠡᠳᠦ ᠱᠠᠲᠤᠨ ᠤ ᠡᠷᠬᠢᠯᠡᠨ ᠬᠠᠮᠢᠶᠠᠷᠬᠤ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠰᠢᠳᠬᠡᠯ ᠥᠭᠭᠦᠨ᠎ᠡ︔ ᠤᠶᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠵᠤ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号