︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠬᠠᠤᠯᠢ︾ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠳᠠ ᠬᠢᠬᠦ ᠵᠠᠷᠯᠠᠯ
ᠨᠡᠶᠢᠲᠡᠯᠡᠭᠰᠡᠨ ᠴᠠᠭ᠄
2019/4/4
     ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 2019 ᠤᠨ ᠤ ᠬᠢᠨᠡᠯᠳᠠ ᠲᠠᠯᠪᠢᠬᠤ ᠠᠵᠢᠯ ᠤᠨ ᠲᠤᠬᠢᠷᠠᠭᠤᠯᠤᠯᠳᠠ ᠶᠢ ᠦᠨᠳᠦᠰᠦᠯᠡᠵᠦ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ 4 ᠰᠠᠷ᠎ᠠ ᠳᠤ ᠪᠦᠬᠦ ᠤᠷᠤᠨ ᠤ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠬᠠᠤᠯᠢ︾ ᠶᠢ ᠲᠤᠭᠤᠰᠢᠯᠠᠭᠤᠯᠤᠨ ᠭᠡᠷᠡᠭᠵᠢᠬᠦᠯᠦᠭᠰᠡᠨ ᠪᠠᠶᠢᠳᠠᠯ ᠳᠤ ᠬᠠᠤᠯᠢ ᠬᠡᠷᠡᠭᠵᠢᠬᠦᠯᠥᠯᠲᠡ ᠶᠢᠨ ᠪᠠᠶᠢᠴᠠᠭᠠᠯᠳᠠ ᠬᠢᠨ᠎ᠠ᠃      ᠲᠤᠰ ᠤᠳᠠᠭ᠎ᠠ ᠶᠢᠨ ᠬᠠᠤᠯᠢ ᠬᠡᠷᠡᠭᠵᠢᠬᠦᠯᠥᠯᠲᠡ ᠶᠢᠨ ᠪᠠᠶᠢᠴᠠᠭᠠᠯᠳᠠ ᠶᠢᠨ ᠭᠤᠤᠯᠳᠠᠯᠭ᠎ᠠ ᠪᠤᠯ᠄      ︵ᠨᠢᠭᠡ︶ ᠬᠠᠤᠯᠢ ᠴᠠᠭᠠᠵᠠ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠄ ᠭᠤᠤᠯᠳᠠᠭᠤ ᠤᠰᠤᠨ ᠤ ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠬᠠᠷᠠᠯᠳᠠ ᠶᠢ ᠬᠤᠭᠤᠴᠠᠭ᠎ᠠ ᠶᠤᠰᠤᠭᠠᠷ ᠪᠡᠶᠡᠯᠡᠬᠦᠯᠦᠭᠰᠡᠨ ᠡᠰᠡᠬᠦ᠂ ᠭᠤᠤᠯ ᠮᠦᠷᠡᠨ ᠤ ᠳᠠᠷᠤᠭ᠎ᠠ ᠨᠠᠭᠤᠷ ᠪᠦᠷᠢᠳᠦ ᠶᠢᠨ ᠳᠠᠷᠤᠭ᠎ᠠ ᠶᠢᠨ ᠲᠦᠷᠢᠮ᠂ ᠤᠰᠤᠨ ᠤ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠶᠡᠷᠦᠩᠭᠡᠢ ᠭᠡᠮᠵᠢᠶ᠎ᠠ ᠶᠢ ᠡᠵᠡᠮᠳᠡᠬᠦ᠂ ᠪᠤᠬᠢᠷᠳᠤᠯ ᠪᠤᠳᠠᠰ ᠭᠠᠳᠠᠭᠰᠢᠯᠠᠭᠤᠯᠬᠤ ᠵᠦᠪᠰᠢᠶᠡᠷᠡᠯ᠂ ᠤᠷᠴᠢᠨ ᠲᠤᠭᠤᠷᠢᠨ ᠤ ᠬᠢᠨᠡᠨ ᠭᠡᠮᠵᠢᠯᠳᠠ᠂ ᠠᠮᠢ ᠠᠬᠤᠢ ᠶᠢᠨ ᠨᠦᠬᠦᠪᠦᠷᠢ ᠶᠢᠨ ᠲᠤᠭᠳᠠᠴᠠ ᠵᠢᠴᠢ ᠤᠰᠤ ᠤᠮᠳᠠ ᠶᠢᠨ ᠡᠬᠢ ᠭᠠᠵᠠᠷ ᠤᠨ ᠬᠠᠮᠠᠭᠠᠯᠠᠯᠳᠠ ᠪᠠ ᠤᠰᠤ ᠤᠮᠳᠠ ᠶᠢᠨ ᠠᠮᠤᠷ ᠲᠦᠪᠰᠢᠨ ᠢ ᠪᠠᠳᠤᠯᠠᠬᠤ ᠪᠦᠬᠦ ᠶᠠᠪᠤᠴᠠ ᠶᠢ ᠬᠢᠨᠠᠨ ᠬᠠᠮᠢᠶᠠᠷᠬᠤ ᠵᠡᠷᠭᠡ ᠭᠤᠤᠯ ᠪᠤᠯᠬᠤ ᠬᠠᠤᠯᠢ ᠴᠠᠭᠠᠵᠠ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠤᠷᠤᠰᠢᠵᠦ ᠪᠠᠶᠢᠭ᠎ᠠ ᠭᠤᠤᠯ ᠠᠰᠠᠭᠤᠳᠠᠯ ᠢ ᠪᠠᠭᠳᠠᠭᠠᠨ᠎ᠠ᠃      ︵ᠬᠤᠶᠠᠷ︶ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠄ ᠤᠰᠤᠨ ᠤ ᠤᠷᠴᠢᠨ ᠲᠤᠭᠤᠷᠢᠨ ᠢ ᠬᠠᠮᠠᠭᠠᠯᠠᠬᠤ ᠬᠠᠷᠠᠯᠳᠠ ᠬᠠᠷᠢᠭᠤᠴᠠᠯᠭ᠎ᠠ ᠶᠢᠨ ᠲᠦᠷᠢᠮ ᠵᠢᠴᠢ ᠰᠢᠯᠭᠠᠨ ᠦᠨᠡᠯᠡᠬᠦ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠵᠠᠰᠠᠭ ᠤᠨ ᠤᠷᠳᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠵᠤ ᠠᠬᠤᠶᠢᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠤᠷᠴᠢᠨ ᠲᠤᠭᠤᠷᠢᠨ ᠤ ᠬᠠᠤᠯᠢ ᠭᠡᠷᠡᠭᠵᠢᠬᠦᠯᠦᠯᠳᠠ ᠪᠠ ᠬᠠᠤᠯᠢ ᠴᠠᠭᠠᠵᠠ ᠶᠢᠨ ᠪᠠᠳᠤᠯᠠᠭ᠎ᠠ ᠶᠢᠨ ᠪᠠᠶᠢᠳᠠᠯ᠃      ︵ᠭᠤᠷᠪᠡ︶ ᠤᠰᠤᠨ ᠤᠷᠴᠢᠨ ᠤ ᠲᠤᠪᠤᠶᠢᠮ᠎ᠡ ᠠᠰᠠᠭᠤᠳᠠᠯ ᠤᠨ ᠵᠠᠰᠠᠯᠳᠠ ᠶᠢᠨ ᠪᠠᠶᠢᠳᠠᠯ᠄      1. ᠤᠰᠤ ᠤᠮᠳᠠ ᠶᠢᠨ ᠡᠬᠢ ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ ᠤ ᠵᠠᠭᠠᠭ ᠤᠨ ᠲᠠᠮᠳᠡᠭ ᠪᠠᠶᠢᠭᠤᠯᠬᠤ᠂ ᠬᠠᠮᠠᠭᠠᠯᠠᠯᠳᠠ ᠶᠢᠨ ᠤᠷᠤᠨ ᠤ ᠲᠤᠳᠤᠭᠠᠳᠤᠬᠢ ᠤᠷᠴᠢᠨ ᠲᠤᠭᠤᠷᠢᠨ ᠤ ᠬᠠᠤᠯᠢ ᠠᠴᠠ ᠵᠦᠷᠢᠴᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠬᠰᠡᠨ ᠪᠠᠶᠢᠳᠠᠯ︔      2. ᠠᠵᠤ ᠠᠬᠤᠶᠢᠯᠡᠯ ᠤᠨ ᠲᠦᠷᠢᠮ ᠠᠴᠠ ᠵᠦᠷᠢᠴᠡᠵᠤ ᠭᠠᠵᠠᠷ ᠲᠤᠤᠷᠠᠬᠢ ᠤᠰᠤ ᠶᠢ ᠭᠡᠳᠦᠷᠡᠳᠡᠯ᠎ᠡ ᠲᠠᠳᠠᠬᠰᠡᠨ ᠢ ᠴᠡᠭᠴᠡᠯᠡᠨ ᠰᠠᠶᠢᠵᠢᠷᠠᠭᠤᠯᠤᠬᠰᠡᠨ ᠪᠠᠶᠢᠳᠠᠯ︔      3. ᠬᠤᠳᠠ ᠶᠢᠨ ᠪᠤᠬᠢᠷ ᠦᠮᠡᠭᠡᠢ ᠤᠰᠤᠨ ᠴᠤᠬᠴᠠ ᠶᠢ ᠴᠡᠭᠴᠡᠯᠡᠨ ᠰᠠᠶᠢᠵᠢᠷᠠᠭᠤᠯᠤᠬᠰᠡᠨ ᠪᠠᠶᠢᠳᠠᠯ︔      4. ᠬᠤᠳᠠ ᠪᠠᠯᠭᠠᠰᠤᠨ ᠤ ᠪᠤᠬᠢᠷ ᠤᠰᠤ ᠰᠢᠢᠳᠪᠤᠷᠢᠯᠡᠬᠦ ᠦᠢᠯᠡᠳᠪᠤᠷᠢ ᠶᠢᠨ ᠴᠤᠬᠯᠠᠭᠤᠯᠤᠯᠳᠠ ᠶᠢᠨ ᠨᠤᠷᠮ᠎ᠡ ᠂ ᠲᠠᠭᠠᠭᠠᠴᠠ ᠠᠴᠠ ᠭᠡᠳᠦᠷᠡᠭᠰᠡᠨ ᠨᠤᠷᠮ᠎ᠡ᠂ ᠰᠢᠢᠳᠪᠤᠷᠢᠯᠡᠭᠰᠡᠨ ᠨᠤᠷᠮ᠎ᠡ ᠲᠤᠤᠷ᠎ᠡ ᠵᠢᠴᠢ ᠰᠢᠭᠤᠳ ᠭᠠᠳᠠᠬᠰᠢᠯᠠᠭᠤᠯᠤᠬᠰᠡᠨ᠂ ᠪᠠᠷᠢᠮᠵᠢᠶ᠎ᠡ ᠠᠴᠠ ᠭᠡᠳᠦᠷᠠᠳᠠᠯ᠎ᠡ ᠭᠠᠳᠠᠬᠰᠢᠯᠠᠭᠤᠯᠤᠬᠰᠡᠨ ᠵᠡᠷᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠬᠰᠡᠨ ᠪᠠᠶᠢᠳᠠᠯ︔      5. ᠬᠦᠳᠡᠭᠡ ᠲᠤᠰᠬᠤᠨ ᠤ ᠪᠤᠬᠢᠷ ᠤᠰᠤ᠂ ᠬᠤᠭ ᠨᠤᠪᠰᠢ ᠶᠢ ᠰᠢᠢᠳᠪᠤᠷᠢᠯᠡᠬᠦ ᠲᠦᠬᠦᠭᠡᠷᠤᠮᠵᠢ ᠶᠢ ᠪᠦᠳᠦᠭᠡᠨ ᠪᠠᠶᠢᠭᠤᠯᠵᠤ ᠭᠡᠷᠡᠭᠵᠢᠬᠦᠯᠦᠭᠰᠡᠨ ᠪᠠᠶᠢᠳᠠᠯ᠂ ᠲᠡᠷᠢᠶᠠᠯᠠᠩ ᠤᠨ ᠪᠤᠬᠢᠷᠳᠤᠬᠰᠠᠨ ᠭᠠᠵᠠᠷ ᠢ ᠴᠡᠭᠴᠡᠯᠡᠨ ᠰᠠᠶᠢᠵᠢᠷᠠᠭᠤᠯᠤᠬᠰᠡᠨ ᠪᠠᠶᠢᠳᠠᠯ︔      6. ᠠᠵᠤ ᠦᠢᠯᠡᠳᠪᠤᠷᠢ ᠠᠵᠤ ᠠᠬᠤᠶᠢᠯᠡᠯ᠂ ᠨᠡᠭᠡᠭᠡᠯᠳᠠ ᠶᠢᠨ ᠤᠷᠤᠨ᠂ ᠠᠵᠤ ᠦᠢᠯᠡᠳᠪᠤᠷᠢ ᠶᠢᠨ ᠬᠦᠷᠢᠶᠠᠯᠠᠩ ᠲᠤᠭᠤᠷᠢᠭ ᠤᠨ ᠬᠠᠶᠠᠬᠳᠠᠮᠠᠯ ᠤᠰᠤ ᠶᠢ ᠰᠢᠢᠳᠪᠤᠷᠢᠯᠡᠬᠦ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠵᠢᠴᠢ ᠪᠤᠬᠢᠷ ᠤᠰᠤ ᠶᠢ ᠪᠠᠷᠢᠮᠵᠢᠶ᠎ᠡ ᠳᠤ ᠬᠦᠷᠭᠡᠨ ᠭᠠᠳᠠᠬᠰᠢᠯᠠᠭᠤᠯᠬᠤ᠂ ᠲᠤᠮᠳᠠ ᠤᠰᠤ ᠶᠢ ᠲᠠᠬᠢᠨ ᠭᠡᠷᠡᠭᠯᠡᠭᠰᠡᠨ ᠪᠠᠶᠢᠳᠠᠯ︔      7. ᠦᠪᠡᠷᠳᠡᠭᠡᠨ ᠵᠠᠰᠠᠬᠤ ᠤᠷᠤᠨ ᠤ ᠬᠢᠯᠢ ᠳᠠᠬᠢ ᠬᠠᠳᠤᠨ ᠭᠤᠤᠯ᠂ ᠯᠢᠶᠤᠤᠾᠧ ᠭᠤᠤᠯ᠂ ᠰᠤᠩᠭᠠᠷᠢ ᠮᠦᠷᠡᠨ᠂ ᠬᠠᠶᠢᠾᠧ ᠭᠤᠤᠯ ᠵᠡᠷᠭᠡ ᠭᠤᠤᠯᠳᠠᠯᠭ᠎ᠠ ᠲᠠᠢ ᠰᠠᠪᠠ ᠭᠠᠵᠠᠷ ᠤᠨ ᠪᠤᠬᠢᠷᠳᠤᠯ ᠢ ᠰᠡᠷᠭᠡᠶᠢᠯᠡᠨ ᠵᠠᠰᠠᠬᠰᠡᠨ ᠪᠠᠶᠢᠳᠠᠯ︔      8. ︽ᠬᠦᠯᠦᠨ ᠨᠠᠭᠤᠷ᠂ ᠲᠠᠭ᠎ᠠ ᠶᠢᠨ ᠨᠠᠭᠤᠷ᠂ ᠤᠯᠠᠭᠠᠨᠰᠤᠬᠠᠢ︾ ᠶᠢᠨ ᠠᠮᠢ ᠠᠬᠤᠢ ᠤᠷᠴᠢᠨ ᠲᠤᠭᠤᠷᠢᠨ ᠤ ᠶᠡᠷᠤᠩᠭᠡᠶᠢᠯᠡᠭᠰᠡᠨ ᠵᠠᠰᠠᠯᠳᠠ ᠶᠢᠨ ᠭᠤᠤᠯᠳᠠᠯᠭᠠᠳᠤ ᠲᠦᠷᠦᠯ ᠵᠦᠢᠯ ᠤᠨ ᠠᠬᠢᠴᠠ ᠶᠢᠨ ᠪᠠᠶᠢᠳᠠᠯ︔      ᠬᠠᠤᠯᠢ ᠬᠡᠷᠡᠭᠵᠢᠬᠦᠯᠥᠯᠲᠡ ᠶᠢᠨ ᠪᠠᠶᠢᠴᠠᠭᠠᠯᠳᠠ ᠶᠢᠨ ᠬᠤᠭᠤᠴᠠᠭᠠᠨ ᠳᠤ᠂ ᠨᠡᠶᠢᠭᠡᠮ ᠤᠨ ᠡᠯ᠎ᠡ ᠡᠳᠡᠭᠡᠳ ᠤᠨ ᠬᠢᠨ ᠤ ᠮᠠᠨ ᠤ ᠤᠷᠤᠨ ᠤ ︽ᠪᠦᠭᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠪᠤᠬᠢᠷᠳᠤᠯ ᠢ ᠰᠡᠷᠭᠡᠶᠢᠯᠡᠨ ᠵᠠᠰᠠᠬᠤ ᠬᠠᠤᠯᠢ︾ ᠶᠢ ᠲᠤᠭᠤᠰᠢᠯᠠᠭᠤᠯᠤᠨ ᠭᠡᠷᠡᠭᠵᠢᠬᠦᠯᠦᠭᠰᠡᠨ ᠪᠠᠶᠢᠳᠠᠯ ᠳᠤ ᠰᠠᠨᠠᠯ ᠰᠠᠨᠠᠭᠤᠯᠭ᠎ᠠ ᠲᠤᠷᠠᠳᠴᠤ᠂ ᠦᠪᠡᠷᠳᠡᠭᠡᠨ ᠵᠠᠰᠠᠬᠤ ᠤᠷᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠤᠷᠴᠢᠨ ᠲᠤᠭᠤᠷᠢᠨ ᠤ ᠡᠬᠢ ᠪᠠᠶᠠᠯᠢᠭ ᠤᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠠᠵᠢᠯ ᠤᠨ ᠵᠦᠪᠯᠡᠯ ᠤᠨ ᠠᠯᠪᠡᠨ ᠭᠡᠷ ᠲᠤ ᠬᠠᠷᠢᠭᠤ ᠲᠤᠰᠬᠠᠬᠤ ᠶᠢ ᠬᠦᠰᠡᠵᠦ ᠪᠠᠶᠢᠨ᠎ᠡ᠃      ᠬᠠᠷᠢᠯᠴᠠᠬᠤ ᠬᠦᠮᠦᠨ᠄ ᠭᠤᠤ ᠯᠢᠨ      ᠬᠠᠷᠢᠯᠴᠠᠬᠤ ᠤᠳᠠᠰᠤ᠄ 0471 — 6600536 ︵ᠹᠠᠺᠰ︶      ᠢᠮᠧᠯ᠄ rdgaolin@163.com      ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠡ ᠶᠢᠨ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠬᠠᠤᠯᠢ ᠶᠢᠨ ᠬᠠᠤᠯᠢ ᠬᠡᠷᠡᠭᠵᠢᠬᠦᠯᠥᠯᠲᠡ ᠶᠢ ᠪᠠᠶᠢᠴᠠᠭᠠᠬᠤ ᠲᠤᠭᠤᠶᠢᠯᠠᠩ ︵ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ︶
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号