ᠠᠷᠤ ᠬᠤᠷᠴᠢᠨ ᠬᠤᠰᠢᠭᠤᠨ ᠤ ᠴᠠᠷᠭᠠᠰᠣᠨ ᠤ ᠦᠢᠯᠡᠰ ᠤᠨ ᠬᠥᠭᠵᠢᠯᠲᠡ ᠰᠠᠶᠢᠨ ᠪᠠᠶᠢᠨ᠎ᠠ
ᠨᠡᠶᠢᠲᠡᠯᠡᠭᠰᠡᠨ ᠴᠠᠭ᠄
2020/11/4
     ᠠᠷᠤ ᠬᠤᠷᠴᠢᠨ ᠬᠤᠰᠢᠭᠤᠨ ᠤ ᠦᠢᠯᠡᠳᠪᠦᠷᠢᠯᠡᠭᠰᠡᠨ ᠴᠠᠷᠭᠠᠰᠤ ᠡᠪᠡᠰᠦᠨ ᠤ ᠶᠠᠰᠤ ᠴᠢᠨᠠᠷ ᠨᠢ ᠰᠠᠶᠢᠨ᠂ ᠳᠤᠮᠳᠠᠴᠢ ᠤᠭᠤᠷᠠᠭ 18%᠂ ᠬᠠᠷᠢᠴᠠᠩᠭᠤᠶ ᠲᠡᠵᠢᠭᠡᠯ ᠪᠣᠷᠳᠣᠭᠠᠨ ᠤ ᠥᠷᠲᠡᠭ 130 ᠠᠴᠠ ᠳᠡᠭᠡᠭᠰᠢ ᠪᠠᠶᠢᠵᠤ᠂ ᠴᠠᠷᠭᠠᠰᠤ ᠶᠢᠨ ᠪᠦᠲᠦᠭᠡᠭᠳᠡᠬᠦᠨ ᠤ ᠶᠠᠰᠤ ᠴᠢᠨᠠᠷ ᠤᠯᠤᠰ ᠤᠨ ᠪᠠᠷᠢᠮᠵᠢᠶ᠎ᠡ ᠶᠢᠨ 2 ᠳᠡᠰ ᠠᠴᠠ ᠳᠡᠭᠡᠭᠰᠢ ᠬᠦᠷᠴᠦ᠂ ᠪᠡᠯᠴᠢᠭᠡᠷ ᠡᠪᠡᠰᠦ ᠶᠢ ᠪᠦᠬᠦ᠋ᠢᠯᠡ ᠤᠮᠠᠷᠠᠲᠤ ᠣᠷᠣᠨ᠂ ᠵᠡᠭᠦᠨ ᠬᠤᠶᠢᠲᠤ ᠣᠷᠣᠨ᠂ ᠥᠪᠥᠷ ᠮᠣᠩᠭᠤᠯ ᠤᠨ ᠪᠠᠷᠠᠭᠤᠨ ᠬᠡᠰᠡᠭ ᠵᠡᠷᠭᠡ ᠭᠠᠵᠠᠷ ᠲᠤ ᠪᠣᠷᠣᠯᠠᠭᠤᠯᠵᠤ᠂ ᠭᠤᠣᠯᠳᠠᠭᠤ ᠮᠧᠩ ᠨᠢᠦ᠂ ᠢᠯᠢ᠂ ᠰᠠᠨ ᠶᠤᠸᠠᠨ᠂ ᠣᠤ ᠶᠠ ᠵᠡᠷᠭᠡ ᠡᠯ᠎ᠡ ᠲᠣᠮᠣ ᠰᠠᠭᠠᠯᠢ ᠶᠢᠨ ᠦᠨᠢᠶᠡᠨ ᠤ ᠲᠠᠯᠠᠪᠠᠢ ᠳᠤ ᠬᠡᠷᠡᠭᠯᠡᠵᠦ ᠪᠣᠢ᠃ ᠡᠪᠡᠰᠦᠨ ᠤ ᠠᠵᠤ ᠦᠢᠯᠡᠰ ᠤᠨ ᠰᠠᠭᠤᠷᠢᠨ ᠭᠠᠵᠠᠷ ᠢᠶᠠᠷ ᠲᠦᠰᠢᠭ ᠪᠣᠯᠭᠠᠭᠰᠠᠨ ᠠᠷᠤ ᠬᠤᠷᠴᠢᠨ ᠬᠤᠰᠢᠭᠤᠨ ᠤ ᠠᠮᠢ ᠠᠬᠤᠶ ᠶᠢᠨ ᠮᠠᠯᠵᠢᠯ ᠤᠨ ᠲᠠᠯᠠᠪᠠᠶ ᠪᠣᠯᠤᠨ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠶ 81 ᠪᠣᠯᠣᠨ ᠬᠦᠭᠵᠢᠵᠦ᠂ ᠣᠤ ᠶᠠ ᠪᠦᠯᠦᠭᠯᠡᠯ ᠤᠨ ᠬᠢᠨ ᠨᠢᠭᠡᠨᠲᠡ ᠲᠦᠮᠡᠨ ᠰᠠᠭᠠᠯᠢ ᠶᠢᠨ ᠦᠨᠢᠶ᠎ᠡ ᠲᠡᠵᠢᠭᠡᠵᠦ ᠳᠡᠶᠢᠯᠬᠦ 2 ᠣᠳᠣᠬᠢᠴᠢᠯᠠᠭᠰᠠᠨ ᠮᠠᠯᠵᠢᠯ ᠤᠨ ᠲᠠᠯᠠᠪᠠᠶ ᠶᠢ ᠪᠠᠶᠢᠭᠤᠯᠤᠭᠰᠠᠨ ᠪᠠᠶᠢᠨ᠎ᠠ᠃ ︵ᠼᠦᠩ ᠯᠦᠩ ᠲᠤᠤ︶  
 
ᠢᠷᠡᠯᠲᠡ᠄ ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号