ᠤᠲᠤᠭ ᠬᠤᠰᠢᠭᠤᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠢᠯᠡᠬᠦ ᠤᠬᠠᠭᠤᠯᠭ᠎ᠠ ᠰᠤᠷᠭᠠᠭᠤᠯᠢ ᠶᠢᠨ ᠬᠦᠷᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2020/11/3
     ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠᠶᠢᠳᠠᠯ ᠳᠤ ᠴᠢᠭᠯᠡᠭᠦᠯᠦᠨ᠂ ᠤᠲᠤᠭ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠡᠭᠡᠳᠦ ᠱᠠᠲᠤᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠤᠭᠴᠢᠳ᠂ ᠭᠡᠷ ᠤᠨ ᠠᠬᠠᠮᠠᠳ ᠵᠢᠴᠢ ᠲᠠᠷᠢᠶᠠᠴᠢᠨ ᠮᠠᠯᠴᠢᠨ ᠲᠦᠮᠡᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠢᠯᠡᠬᠦ ᠤᠬᠠᠮᠰᠠᠷ ᠢ ᠳᠡᠭᠡᠭᠰᠢᠯᠡᠬᠦᠯᠪᠡ᠃     10 ᠰᠠᠷ᠎ᠠ ᠶᠢᠨ 23 ᠤ ᠡᠳᠦᠷ᠂ ᠤᠲᠤᠭ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠥᠷᠲᠡᠭᠡ ᠨᠢ ᠬᠤᠰᠢᠭᠤᠨ ᠤ ᠣᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠮᠲᠤ ᠪᠠᠷ ᠤᠲᠤᠭ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠬᠦᠷᠴᠦ᠂ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠢ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ᠃ ᠤᠬᠠᠭᠤᠯᠭ᠎ᠠ ᠶᠢᠨ ᠬᠠᠭᠤᠳᠠᠰᠤ ᠡᠯᠭᠦᠬᠦ᠂ ᠤᠬᠤᠷ ᠪᠢᠴᠢᠯᠭᠡ ᠨᠡᠪᠲᠡᠷᠡᠭᠦᠯᠬᠦ᠂ ᠲᠤᠬᠠᠶ ᠶᠢᠨ ᠲᠠᠯᠠᠪᠠᠶ ᠳᠤ ᠲᠠᠶᠢᠯᠪᠤᠷᠢᠯᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠠᠶ ᠶᠢᠨ ᠦᠵᠡᠭᠦᠯᠦᠯᠭᠡ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠰᠤᠷᠤᠭᠴᠢᠳ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠦᠵᠡᠯ ᠤᠬᠠᠮᠰᠠᠷ ᠢ ᠨᠡᠮᠡᠭᠳᠡᠭᠦᠯᠵᠦ᠂ ᠰᠤᠷᠤᠭᠴᠢᠳ ᠲᠤ ᠬᠤᠸᠠᠷ ᠫᠤᠤᠵᠢᠩ ᠲᠠᠯᠪᠢᠬᠤ᠂ ᠬᠡᠭᠡᠷ᠎ᠡ ᠭᠠᠳᠠᠨ᠎ᠠ ᠲᠠᠮᠠᠬᠢ ᠲᠠᠲᠠᠬᠤ ᠵᠡᠷᠭᠡ ᠭᠠᠯ ᠤᠨ ᠠᠶᠤᠯ ᠢ ᠡᠭᠦᠰᠭᠡᠵᠦ ᠮᠡᠳᠡᠬᠦ ᠣᠯᠠᠨ ᠵᠦᠢᠯ ᠤᠨ ᠮᠡᠳᠡᠯᠭᠡ ᠶᠢ ᠤᠶᠢᠯᠠᠭᠠᠭᠤᠯᠪᠠ᠃      ᠲᠤᠰ ᠤᠳᠠᠭᠠᠨ ᠤ ᠠᠵᠢᠯᠯᠠᠭ᠎ᠠ ᠨᠢ ︽ᠭᠠᠷ ᠭᠠᠷ ᠢᠶᠠᠨ ᠬᠤᠯᠪᠤᠯᠴᠠᠬᠤ︾ ᠦᠢᠯᠡᠳᠦᠯ ᠢ ᠪᠠᠳᠠᠷᠠᠭᠤᠯᠵᠤ᠂ ᠰᠤᠷᠤᠭᠴᠢ ᠨᠢᠭᠡᠪᠦᠷᠢ ᠳᠤ ᠬᠠᠤᠯᠢ ᠶᠢ ᠰᠠᠬᠢᠬᠤ ᠪᠠ ᠠᠯᠪᠠᠨ ᠵᠢᠷᠤᠮ ᠤᠨ ᠤᠬᠠᠭᠤᠯᠭ᠎ᠠ ᠶᠢᠨ ᠤᠶᠢᠯᠠᠭᠠᠭᠳᠠᠬᠤᠨ ᠢ ᠤᠶᠢᠯᠠᠭᠠᠭᠤᠯᠵᠤ᠂ ᠭᠡᠷ ᠪᠦᠯᠢ ᠵᠢᠴᠢ ᠪᠦᠬᠦ ᠨᠡᠶᠢᠭᠡᠮ ᠳᠤ ᠨᠦᠯᠦᠭᠡ ᠪᠦᠬᠦᠢ ᠢᠳᠡᠪᠬᠢ ᠦᠢᠯᠡ ᠠᠵᠢᠯᠯᠠᠭ᠎ᠠ ᠪᠤᠯᠤᠭᠰᠠᠨ ᠪᠠᠶᠢᠨ᠎ᠠ᠃ ︵ᠦ᠋ ᠱᠤᠸᠠᠩ ᠰᠢ︶
 
ᠢᠷᠡᠯᠲᠡ᠄ ᠣᠷᠳᠣᠰ ᠬᠤᠲᠠ ᠶᠢᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号