ᠬᠤᠪᠣᠷ ᠨᠠᠨᠳᠢᠨ ᠤᠢ ᠮᠣᠳᠣ ᠶᠢ ᠬᠠᠤᠯᠢ ᠪᠤᠰᠤ ᠪᠠᠷ ᠪᠤᠷᠤᠯᠠᠭᠤᠯᠬᠤ᠂ ᠬᠤᠳᠠᠯᠳᠤᠨ ᠣᠷᠣᠭᠤᠯᠬᠤ᠂ ᠪᠤᠯᠪᠠᠰᠤᠷᠠᠭᠤᠯᠬᠤ ᠶᠢ ᠰᠢᠳᠬᠡᠨ᠎ᠡ
ᠨᠡᠶᠢᠲᠡᠯᠡᠭᠰᠡᠨ ᠴᠠᠭ᠄
2018-09-06
     ᠡᠷᠬᠡ ᠶᠢᠨ ᠨᠡᠷᠡᠶᠢᠳᠤᠯ᠄  ᠬᠤᠪᠣᠷ ᠨᠠᠨᠳᠢᠨ ᠤᠢ ᠮᠣᠳᠣ ᠶᠢ ᠬᠠᠤᠯᠢ ᠪᠤᠰᠤ ᠪᠠᠷ ᠪᠤᠷᠤᠯᠠᠭᠤᠯᠬᠤ᠂ ᠬᠤᠳᠠᠯᠳᠤᠨ ᠣᠷᠣᠭᠤᠯᠬᠤ᠂ ᠪᠤᠯᠪᠠᠰᠤᠷᠠᠭᠤᠯᠬᠤ ᠶᠢ ᠰᠢᠳᠬᠡᠨ᠎ᠡ      ᠡᠷᠬᠡ ᠶᠢᠨ ᠲᠥᠷᠥᠯ ᠠᠩᠬᠢᠯᠠᠯ  ᠄ ᠵᠠᠰᠠᠭ ᠵᠠᠬᠢᠷᠭᠠᠨ ᠤ ᠰᠢᠳᠬᠡᠯᠲᠡ      ᠬᠠᠷᠢᠭᠤᠴᠠᠯᠭ᠎ᠠ ᠶᠢᠨ ᠭᠤᠣᠯ ᠴᠣᠭᠴᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠶ ᠶᠢᠨ ᠲᠢᠩᠬᠢᠮ      ᠲᠤᠭᠳᠠᠭᠠᠭᠰᠠᠨ ᠦᠨᠳᠦᠰᠦ ᠪᠠᠷᠢᠮᠲᠠ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠣᠷ ᠴᠤᠬᠠᠭ ᠤᠢ ᠮᠣᠳᠣ ᠶᠢ ᠬᠠᠮᠠᠭᠠᠯᠠᠬᠤ ᠳᠦᠷᠢᠮ︾ ᠤᠨ ᠬᠤᠷᠢᠳᠤᠭᠠᠷ ᠵᠤᠷᠪᠤᠰ ᠤᠨ ᠨᠢᠭᠡᠳᠦᠭᠡᠷ ᠵᠦᠢᠯ ᠄ ᠳᠤᠰ ᠳᠦᠷᠢᠮ ᠤᠨ ᠲᠣᠭᠲᠠᠭᠠᠯ ᠢ ᠵᠥᠷᠢᠴᠡᠵᠦ ᠬᠤᠪᠣᠷ ᠨᠠᠨᠳᠢᠨ ᠤᠢ ᠮᠣᠳᠣ ᠶᠢ ᠪᠤᠷᠤᠯᠠᠭᠤᠯᠵᠦ᠂ ᠬᠤᠳᠠᠯᠳᠤᠨ ᠤᠷᠤᠭᠤᠯᠵᠦ᠂ ᠪᠤᠯᠪᠠᠰᠤᠷᠠᠭᠤᠯᠤᠭᠰᠠᠨ ᠪᠠᠶᠢᠪᠠᠯ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠤᠪᠣᠷ ᠴᠤᠬᠠᠭ ᠤᠢ ᠮᠣᠳᠣ ᠪᠠ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠵᠤ ᠠᠪᠬᠤ ᠶᠢᠨ ᠬᠠᠮᠳᠤ᠂ ᠬᠠᠤᠯᠢ ᠶᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠶᠢᠨ ᠬᠢᠨᠢ ᠬᠤᠶᠠᠷ ᠠᠴᠠ ᠠᠷᠪᠠᠨ ᠲᠡᠬᠢᠠ ᠵᠣᠭᠤᠰ ᠢᠶᠠᠷ ᠲᠤᠷᠭᠠᠨ᠎ᠠ᠃      ᠬᠠᠷᠢᠭᠤᠴᠠᠬᠤ ᠵᠦᠢᠯᠡᠰ᠄      1. ᠬᠡᠷᠡᠭ ᠪᠣᠯᠭᠠᠨ ᠳᠠᠩᠰᠠᠯᠠᠬᠤ ᠬᠠᠷᠢᠭᠤᠴᠠᠯᠭ᠎ᠠ᠄ ᠡᠷᠬᠡ ᠲᠤᠰᠢᠶᠠᠯ ᠢᠶᠠᠨ ᠦᠨᠳᠦᠰᠦᠯᠡᠨ ᠣᠯᠵᠤ ᠮᠡᠳᠡᠭᠰᠡᠨ ᠪᠤᠶᠤ ᠢᠯᠡᠴᠢᠯᠡᠯᠲᠡ᠂ ᠵᠠᠭᠠᠯᠳᠤᠯᠭ᠎ᠠ᠂ ᠰᠢᠯᠵᠢᠭᠦᠯᠦᠨ ᠬᠦᠷᠭᠡᠬᠦ᠂ ᠳᠡᠭᠡᠷ᠎ᠡ ᠱᠠᠲᠤᠨ ᠳᠤ ᠲᠤᠰᠢᠶᠠᠨ ᠰᠢᠶᠳᠪᠦᠷᠢᠯᠡᠭᠦᠯᠦᠭᠰᠡᠨ᠂ ᠰᠠᠨᠠᠭᠠᠴᠢᠯᠠᠭ᠎ᠠ ᠠᠴᠠ ᠪᠠᠨ ᠲᠤᠰᠢᠶᠠᠭᠰᠠᠨ ᠵᠡᠷᠭᠡ ᠤᠢ ᠰᠢᠭᠤᠶ ᠶᠢᠨ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠠᠴᠠ ᠵᠦᠷᠢᠴᠡᠭᠰᠡᠨ ᠬᠠᠦᠯᠢ ᠪᠤᠰᠤ ᠦᠢᠯᠡ ᠠᠵᠢᠯᠯᠠᠭ᠎ᠠ ᠶᠢ ᠬᠦᠯᠢᠶᠠᠨ ᠠᠪᠤᠭᠰᠠᠨ ᠪᠠᠶᠢᠪᠠᠯ᠂ ᠬᠢᠨᠠᠨ ᠪᠠᠶᠢᠴᠠᠭᠠᠵᠦ᠂ ᠬᠡᠷᠡᠭ ᠪᠣᠯᠭᠠᠨ ᠳᠠᠩᠰᠠᠯᠠᠬᠤ ᠡᠰᠡᠬᠦ ᠪᠠᠨ ᠲᠤᠭᠳᠠᠭᠠᠨ᠎ᠠ᠃      2.  ᠪᠠᠶᠢᠴᠠᠭᠠᠬᠤ ᠬᠠᠷᠢᠭᠤᠴᠠᠯᠭ᠎ᠠ᠄ ᠬᠡᠷᠡᠭ ᠪᠣᠯᠭᠠᠨ ᠳᠠᠩᠰᠠᠯᠠᠬᠤ ᠬᠡᠷᠡᠭ ᠢ ᠲᠤᠰᠬᠠᠶ ᠬᠥᠮᠦᠨ ᠢᠶᠠᠷ ᠬᠠᠷᠢᠭᠤᠴᠠᠭᠤᠯᠵᠦ᠂ ᠴᠠᠭ ᠲᠤᠬᠠᠶ ᠳᠤᠨᠢ ᠵᠣᠬᠢᠶᠠᠨ ᠪᠠᠶᠢᠭᠤᠯᠵᠦ ᠪᠠᠶᠢᠴᠠᠭᠠᠨ ᠭᠡᠷᠡᠴᠢ ᠠᠪᠴᠤ᠂ ᠪᠠᠶᠢᠴᠠᠭᠠᠯᠲᠠ ᠬᠢᠬᠦ ᠳᠡᠭᠡᠨ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠭᠠᠷᠭᠠᠵᠤ ᠦᠵᠡᠬᠦᠯᠦᠨ᠂ ᠲᠤᠬᠠᠶ ᠶᠢᠨ ᠬᠥᠮᠦᠨ ᠤ ᠵᠦᠪᠳᠡᠭᠡᠨ ᠲᠣᠭᠠᠴᠢᠯᠲᠠ ᠶᠢ ᠰᠣᠨᠣᠰᠬᠤ ᠪᠥᠭᠡᠳ ᠲᠡᠮᠳᠡᠭᠯᠡᠯ ᠬᠢᠨ᠎ᠡ᠃ ᠬᠠᠤᠯᠢ ᠬᠡᠷᠡᠭᠵᠢᠭᠦᠯᠬᠦ ᠠᠵᠢᠯᠲᠠᠨ ᠬᠤᠯᠪᠣᠭᠳᠠᠯ ᠪᠦᠬᠦᠢ ᠨᠢᠭᠤᠴᠠ ᠶᠢ ᠬᠠᠮᠠᠭᠠᠯᠠᠨ᠎ᠠ᠃      3. ᠬᠢᠨᠠᠨ ᠪᠠᠶᠢᠴᠠᠭᠠᠬᠤ ᠬᠠᠷᠢᠭᠤᠴᠠᠯᠭ᠎ᠠ᠄ ᠬᠡᠷᠡᠭ ᠤᠨ ᠬᠠᠤᠯᠢ ᠠᠴᠠ ᠵᠥᠷᠢᠴᠡᠭᠰᠡᠨ ᠪᠣᠳᠠᠲᠤ ᠪᠠᠶᠢᠳᠠᠯ᠂ ᠭᠡᠷᠡᠴᠢ ᠪᠠᠷᠢᠮᠲᠠ᠂ ᠪᠠᠶᠢᠴᠠᠭᠠᠯᠲᠠ ᠬᠢᠵᠦ ᠭᠡᠷᠡᠴᠢ ᠠᠪᠬᠤ ᠵᠢᠷᠤᠮ᠂ ᠬᠠᠤᠯᠢ ᠴᠠᠭᠠᠵᠠ ᠶᠢᠨ ᠲᠤᠬᠢᠷᠠᠯᠲᠠ᠂ ᠰᠢᠳᠭᠡᠯ ᠤᠨ ᠲᠥᠷᠥᠯ ᠵᠦᠢᠯ ᠪᠤᠯᠤᠨ ᠦᠷᠭᠡᠴᠡ᠂ ᠲᠤᠬᠠᠶ ᠶᠢᠨ ᠬᠥᠮᠦᠨ ᠤ ᠲᠣᠭᠠᠴᠢᠯᠲᠠ ᠬᠢᠬᠦ ᠪᠠ ᠵᠥᠪᠲᠦᠭᠡᠨ ᠲᠣᠳᠣᠷᠬᠠᠶᠢᠯᠠᠬᠤ ᠤᠴᠢᠷ ᠰᠢᠯᠲᠠᠭᠠᠨ ᠵᠡᠷᠭᠡ ᠲᠠᠯ᠎ᠠ ᠶᠢ ᠬᠢᠨᠠᠨ ᠪᠠᠶᠢᠴᠠᠭᠠᠵᠤ᠂ ᠰᠢᠶᠳᠪᠦᠷᠢᠯᠡᠬᠦ ᠰᠠᠨᠠᠯ ᠢᠶᠠᠨ ᠲᠤᠷᠠᠳᠤᠨ᠎ᠠ᠃      4. ᠮᠡᠳᠡᠭᠳᠡᠬᠦ ᠬᠠᠷᠢᠭᠤᠴᠠᠯᠭ᠎ᠠ᠄ ᠵᠠᠰᠠᠭ ᠵᠠᠬᠢᠷᠭᠠᠨ ᠤ ᠰᠢᠳᠬᠡᠯ ᠥᠭᠬᠦ ᠲᠣᠭᠲᠠᠭᠠᠯ ᠭᠠᠷᠭᠠᠬᠤ ᠠᠴᠠ ᠡᠮᠦᠨ᠎ᠡ ᠂ ᠲᠤᠬᠠᠶ ᠶᠢᠨ ᠬᠥᠮᠦᠨ ᠳᠤ ᠬᠠᠤᠯᠢ ᠶᠢ ᠵᠥᠷᠢᠴᠡᠭᠰᠡᠨ ᠪᠣᠳᠠᠲᠤ ᠬᠡᠷᠡᠭ᠂ ᠤᠴᠢᠷ ᠰᠢᠯᠲᠠᠭᠠᠨ ᠪᠠ ᠦᠨᠳᠦᠰᠦ ᠪᠠᠷᠢᠮᠲᠠ ᠵᠢᠴᠢ ᠲᠣᠭᠠᠴᠢᠯᠲᠠ ᠬᠢᠬᠦ ᠡᠷᠬᠡ ᠪᠠ ᠵᠥᠪᠲᠦᠭᠡᠨ ᠲᠣᠳᠣᠷᠬᠠᠶᠢᠯᠠᠬᠤ ᠡᠷᠬᠡ ᠶᠢ ᠪᠢᠴᠢᠭ ᠢᠶᠠᠷ ᠮᠡᠳᠡᠭᠳᠡᠨ᠎ᠡ᠃ ᠰᠠᠨᠠᠯ ᠰᠣᠨᠣᠰᠬᠤ ᠨᠥᠬᠦᠴᠡᠯ ᠳᠤ ᠨᠡᠶᠢᠴᠡᠭᠰᠡᠳ ᠲᠤ ᠲᠡᠭᠦᠨ ᠤ ᠡᠳ᠋ᠯᠡᠬᠦ ᠬᠡᠷᠡᠴᠢᠯᠡᠭᠡ ᠰᠤᠨᠤᠰᠬᠤ ᠡᠷᠬᠡ ᠶᠢ ᠮᠡᠳᠡᠭᠳᠡᠬᠦ ᠬᠡᠷᠡᠭᠳᠡᠢ᠂ ᠭᠡᠷᠡᠴᠢᠯᠡᠭᠡ ᠰᠣᠨᠣᠰᠬᠤ ᠪᠠᠷ ᠱᠠᠭᠠᠷᠳᠠᠭᠰᠠᠳ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠵᠤ ᠭᠡᠷᠡᠴᠢᠯᠡᠭᠡ ᠰᠤᠨᠤᠰᠤᠭᠤᠯᠬᠤ ᠬᠡᠷᠡᠭᠲᠡᠶ᠃      5. ᠰᠢᠶᠳᠪᠦᠷᠢᠲᠦ ᠪᠤᠳᠤᠯᠭ᠎ᠠ ᠲᠣᠭᠲᠠᠭᠠᠬᠤ ᠬᠠᠷᠢᠭᠤᠴᠠᠯᠭ᠎ᠠ᠄ ᠴᠢᠬᠤᠯᠠ ᠶᠡᠭᠡ ᠵᠠᠰᠠᠭ ᠵᠠᠬᠢᠷᠭᠠᠨ ᠤ ᠰᠢᠳᠬᠡᠯ ᠥᠭᠭᠦᠭᠰᠡᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠲᠤ ᠪᠠᠷ ᠶᠠᠷᠢᠯᠴᠠᠵᠤ᠂ ᠰᠢᠳᠬᠡᠨ ᠲᠣᠷᠭᠠᠬᠤ ᠪᠣᠳᠠᠲᠠᠶ ᠠᠭᠤᠯᠭ᠎ᠠ ᠶᠢ ᠲᠤᠭᠳᠠᠭᠠᠨ᠎ᠠ᠃      6. ᠬᠠᠷᠢᠭᠤᠴᠠᠯᠭ᠎ᠠ ᠲᠣᠭᠲᠠᠭᠠᠨ᠎ᠠ᠄ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠤᠨ ᠪᠢᠴᠢᠭ ᠢ ᠵᠤᠬᠢᠶᠠᠵᠦ᠂ ᠵᠠᠰᠠᠭ ᠵᠠᠬᠢᠷᠭᠠᠨ ᠤ ᠰᠢᠳᠬᠡᠯ ᠤᠨ ᠮᠡᠳᠡᠭᠳᠡᠯ ᠂ ᠲᠤᠬᠠᠶ ᠶᠢᠨ ᠬᠥᠮᠦᠨ ᠤ ᠲᠣᠭᠠᠴᠢᠭᠰᠠᠨ ᠵᠥᠪᠲᠦᠭᠡᠨ ᠲᠤᠳᠤᠷᠬᠠᠶᠢᠯᠠᠯ ᠪᠤᠶᠤ ᠭᠡᠷᠡᠴᠢᠯᠡᠭᠡ ᠰᠤᠨᠤᠰᠤᠭᠰᠠᠨ ᠪᠠᠶᠢᠳᠠᠯ ᠵᠡᠷᠭᠡ ᠠᠭᠤᠯᠭ᠎ᠠ ᠶᠢ ᠲᠣᠳᠣᠷᠬᠠᠶ tᠲᠡᠮᠳᠡᠭᠯᠡᠨ᠎ᠡ᠃      7. ᠬᠦᠷᠭᠡᠬᠦ ᠬᠠᠷᠢᠭᠤᠴᠠᠯᠭ᠎ᠠ᠄ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠤᠨ ᠪᠢᠴᠢᠭ ᠢ ᠬᠠᠤᠯᠢ ᠴᠠᠭᠠᠵᠠ ᠳᠤ ᠲᠣᠭᠲᠠᠭᠠᠭᠰᠠᠨ ᠠᠷᠭ᠎ᠠ ᠮᠠᠶ᠋ᠢᠭ ᠢᠶᠠᠷ ᠲᠤᠬᠠᠶ ᠶᠢᠨ ᠬᠥᠮᠦᠨ ᠳᠤ ᠬᠦᠷᠭᠡᠨ᠎ᠡ᠃          8. ᠭᠦᠢᠴᠡᠳᠬᠡᠬᠦ ᠬᠠᠷᠢᠭᠤᠴᠠᠯᠭ᠎ᠠ᠄ ᠬᠦᠴᠦᠨ ᠲᠠᠢ ᠪᠣᠯᠤᠭᠰᠠᠨ ᠵᠠᠰᠠᠭ ᠵᠠᠬᠢᠷᠭᠠᠨ ᠤ ᠰᠢᠳᠬᠡᠯ ᠥᠭᠬᠦ ᠲᠣᠭᠲᠠᠭᠠᠯ ᠤᠨ ᠶᠣᠰᠣᠭᠠᠷ᠂ ᠵᠠᠷᠯᠢᠭᠳᠠᠵᠤ ᠪᠠᠶᠢᠭᠠᠳ ᠵᠠᠯᠠᠷᠠᠭᠤᠯᠬᠤ ᠶᠢ ᠬᠦᠢᠴᠡᠳᠬᠡᠵᠦ᠂ ᠬᠠᠤᠯᠢ ᠠᠴᠠ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠬᠤ᠂ ᠵᠣᠭᠤᠰ ᠢᠶᠠᠷ ᠲᠣᠷᠭᠠᠬᠤ ᠵᠡᠷᠭᠡ ᠰᠢᠳᠬᠡᠯ ᠥᠭᠬᠦ ᠵᠦᠢᠯᠡᠰ ᠢ ᠲᠣᠳᠣᠷᠬᠠᠶᠢᠯᠠᠭᠰᠠᠨ ᠪᠠᠶᠢᠬᠤ ᠬᠡᠷᠡᠭᠲᠡᠶ᠃      9. ᠪᠤᠰᠤᠳ ᠬᠠᠤᠯᠢ ᠴᠠᠭᠠᠵᠠ ᠬᠠᠤᠯᠢ ᠲᠣᠭᠲᠠᠭᠠᠯ ᠲᠥᠷᠢᠮ ᠲᠣᠭᠲᠠᠭᠠᠯ ᠤᠨ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ᠃      ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠪᠠ ᠬᠠᠷᠢᠭᠤᠴᠠᠯᠭ᠎ᠠ ᠨᠡᠬᠡᠮᠵᠢᠯᠡᠬᠦ ᠦᠨᠳᠦᠰᠦ ᠪᠠᠷᠢᠮᠳᠠ᠄      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠤᠷᠭᠤᠮᠠᠯ ᠢ ᠬᠠᠮᠠᠭᠠᠯᠠᠬᠤ ᠬᠠᠤᠯᠢ︾ ᠶᠢᠨ ᠬᠤᠷᠢ ᠶᠢᠰᠦᠳᠦᠭᠡᠷ ᠵᠤᠷᠪᠤᠰ   ᠬᠡᠭᠡᠷ᠎ᠡ ᠶᠢᠨ ᠤᠷᠭᠤᠮᠠᠯ ᠢ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠠᠵᠢᠯᠳᠡᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠬᠤ᠂ ᠬᠤᠪᠢ ᠶᠢᠨ ᠨᠠᠶᠢᠷ ᠢᠶᠠᠷ ᠬᠠᠤᠯᠢ ᠶᠢ ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠠ︔ ᠬᠠᠷᠠᠬᠠᠨ ᠶᠠᠯ᠎ᠠ ᠪᠣᠯᠵᠥ ᠪᠦᠷᠢᠯᠳᠦᠭᠰᠡᠨ ᠥᠭᠡᠢ ᠪᠠᠶᠢᠪᠠᠯ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠃      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ︾ ᠶᠢᠨ ᠳᠥᠴᠢᠨ ᠵᠢᠷᠭᠤᠳᠤᠭᠠᠷ ᠵᠤᠷᠪᠤᠰ    ᠤᠢ ᠰᠢᠭᠤᠶ ᠶᠢᠨ ᠡᠬᠢ ᠪᠠᠶᠠᠯᠢᠭ ᠢ ᠬᠠᠮᠠᠭᠠᠯᠠᠬᠤ᠂ ᠤᠢ ᠰᠢᠭᠤᠶ ᠶᠢ ᠬᠢᠨᠠᠨ ᠬᠠᠮᠢᠶᠠᠷᠬᠤ ᠠᠵᠢᠯ ᠬᠢᠵᠦ ᠪᠠᠶᠢᠭ᠎ᠠ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ‌‍ᠤᠨ ᠠᠵᠢᠯᠳᠡᠠ ᠪᠣᠯᠤᠨ ᠲᠦᠷᠦ  ᠶᠢᠨ ᠪᠠᠶᠢᠭᠤᠯᠭ᠎ᠠ ᠶᠢᠨ ᠪᠤᠰᠤᠳ ᠬᠤᠯᠪᠣᠭᠳᠠᠯ ᠪᠦᠬᠦᠢ ᠠᠵᠢᠯᠳᠡᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠬᠦ ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠬᠤ᠂ ᠬᠤᠪᠢ ᠶᠢᠨ ᠨᠠᠶᠢᠷ ᠢᠶᠠᠷ ᠬᠠᠤᠯᠢ ᠶᠢ ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠠ︔ ᠬᠠᠷᠠᠬᠠᠨ ᠶᠠᠯ᠎ᠠ ᠪᠣᠯᠵᠥ ᠪᠦᠷᠢᠯᠳᠦᠭᠰᠡᠨ ᠥᠭᠡᠢ ᠪᠠᠶᠢᠪᠠᠯ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号