ᠣᠶ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠤᠳᠠᠯ ᠬᠤᠷᠢᠶᠠᠬᠤ
ᠨᠡᠶᠢᠲᠡᠯᠡᠭᠰᠡᠨ ᠴᠠᠭ᠄
2018-09-11
     ᠡᠷᠬᠡ ᠶᠢᠨ ᠨᠡᠷᠡᠶᠢᠳᠦᠯ᠄ ᠣᠶ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠤᠳᠠᠯ ᠬᠤᠷᠢᠶᠠᠬᠤ      ᠡᠷᠬᠡ ᠶᠢᠨ ᠲᠥᠷᠥᠯ ᠠᠩᠬᠢᠯᠠᠯ᠄ ᠵᠠᠰᠠᠭ ᠵᠠᠬᠢᠷᠭᠠᠨ ᠤ ᠲᠠᠲᠠᠪᠤᠷᠢ      ᠬᠠᠷᠢᠭᠤᠴᠠᠯᠭ᠎ᠠ ᠶᠢᠨ ᠪᠡᠶᠡᠴᠢ ᠴᠣᠭᠴᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠲᠢᠩᠬᠢᠮ      ᠲᠤᠭᠳᠠᠭᠠᠭᠰᠠᠨ ᠦᠨᠳᠦᠰᠦ ᠪᠠᠷᠢᠮᠳᠠ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ︾ ᠶᠢᠨ ᠠᠷᠪᠠᠨ ᠨᠠᠢᠮᠠᠳᠤᠭᠠᠷ ᠵᠤᠷᠪᠤᠰ ᠤᠨ ᠨᠢᠭᠡᠳᠦᠭᠡᠷ ᠵᠦᠢᠯ᠄ ᠬᠠᠶᠢᠨ ᠪᠠᠶᠢᠴᠠᠭᠠᠬᠤ᠂ ᠠᠭᠤᠷᠬᠠᠶ ᠨᠡᠭᠡᠭᠡᠬᠦ ᠪᠠ ᠡᠯ᠎ᠡ ᠵᠦᠢᠯ ᠤᠨ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠪᠠᠷᠢᠬᠤ ᠳᠠᠭᠠᠨ ᠰᠢᠭᠤᠶᠢᠲᠤ ᠭᠠᠵᠠᠷ ᠢ ᠦᠯᠦ ᠡᠵᠡᠯᠡᠬᠦ ᠪᠤᠶᠤ ᠪᠠᠭ᠎ᠠ ᠡᠵᠡᠯᠡᠬᠦ ᠬᠡᠷᠡᠭᠲᠡᠶ︔ ᠭᠠᠵᠠᠷ ᠢ ᠵᠠᠪᠠᠯ ᠡᠵᠡᠯᠡᠨ ᠬᠡᠷᠡᠭᠯᠡᠬᠦ ᠪᠤᠶᠤ ᠲᠠᠳᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠴᠢᠬᠤᠯᠠᠲᠠᠶ ᠪᠣᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠲᠣᠭᠲᠠᠭᠠᠯᠭᠠᠵᠤ ᠵᠥᠪᠰᠢᠶᠡᠷᠡᠭᠦᠯᠦᠭᠰᠡᠨ ᠤ ᠳᠠᠷᠠᠭ᠎ᠠ᠂ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠶᠣᠰᠣᠭᠠᠷ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠬᠢᠬᠦ ᠬᠡᠷᠡᠭᠳᠡᠢ ᠪᠥᠭᠡᠳ ᠭᠠᠵᠠᠷ ᠰᠢᠷᠣᠶ ᠬᠡᠷᠡᠭᠯᠡᠬᠦ ᠨᠢᠭᠡᠴᠡ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠢ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠰᠦᠢᠳᠬᠡᠯ ᠲᠤᠰᠢᠶᠠᠨ᠎ᠠ᠃ ᠤᠢ ᠰᠢᠭᠤᠶ ᠶᠢᠨ ᠤᠷᠭᠤᠮᠠᠯ ᠤᠨ  ᠬᠤᠴᠢᠯᠭ᠎ᠠ ᠶᠢ ᠰᠡᠷᠭᠦᠭᠡᠬᠦ ᠰᠦᠢᠳᠬᠡᠯ ᠤᠨ ᠲᠤᠰᠬᠠᠶ ᠵᠣᠭᠤᠰ ᠢ ᠲᠤᠰᠬᠠᠶ ᠬᠡᠷᠡᠭᠯᠡᠵᠦ᠂ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠢᠭᠡᠳᠦᠯᠲᠡᠶ ᠲᠣᠬᠢᠷᠠᠭᠤᠯᠤᠨ᠎ᠠ᠂ ᠮᠣᠳᠣ ᠲᠡᠷᠢᠵᠦ ᠣᠶᠢᠵᠢᠭᠤᠯᠬᠤ᠂ ᠤᠢ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠡᠵᠡᠯᠡᠨ ᠬᠡᠷᠡᠭᠯᠡᠬᠦ ᠮᠣᠳᠣ ᠲᠠᠷᠢᠵᠤ ᠣᠶᠢᠵᠢᠭᠤᠯᠬᠤ ᠲᠠᠯᠠᠪᠠᠶ ᠨᠢ ᠡᠵᠡᠯᠠᠨ ᠬᠡᠷᠡᠭᠯᠡᠬᠦ᠂ ᠲᠠᠳᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠴᠢᠬᠤᠯᠠᠳᠠᠢ ᠪᠤᠯᠵᠦ ᠬᠠᠰᠤᠭᠳᠠᠭᠰᠠᠨ ᠤᠢ ᠰᠢᠭᠤᠶ ᠶᠢᠨ ᠤᠷᠭᠤᠮᠠᠯ ᠤᠨ ᠬᠤᠴᠢᠯᠭ᠎ᠠ ᠶᠢᠨ ᠲᠡᠯᠡᠪᠡᠢ ᠠᠴᠠ ᠪᠠᠭ᠎ᠠ ᠪᠠᠶᠢᠵᠤ ᠪᠣᠯᠬᠤ ᠦᠭᠡᠢ᠃ ᠳᠡᠭᠡᠳᠦ ᠱᠠᠲᠤᠨ ᠤ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠨᠢ ᠲᠤᠤᠷᠡᠳᠦ ᠱᠠᠲᠤᠨ ᠤ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠮᠣᠳᠣ ᠲᠡᠷᠢᠵᠦ ᠣᠶᠢᠵᠢᠭᠤᠯᠬᠤ ᠪᠠ ᠤᠢ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠠᠵᠢᠯ ᠢ ᠵᠣᠬᠢᠶᠠᠨ ᠪᠠᠶᠢᠭᠤᠯᠤᠭᠰᠠᠨ ᠪᠠᠶᠢᠳᠠᠯ ᠢ ᠲᠣᠭᠲᠠᠭᠰᠠᠨ ᠬᠤᠭᠤᠴᠠᠭ᠎ᠠ ᠲᠠᠢ ᠪᠠᠷ ᠰᠢᠪᠠᠳᠠᠨ ᠱᠠᠭᠠᠷᠳᠠᠵᠤ ᠪᠠᠶᠢᠴᠠᠭᠠᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ ᠶᠢ ᠬᠡᠷᠡᠭᠵᠢᠭᠦᠯᠬᠦ ᠳᠦᠷᠢᠮ︾ ᠤᠨ ᠠᠷᠪᠠᠨ ᠵᠢᠷᠭᠤᠳᠤᠭᠠᠷ ᠵᠤᠷᠪᠤᠰ ᠤᠨ ᠨᠢᠭᠡᠳᠦᠭᠡᠷ ᠵᠦᠢᠯ ᠄ ᠬᠠᠶᠢᠨ ᠪᠠᠶᠢᠴᠠᠭᠠᠬᠤ᠂ ᠠᠭᠤᠷᠬᠠᠶ ᠨᠡᠭᠡᠭᠡᠬᠦ ᠪᠠ ᠵᠠᠮ ᠵᠠᠰᠠᠬᠤ᠂ ᠤᠰᠤᠨ ᠠᠰᠢᠭᠯᠠᠯᠲᠠ᠂ ᠴᠠᠬᠢᠯᠭᠠᠨ ᠬᠦᠴᠦ᠂ ᠮᠡᠳᠡᠭᠡ ᠬᠤᠯᠪᠤᠭ᠎ᠠ ᠵᠡᠷᠭᠡ ᠢᠨᠵᠧᠨᠧᠷᠢᠩ ᠨᠢ ᠰᠢᠭᠤᠶᠢᠲᠤ ᠭᠠᠵᠠᠷ ᠢ ᠡᠵᠡᠯᠡᠨ ᠬᠡᠷᠡᠭᠯᠡᠬᠦ ᠪᠤᠶᠤ ᠲᠠᠲᠠᠪᠤᠷᠢᠯᠠᠨ ᠬᠡᠷᠡᠭᠯᠡᠬᠦ ᠴᠢᠬᠤᠯᠠᠲᠠᠶ ᠪᠠᠶᠢᠪᠠᠯ᠂ ᠡᠷᠬᠡᠪᠰᠢ ᠳᠣᠣᠷᠠᠬᠢ ᠲᠣᠭᠲᠠᠭᠠᠯ ᠢ ᠵᠢᠷᠤᠮᠯᠠᠬᠤ ᠬᠡᠷᠡᠭᠲᠡᠶ᠄ ︵ᠨᠢᠭᠡ︶ ᠭᠠᠵᠠᠷ ᠬᠡᠷᠡᠭᠯᠡᠬᠦ ᠨᠢᠭᠡᠴᠡ ᠨᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠶ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠭᠠᠵᠠᠷ ᠰᠢᠷᠣᠶ ᠬᠡᠷᠡᠭᠯᠡᠬᠦ ᠭᠤᠶᠤᠴᠢᠯᠠᠯ ᠭᠠᠷᠭᠠᠵᠤ᠂ ᠵᠥᠪᠰᠢᠶᠡᠷᠡᠯ ᠣᠯᠤᠭᠰᠠᠨ ᠤ ᠲᠠᠷᠠᠭ᠎ᠠ᠂ ᠤᠯᠤᠰ‌‍ᠤᠨ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠤᠢ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠰᠦᠢᠳᠬᠡᠯ ᠢ ᠤᠷᠢᠳᠴᠢᠯᠠᠨ ᠲᠤᠰᠢᠶᠠᠵᠤ᠂ ᠰᠢᠭᠤᠶᠢᠲᠤ ᠭᠠᠵᠠᠷ ᠢ ᠬᠡᠷᠡᠭᠯᠡᠬᠦ ᠶᠢ ᠬᠢᠨᠠᠨ ᠵᠥᠪᠰᠢᠶᠡᠷᠡᠭᠰᠡᠨ ᠪᠢᠴᠢᠭ ᠢ ᠠᠪᠤᠨ᠎ᠠ᠃ ᠭᠠᠵᠠᠷ ᠬᠡᠷᠡᠭᠯᠡᠬᠦ ᠨᠢᠭᠡᠴᠡ ᠨᠢ ᠰᠢᠭᠤᠶᠢᠲᠤ ᠭᠠᠵᠠᠷ ᠢ ᠬᠡᠷᠡᠭᠯᠡᠬᠦ ᠶᠢ ᠬᠢᠨᠠᠨ ᠵᠥᠪᠰᠢᠶᠡᠷᠡᠭᠰᠡᠨ ᠪᠢᠴᠢᠭ ᠢᠶᠠᠷ ᠦᠨᠳᠦᠰᠦ ᠪᠠᠷᠢᠮᠲᠠ ᠪᠣᠯᠭᠠᠵᠤ ᠪᠦᠳᠦᠬᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ  ᠶᠢ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠬᠢᠨ᠎ᠠ᠃ ᠰᠢᠭᠤᠶᠢᠲᠤ ᠭᠠᠵᠠᠷ ᠢ ᠡᠵᠡᠯᠡᠨ ᠬᠡᠷᠡᠭᠯᠡᠬᠦ ᠪᠤᠶᠤ ᠲᠠᠲᠠᠪᠤᠷᠢᠯᠠᠨ ᠬᠡᠷᠡᠭᠯᠡᠬᠦ ᠳᠡᠭᠡᠨ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠢ ᠣᠯᠤᠭᠰᠠᠨ ᠦᠬᠡᠢ ᠪᠣᠯ ᠭᠠᠵᠠᠷ ᠰᠢᠷᠣᠶ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠭᠤᠶᠤᠴᠢᠯᠠᠯ ᠢ ᠬᠦᠯᠢᠶᠡᠨ ᠠᠪᠴᠤ ᠰᠢᠶᠳᠪᠦᠷᠢᠯᠡᠵᠦ ᠪᠣᠯᠬᠤ ᠦᠬᠡᠢ᠃ ᠡᠳ᠋ ᠤᠨ ᠵᠠᠰᠠᠭ ᠤᠨ  ᠬᠡᠯᠳᠡᠰ᠂ ᠤᠯᠤᠰ ᠤᠨ ᠤᠢ ᠰᠢᠭᠤᠶ ᠶᠢᠨ ᠲᠣᠪᠴᠢᠶᠠᠨ ᠠᠴᠠ ᠳᠠᠷᠤᠮᠠᠯᠯᠠᠨ ᠲᠠᠷᠬᠠᠭᠠᠭᠰᠠᠨ ︽ᠤᠢ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠰᠦᠢᠳᠬᠡᠯ ᠢ ᠲᠠᠲᠠᠪᠤᠷᠢᠯᠠᠬᠤ ᠬᠡᠷᠡᠭᠯᠡᠬᠦ ᠬᠠᠮᠢᠶᠠᠷᠬᠤ ᠲᠦᠷ ᠬᠡᠷᠡᠭᠵᠢᠭᠦᠯᠬᠦ ᠠᠷᠭ᠎ᠠ︾ ᠶᠢᠨ ᠮᠡᠳᠡᠭᠳᠡᠯ ︵ ᠡᠳ᠋ ᠶᠡᠷᠦᠩᠬᠡᠶ ﹇2002﹈ 73 ᠳ᠋ᠤᠭᠠᠷ ᠲᠣᠭᠠᠲᠤ︶      ᠬᠠᠷᠢᠭᠤᠴᠠᠬᠤ ᠵᠦᠢᠯᠡᠰ᠄      1. ᠢᠯᠡ ᠨᠡᠶᠢᠲᠡᠯᠡᠬᠦ ᠵᠠᠷᠯᠠᠯ ᠤᠨ ᠱᠠᠲᠤᠨ ᠤ ᠬᠠᠷᠢᠭᠤᠴᠠᠯᠭ᠎ᠠ᠄ ᠵᠠᠷᠯᠠᠨ ᠮᠡᠳᠡᠭᠳᠡᠨ᠎ᠡ ︵ᠣᠶ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠤᠳᠠᠯ ᠢ ᠲᠠᠲᠠᠪᠤᠷᠢᠯᠠᠬᠤ ᠵᠣᠭᠤᠰ ᠤᠨ ᠲᠤᠭ᠎ᠠ᠂ ᠲᠠᠲᠠᠪᠤᠷᠢᠯᠠᠬᠤ ᠠᠷᠭ᠎ᠠ ᠮᠠᠶ᠋ᠢᠭ᠂ ᠭᠦᠢᠴᠡᠳᠬᠡᠬᠦ ᠴᠠᠭ ᠤᠨ ᠬᠢᠵᠠᠭᠠᠷ ᠪᠠ ᠰᠢᠶᠳᠪᠦᠷᠢᠯᠡᠬᠦ ᠠᠷᠭ᠎ᠠ ᠮᠠᠶ᠋ᠢᠭ ᠵᠢᠴᠢ ᠪᠤᠰᠤᠳ ᠠᠭᠤᠯᠭ᠎ᠠ ᠶᠢ ᠢᠯᠡ ᠨᠡᠶᠢᠳᠠᠯᠡᠨ᠎ᠠ︶᠃      2. ᠬᠢᠨᠠᠨ ᠬᠠᠷᠭᠤᠭᠤᠯᠬᠤ ᠱᠠᠲᠤᠨ ᠤ ᠬᠠᠷᠢᠭᠤᠴᠠᠯᠭ᠎ᠠ᠄ ᠣᠶ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠤᠳᠠᠯ ᠤᠨ ᠪᠠᠩᠬᠢ ᠶᠢᠨ ᠲᠠᠩᠰᠠᠨ ᠳᠤ ᠤᠷᠤᠭᠰᠠᠨ   ᠮᠡᠳᠡᠭᠳᠡᠯ ᠪᠣᠯᠤᠨ ᠭᠠᠵᠠᠷ ᠬᠡᠷᠡᠭᠯᠡᠬᠦ ᠨᠢᠭᠡᠴᠢ ᠶᠢᠨ ᠬᠤᠯᠪᠣᠭᠳᠠᠯ ᠪᠦᠬᠦᠢ ᠭᠤᠶᠤᠴᠢᠯᠠᠯ ᠤᠨ ᠮᠠᠲ᠋ᠧᠷᠢᠶᠠᠯ ᠢ ᠬᠢᠨᠠᠨ ᠬᠠᠷᠭᠤᠭᠤᠯᠤᠨ᠎ᠠ᠃      3. ᠲᠣᠭᠲᠠᠭᠠᠬᠤ ᠱᠠᠲᠤᠨ ᠤ ᠬᠠᠷᠢᠭᠤᠴᠠᠯᠭ᠎ᠠ᠄ ᠬᠢᠨᠠᠨ ᠪᠠᠶᠢᠴᠠᠭᠠᠭᠰᠠᠨ ᠲᠣᠭᠲᠠᠭᠠᠯ  ᠭᠠᠷᠭᠠᠨ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠡᠩ ᠤᠨ ᠵᠣᠭᠤᠰ ᠲᠤᠰᠢᠶᠠᠬᠤ ᠪᠢᠴᠢᠭ︾ ᠢ ᠵᠢᠭᠰᠠᠭᠠᠨ ᠪᠢᠴᠢᠵᠦ᠂ ᠣᠶ ᠰᠢᠭᠤᠶ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠰᠦᠢᠳᠬᠡᠯ ᠢ ᠤᠷᠢᠳᠴᠢᠯᠠᠨ ᠬᠤᠷᠢᠶᠠᠨ᠎ᠠ᠃ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠵᠥᠪᠰᠢᠶᠡᠷᠡᠯ ᠤᠯᠤᠭᠰᠠᠨ ᠲᠦᠷ ᠬᠡᠷᠡᠭᠯᠡᠬᠦ ᠰᠢᠭᠤᠶᠢᠲᠤ ᠭᠠᠵᠠᠷ ᠤᠨ ᠲᠥᠷᠥᠯ ᠵᠦᠢᠯ ᠤᠨ ᠤᠢ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠰᠦᠢᠳᠬᠡᠯ ᠢ ᠴᠠᠭ ᠲᠤᠬᠠᠶ ᠳᠤᠨᠢ ᠬᠥᠮᠥᠷᠭᠡ ᠳᠤ ᠲᠤᠰᠢᠶᠠᠨ᠎ᠠ︔ ᠰᠢᠭᠤᠶᠢᠲᠤ ᠭᠠᠵᠠᠷ ᠢ ᠳᠦᠷ ᠴᠠᠭ ᠬᠡᠷᠡᠭᠯᠡᠬᠦ ᠶᠢ ᠬᠦᠯᠢᠶᠡᠨ ᠠᠪᠴᠤ ᠰᠢᠶᠳᠪᠦᠷᠢᠯᠡᠬᠦ ᠦᠭᠡᠢ ᠵᠦᠢᠯᠡᠰ ᠤᠨ ᠵᠣᠭᠤᠰ ᠢ ᠲᠣᠭᠲᠠᠭᠠᠯ ᠶᠣᠰᠣᠭᠠᠷ  ᠪᠤᠴᠠᠭᠠᠨ᠎ᠠ᠃      4. ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠄ ᠤᠢ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠰᠦᠢᠳᠬᠡᠯ ᠤᠨ ᠲᠤᠰᠬᠠᠶ ᠵᠣᠭᠤᠰ ᠢ ᠲᠤᠰᠬᠠᠶ ᠬᠡᠷᠡᠭᠯᠡᠵᠦ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠮᠣᠳᠣ ᠲᠡᠷᠢᠵᠦ ᠣᠶᠢᠵᠢᠭᠤᠯᠬᠤ ᠶᠢ ᠨᠢᠭᠡᠳᠦᠯᠲᠡᠶ ᠲᠤᠬᠢᠷᠠᠭᠤᠯᠵᠦ᠂ ᠤᠢ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠨ᠎ᠡ᠃ ᠲᠤᠤᠷ᠎ᠠ ᠱᠠᠲᠤᠨ ᠤ ᠤᠢ ᠰᠢᠭᠤᠶ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠮᠣᠳᠣ ᠲᠡᠷᠢᠵᠦ ᠣᠶᠢᠵᠢᠭᠤᠯᠬᠤ᠂ ᠤᠢ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ  ᠰᠡᠷᠭᠦᠭᠡᠬᠦ ᠶᠢ ᠵᠣᠬᠢᠶᠠᠨ ᠪᠠᠶᠢᠭᠤᠯᠵᠤ  ᠪᠠᠶᠢᠭ᠎ᠠ ᠪᠠᠶᠢᠳᠠᠯ ᠢ ᠲᠤᠭᠳᠠᠭᠰᠠᠨ ᠬᠤᠭᠤᠴᠠᠭ᠎ᠠ ᠲᠠᠢ ᠪᠠᠷ ᠰᠢᠪᠠᠳᠠᠨ ᠪᠠᠶᠢᠴᠠᠭᠠᠨ᠎ᠠ᠃      5. ᠪᠤᠰᠤᠳ ᠬᠠᠤᠯᠢ ᠴᠠᠭᠠᠵᠠ᠂ ᠬᠠᠤᠯᠢ ᠲᠦᠷᠢᠮ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ᠃      ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠢᠴᠢ ᠬᠠᠷᠢᠭᠤᠴᠠᠯᠭ᠎ᠠ ᠨᠡᠬᠡᠮᠵᠢᠯᠡᠬᠦ ᠦᠨᠳᠦᠰᠦ ᠪᠠᠷᠢᠮᠳᠠ᠄          1.︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ︾ ᠶᠢᠨ ᠳᠥᠴᠢᠨ ᠵᠢᠷᠭᠤᠳᠤᠭᠠᠷ ᠵᠤᠷᠪᠤᠰ  ᠤᠢ ᠰᠢᠭᠤᠶ ᠶᠢᠨ ᠡᠬᠢ ᠪᠠᠶᠠᠯᠢᠭ ᠢ ᠬᠠᠮᠠᠭᠠᠯᠠᠬᠤ᠂ ᠤᠢ ᠰᠢᠭᠤᠶ ᠶᠢ ᠬᠢᠨᠠᠨ ᠬᠠᠮᠢᠶᠠᠷᠬᠤ ᠠᠵᠢᠯ ᠬᠢᠵᠦ ᠪᠠᠶᠢᠭ᠎ᠠ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠠᠵᠢᠯᠳᠡᠠ ᠪᠣᠯᠤᠨ ᠲᠦᠷᠦ ᠶᠢᠨ ᠪᠠᠶᠢᠭᠤᠯᠭ᠎ᠠ ᠶᠢᠨ ᠪᠤᠰᠤᠳ ᠬᠤᠯᠪᠣᠭᠳᠠᠯ ᠪᠦᠬᠦᠢ ᠠᠵᠢᠯᠳᠡᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠬᠤ᠂ ᠬᠤᠪᠢ ᠶᠢᠨ ᠨᠠᠶᠢᠷ ᠢᠶᠠᠷ ᠬᠠᠤᠯᠢ ᠶᠢ ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠬᠠᠷᠠᠬᠠᠨ ᠶᠠᠯ᠎ᠠ ᠪᠣᠯᠵᠥ ᠪᠦᠷᠢᠯᠳᠦᠭᠰᠡᠨ ᠥᠭᠡᠢ ᠪᠠᠶᠢᠪᠠᠯ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠃      2. ︽ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ﹀ ᠶᠢ ᠬᠡᠷᠡᠭᠵᠢᠬᠦᠯᠬᠦ ᠠᠷᠭ᠎ᠠ︾ ᠶᠢᠨ ᠲᠠᠪᠢᠨ ᠨᠢᠭᠡᠳᠦᠭᠡᠷ ᠵᠦᠢᠯ   ᠲᠦᠷᠦ ᠶᠢᠨ ᠪᠠᠶᠢᠭᠤᠯᠭ᠎ᠠ ᠶᠢᠨ ᠠᠵᠢᠯᠳᠠᠨ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠬᠤ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠦᠷᠢᠴᠡᠭᠰᠡᠨ ᠪᠠᠶᠢᠪᠠᠯ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号