ᠤᠢ ᠰᠢᠭᠤᠶ ᠶᠢᠨ ᠰᠠᠯᠠᠭ᠎ᠠ ᠮᠥᠴᠢᠷ ᠤᠨ ᠬᠠᠮᠢᠶᠠᠷᠤᠯᠳᠠ ᠳᠤ ᠪᠠᠶᠢᠭ᠎ᠠ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠵᠢᠭᠠᠨ ᠰᠤᠷᠭᠠᠬᠤ ᠳᠠᠳᠤᠯᠭ᠎ᠠ᠂ ᠲᠣᠭᠤᠷᠢᠨ ᠦᠵᠡᠵᠦ ᠪᠠᠶᠢᠴᠠᠭᠠᠬᠤ᠂ ᠺᠢᠨᠣ᠋ ᠰᠡᠭᠦᠳᠡᠷᠯᠡᠬᠦ᠂ ᠠᠭᠤᠯᠠ ᠠᠪᠠᠷᠢᠬᠤ ᠵᠡᠷᠭᠡ ᠠᠵᠢᠯᠯᠠᠭ᠎ᠠ ᠶᠢᠨ ᠬᠢᠨᠠᠨ ᠵᠦᠪᠰᠢᠶᠡᠷᠡᠯ
ᠨᠡᠶᠢᠲᠡᠯᠡᠭᠰᠡᠨ ᠴᠠᠭ᠄
2018-09-06
     ᠡᠷᠬᠡ ᠶᠢᠨ ᠨᠡᠷᠡᠶᠢᠳᠤᠯ᠄ ᠤᠢ ᠰᠢᠭᠤᠶ ᠶᠢᠨ ᠰᠠᠯᠠᠭ᠎ᠠ ᠮᠥᠴᠢᠷ ᠤᠨ ᠬᠠᠮᠢᠶᠠᠷᠤᠯᠳᠠ ᠳᠤ ᠪᠠᠶᠢᠭ᠎ᠠ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠵᠢᠭᠠᠨ ᠰᠤᠷᠭᠠᠬᠤ ᠳᠠᠳᠤᠯᠭ᠎ᠠ᠂ ᠲᠣᠭᠤᠷᠢᠨ ᠦᠵᠡᠵᠦ ᠪᠠᠶᠢᠴᠠᠭᠠᠬᠤ᠂ ᠺᠢᠨᠣ᠋ ᠰᠡᠭᠦᠳᠡᠷᠯᠡᠬᠦ᠂ ᠠᠭᠤᠯᠠ ᠠᠪᠠᠷᠢᠬᠤ ᠵᠡᠷᠭᠡ ᠠᠵᠢᠯᠯᠠᠭ᠎ᠠ ᠶᠢᠨ ᠬᠢᠨᠠᠨ ᠵᠦᠪᠰᠢᠶᠡᠷᠡᠯ      ᠡᠷᠬᠡ ᠶᠢᠨ ᠲᠦᠷᠦᠯ ᠠᠩᠬᠢᠯᠠᠯ᠄ ᠵᠠᠰᠠᠭ ᠵᠠᠬᠢᠷᠭᠠᠨ ᠤ ᠵᠥᠪᠰᠢᠶᠡᠷᠡᠯ      ᠬᠠᠷᠢᠭᠤᠴᠠᠯᠭ᠎ᠠ ᠶᠢᠨ ᠪᠡᠶᠡᠴᠢ ᠴᠣᠭᠴᠠ᠄ ᠥᠪᠡᠷᠲᠡᠭᠡᠨ ᠵᠠᠰᠠᠬᠤ ᠣᠷᠣᠨ ᠤ ᠤᠢ ᠰᠢᠭᠤᠶ ᠶᠢᠨ ᠲᠢᠩᠬᠢᠮ      ᠲᠤᠭᠳᠠᠭᠠᠭᠰᠠᠨ ᠦᠨᠳᠦᠰᠦ ᠪᠠᠷᠢᠮᠳᠠ᠄      ︽ᠤᠢ ᠰᠢᠭᠤᠶ ᠬᠢᠭᠡᠳ ᠵᠡᠷᠯᠢᠭ ᠠᠮᠢᠲᠠᠳ ᠤ ᠲᠦᠷᠦᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠠᠷᠭ᠎ᠠ︾ ᠶᠢᠨ ᠠᠷᠪᠠᠨ ᠭᠤᠷᠪᠠᠳᠤᠭᠠᠷ  ᠵᠤᠷᠪᠤᠰ   ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠤᠷᠤᠵᠦ ᠰᠢᠨᠵᠢᠯᠡᠬᠦ ᠤᠬᠠᠭᠠᠨ ᠤ ᠰᠤᠳᠤᠯᠤᠯ᠂ ᠵᠢᠭᠠᠨ ᠰᠤᠷᠭᠠᠬᠤ ᠳᠠᠳᠤᠯᠭ᠎ᠠ᠂ ᠲᠣᠭᠤᠷᠢᠨ ᠦᠵᠡᠵᠦ ᠪᠠᠶᠢᠴᠠᠭᠠᠬᠤ᠂ ᠺᠢᠨᠣ᠋ ᠰᠡᠬᠦᠳᠡᠷᠯᠡᠬᠦ᠂ ᠠᠭᠤᠯᠠ ᠠᠪᠠᠷᠢᠬᠤ ᠵᠡᠷᠭᠡ ᠠᠵᠢᠯᠯᠠᠭ᠎ᠠ ᠡᠷᠬᠢᠯᠡᠵᠦ ᠪᠠᠶᠢᠭ᠎ᠠ ᠨᠢᠭᠡᠴᠡ ᠪᠠ ᠬᠤᠪᠢ ᠬᠥᠮᠦᠨ ᠡᠷᠬᠡᠪᠰᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠴᠠ ᠳᠡᠭᠡᠭᠰᠢᠬᠢ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠢ ᠤᠯᠬᠤ ᠬᠡᠷᠡᠭᠲᠡᠶ᠃ ᠶᠠᠮᠠᠷᠪᠠ ᠰᠠᠯᠠᠭ᠎ᠠ ᠮᠥᠴᠢᠷ᠂ ᠪᠦᠯᠬᠦᠮ᠂ ᠨᠢᠭᠡᠴᠡ ᠪᠣᠯᠤᠨ ᠭᠠᠳᠠᠭᠠᠳᠤ ᠤᠯᠤᠰ ᠲᠠᠢ ᠲᠤᠭᠳᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠡᠯᠡᠯᠴᠡᠭᠡᠷ᠂ ᠭᠠᠳᠠᠭᠠᠳᠤ ᠶᠢᠨ ᠬᠥᠮᠦᠨ ᠢ ᠬᠦᠯᠢᠶᠠᠨ ᠠᠪᠴᠤ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠤᠯᠪᠣᠭᠳᠠᠯ ᠪᠦᠬᠦᠢ ᠠᠵᠢᠯᠯᠠᠭ᠎ᠠ ᠬᠢᠬᠦ ᠨᠢ ᠡᠷᠬᠡᠪᠰᠢ ᠤᠢ ᠰᠢᠭᠤᠶ ᠶᠢᠨ ᠬᠡᠯᠳᠡᠰ ᠤᠨ ᠵᠥᠪᠰᠢᠶᠡᠷᠡᠯ ᠢ ᠤᠯᠬᠤ ᠬᠡᠷᠡᠭᠲᠡᠶ︔ ᠣᠷᠣᠨ ᠨᠤᠲᠤᠭ ᠲᠤ ᠬᠤᠯᠪᠣᠭᠳᠠᠬᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ ᠡᠷᠬᠡᠪᠰᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠢ ᠤᠯᠬᠤ ᠬᠡᠷᠡᠭᠲᠡᠶ᠃ ᠵᠦᠪᠰᠢᠶᠡᠷᠡᠯ ᠢᠶᠠᠷ ᠳᠠᠮᠵᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠲᠡᠭᠡᠷ᠎ᠡ ᠳᠤᠷᠠᠳᠤᠭᠰᠠᠨ ᠠᠵᠢᠯᠯᠠᠭ᠎ᠠ ᠬᠢᠪᠡᠯ᠂ ᠲᠤᠰ ᠠᠷᠭ᠎ᠠ ᠪᠣᠯᠤᠨ ᠬᠤᠯᠪᠣᠭᠳᠠᠯ ᠪᠦᠬᠦᠢ ᠲᠣᠭᠲᠠᠭᠠᠯ ᠢ ᠡᠷᠬᠡᠪᠰᠢ ᠵᠢᠷᠤᠮᠯᠠᠨ ᠰᠠᠬᠢᠬᠤ ᠬᠡᠷᠡᠭᠲᠡᠶ ᠪᠥᠭᠡᠳ ᠬᠠᠮᠠᠭᠠᠯᠠᠯᠲᠠ ᠬᠠᠮᠢᠶᠠᠷᠤᠯᠲᠠ ᠶᠢᠨ ᠰᠦᠢᠳᠬᠡᠯ ᠲᠤᠰᠢᠶᠠᠬᠤ ᠬᠡᠷᠡᠭᠲᠡᠶ᠃ ︽ᠲᠦᠷᠦ ᠶᠢᠨ ᠶᠠᠪᠤᠳᠠᠯ ᠤᠨ ᠬᠤᠷᠢᠶᠠᠨ ᠤ ᠨᠢᠭᠡ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯ ᠢ ᠬᠠᠰᠤᠬᠤ ᠪᠤᠶᠤ ᠲᠣᠬᠢᠷᠠᠭᠤᠯᠬᠤ ᠵᠡᠷᠭᠡ ᠶᠠᠪᠤᠳᠠᠯ ᠤᠳ ᠤᠨ ᠲᠤᠬᠠᠶ ᠲᠣᠭᠲᠠᠭᠠᠯ︾ ︵ᠲᠥᠷᠥ ᠠᠴᠠ ᠲᠠᠷᠬᠠᠭᠠᠭᠰᠠᠨ ﹇2015﹈ 11 ᠳ᠋ᠦ᠋ᠭᠡᠷ ᠲᠣᠭᠠᠲᠤ︶ ᠳᠤ ᠤᠢ ᠰᠢᠭᠤᠶ ᠶᠢᠨ ᠰᠠᠯᠠᠭ᠎ᠠ ᠮᠥᠴᠢᠷ ᠤᠨ ᠬᠠᠮᠢᠶᠠᠷᠤᠯᠳᠠ ᠳᠤ ᠪᠠᠶᠢᠭ᠎ᠠ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠵᠢᠭᠠᠨ ᠰᠤᠷᠭᠠᠬᠤ ᠳᠠᠳᠤᠯᠭ᠎ᠠ᠂ ᠲᠣᠭᠤᠷᠢᠨ ᠦᠵᠡᠵᠦ ᠪᠠᠶᠢᠴᠠᠭᠠᠬᠤ᠂ ᠺᠢᠨᠣ᠋ ᠰᠡᠭᠦᠳᠡᠷᠯᠡᠬᠦ᠂ ᠠᠭᠤᠯᠠ ᠠᠪᠠᠷᠢᠬᠤ ᠵᠡᠷᠭᠡ ᠠᠵᠢᠯᠯᠠᠭ᠎ᠠ ᠶᠢᠨ ᠬᠢᠨᠠᠨ ᠵᠦᠪᠰᠢᠶᠡᠷᠡᠯ ᠢ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠢ ᠰᠢᠭᠤᠶ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠳᠣᠷᠣᠭᠰᠢ ᠪᠠᠭᠤᠯᠭᠠᠬᠤ ᠬᠡᠷᠡᠭᠲᠡᠶ᠃      ᠬᠠᠷᠢᠭᠤᠴᠠᠬᠤ ᠵᠦᠢᠯᠡᠰ᠄      1. ᠬᠦᠯᠢᠶᠡᠨ ᠠᠪᠴᠤ ᠰᠢᠶᠳᠪᠦᠷᠢᠯᠡᠬᠦ ᠬᠠᠷᠢᠭᠤᠴᠠᠯᠭ᠎ᠠ᠄ ᠬᠠᠤᠯᠢ ᠶᠣᠰᠣᠭᠠᠷ ᠲᠤᠰᠢᠶᠠᠬᠤ ᠶᠣᠰᠣᠲᠠᠶ ᠮᠠᠲ᠋ᠧᠷᠢᠶᠠᠯ ᠢ ᠵᠠᠷᠯᠠᠨ᠎ᠠ︔ ᠮᠡᠳᠡᠭᠳᠡᠬᠦ ᠮᠠᠲ᠋ᠧᠷᠢᠶᠠᠯ ᠢ ᠨᠢᠭᠡ ᠯᠡ ᠤᠳᠠᠭ᠎ᠠ ᠳᠡᠭᠡᠷ᠎ᠡ ᠨᠥᠬᠦᠪᠥᠷᠢᠯᠡᠵᠦ ᠵᠠᠯᠠᠷᠠᠭᠤᠯᠤᠨ᠎ᠠ︔ ᠬᠠᠤᠯᠢ ᠶᠣᠰᠣᠭᠠᠷ ᠬᠦᠯᠢᠶᠠᠨ ᠠᠪᠴᠤ ᠰᠢᠶᠳᠪᠦᠷᠢᠯᠡᠬᠦ ᠪᠤᠶᠤ ᠦᠯᠦ ᠬᠦᠯᠢᠶᠡᠨ ᠠᠪᠴᠤ ᠰᠢᠢᠳᠪᠤᠷᠢᠯᠡᠨ᠎ᠡ ︵ᠬᠦᠯᠢᠶᠡᠨ ᠠᠪᠴᠤ ᠰᠢᠶᠳᠪᠦᠷᠢᠯᠡᠬᠦ ᠦᠭᠡᠶ ᠤᠴᠢᠷ ᠰᠢᠯᠲᠠᠭᠠᠨ ᠢ ᠮᠡᠳᠡᠭᠳᠡᠬᠦ︶᠃      2. ᠬᠢᠨᠠᠨ ᠪᠠᠶᠢᠴᠠᠭᠠᠬᠤ ᠬᠠᠷᠢᠭᠤᠴᠠᠯᠭ᠎ᠠ᠄ ᠭᠤᠶᠤᠴᠢᠯᠠᠯ ᠤᠨ ᠮᠠᠲ᠋ᠧᠷᠢᠶᠠᠯ ᠢ ᠬᠢᠨᠠᠨ ᠬᠠᠷᠭᠤᠭᠤᠯᠵᠦ᠂ ᠬᠢᠨᠠᠨ ᠪᠠᠶᠢᠴᠠᠭᠠᠭᠰᠠᠨ ᠰᠠᠨᠠᠯ ᠢᠶᠠᠨ ᠳᠤᠷᠠᠳᠬᠤ ᠶᠣᠰᠣᠲᠠᠶ᠃      3. ᠬᠠᠷᠢᠭᠤᠴᠠᠯᠭ᠎ᠠ ᠲᠤᠭᠳᠠᠭᠠᠬᠤ᠄ ᠵᠠᠰᠠᠭ ᠵᠠᠬᠢᠷᠭᠠᠨ ᠤ ᠵᠥᠪᠰᠢᠶᠡᠷᠡᠯ ᠪᠤᠶᠤ ᠦᠯᠦ ᠵᠥᠪᠰᠢᠶᠡᠷᠡᠬᠦ ᠲᠣᠭᠲᠠᠭᠠᠯ ᠭᠠᠷᠭᠠᠨ᠎ᠠ ︵ᠦᠯᠦ ᠵᠥᠪᠰᠢᠶᠡᠷᠡᠬᠦ ᠤᠴᠢᠷ ᠰᠢᠯᠲᠠᠭᠠᠨ ᠢ ᠮᠡᠳᠡᠭᠳᠡᠬᠦ ᠬᠡᠷᠡᠭᠲᠡᠶ︶᠃      4. ᠬᠦᠷᠭᠡᠬᠦ ᠬᠠᠷᠢᠭᠤᠴᠠᠯᠭ᠎ᠠ᠄ ᠬᠢᠨᠠᠨ ᠵᠥᠪᠰᠢᠶᠡᠷᠡᠬᠦ ᠰᠠᠨᠠᠯ ᠭᠠᠷᠭᠠᠨ᠂ ᠭᠤᠶᠤᠴᠢᠯᠠᠭᠴᠢ ᠳᠤ ᠲᠤᠰᠢᠶᠠᠨ᠎ᠠ᠃      5. ᠬᠡᠷᠡᠭ ᠤᠨ ᠲᠠᠷᠠᠭ᠎ᠠ ᠬᠢᠨᠠᠯᠲᠠ ᠲᠠᠯᠪᠢᠬᠤ ᠬᠠᠷᠢᠭᠤᠴᠠᠯᠭ᠎ᠠ᠄ ᠲᠣᠭᠲᠠᠮᠠᠯ ᠬᠤᠭᠤᠴᠠᠭ᠎ᠠ ᠲᠠᠢ ᠪᠠᠷ ᠯᠠᠪᠯᠠᠨ ᠠᠰᠠᠭᠤᠬᠤ᠂ ᠠᠵᠢᠯᠯᠠᠭ᠎ᠠ ᠶᠢᠨ ᠦᠷ᠎ᠡ ᠪᠦᠲᠦᠭᠡᠯ ᠤᠨ ᠬᠠᠭᠤᠯᠪᠤᠷᠢ ᠳᠡᠪᠲᠡᠷ ᠶᠢ ᠨᠡᠬᠡᠮᠵᠢᠯᠡᠨ ᠲᠤᠰᠢᠶᠠᠯᠭᠠᠨ᠎ᠠ᠃      6. ᠪᠤᠰᠤᠳ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠤᠨ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ᠃      ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠪᠠ ᠬᠠᠷᠢᠭᠤᠴᠠᠯᠭ᠎ᠠ ᠨᠡᠬᠡᠮᠵᠢᠯᠡᠬᠦ ᠦᠨᠳᠦᠰᠦ ᠪᠠᠷᠢᠮᠳᠠ᠄      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ︾ ᠶᠢᠨ ᠳᠥᠴᠢᠨ ᠵᠢᠷᠭᠤᠳᠤᠭᠠᠷ ᠵᠤᠷᠪᠤᠰ   ᠤᠢ ᠰᠢᠭᠤᠶ ᠶᠢᠨ ᠡᠬᠢ ᠪᠠᠶᠠᠯᠢᠭ ᠢ ᠬᠠᠮᠠᠭᠠᠯᠠᠬᠤ᠂ ᠤᠢ ᠰᠢᠭᠤᠶ ᠶᠢ ᠬᠢᠨᠠᠨ ᠬᠠᠮᠢᠶᠠᠷᠬᠤ ᠠᠵᠢᠯ ᠬᠢᠵᠦ ᠪᠠᠶᠢᠭ᠎ᠠ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠠᠵᠢᠯᠳᠡᠠ ᠪᠣᠯᠤᠨ ᠲᠦᠷᠦ ᠶᠢᠨ ᠪᠠᠶᠢᠭᠤᠯᠭ᠎ᠠ ᠶᠢᠨ ᠪᠤᠰᠤᠳ ᠬᠤᠯᠪᠣᠭᠳᠠᠯ ᠪᠦᠬᠦᠢ ᠠᠵᠢᠯᠳᠡᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠬᠦ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠬᠤ᠂ ᠬᠤᠪᠢ ᠶᠢᠨ ᠨᠠᠶᠢᠷ ᠢᠶᠠᠷ ᠬᠠᠤᠯᠢ ᠶᠢ ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠬᠠᠷᠠᠬᠠᠨ ᠶᠠᠯ᠎ᠠ ᠪᠣᠯᠵᠥ ᠪᠦᠷᠢᠯᠳᠦᠭᠰᠡᠨ ᠥᠭᠡᠢ ᠪᠠᠶᠢᠪᠠᠯ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠃     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠥᠷᠢᠮ︾ ᠶᠢᠨ ᠳᠥᠴᠢᠨ ᠨᠢᠭᠡᠳᠦᠭᠡᠷ ᠵᠤᠷᠪᠤᠰ  ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠠᠵᠢᠯᠳᠡᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠬᠤ᠂ ᠬᠤᠪᠢ ᠶᠢᠨ ᠨᠠᠶᠢᠷ ᠢᠶᠠᠷ ᠬᠠᠤᠯᠢ ᠢ ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠠ︔ ᠦᠢᠯᠠ ᠪᠠᠶᠢᠳᠠᠯ ᠨᠢ ᠬᠦᠡᠭᠭᠡᠠ  ᠂ ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠦᠭᠡᠢ ᠪᠠᠶᠢᠪᠠᠯ᠂ ᠲᠡᠭᠦᠨ ᠤ ᠪᠠᠶᠢᠭ᠎ᠠ ᠨᠢᠭᠡᠴᠡ ᠪᠤᠶᠤ ᠳᠡᠭᠡᠳᠦ ᠱᠠᠲᠤᠨ ᠤ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠃    
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号