ᠬᠤᠪᠤᠷ ᠴᠤᠬᠠᠭ ᠤᠢ ᠮᠣᠳᠣ ᠪᠤᠶᠤ ᠤᠢ ᠲᠤᠳᠤᠷᠠᠬᠢ ᠵᠡᠷᠯᠢᠭ ᠤᠷᠭᠤᠮᠠᠯ᠂ ᠡᠮ ᠤᠨ ᠮᠠᠲ᠋ᠧᠷᠢᠶᠠᠯ ᠢ ᠳᠤᠷ᠎ᠠ ᠪᠠᠷ ᠢᠶᠠᠨ ᠲᠡᠭᠦᠵᠦ ᠴᠤᠭᠯᠠᠭᠤᠯᠤᠭᠰᠠᠨ ᠢ ᠰᠢᠳᠬᠡᠬᠦ
ᠨᠡᠶᠢᠲᠡᠯᠡᠭᠰᠡᠨ ᠴᠠᠭ᠄
2020/3/23
     ᠡᠷᠬᠡ ᠶᠢᠨ ᠨᠡᠷᠡᠶᠢᠳᠦᠯ᠄  ᠬᠤᠪᠤᠷ ᠴᠤᠬᠠᠭ ᠤᠢ ᠮᠣᠳᠣ ᠪᠤᠶᠤ ᠤᠢ ᠲᠤᠳᠤᠷᠠᠬᠢ ᠵᠡᠷᠯᠢᠭ ᠤᠷᠭᠤᠮᠠᠯ᠂ ᠡᠮ ᠤᠨ ᠮᠠᠲ᠋ᠧᠷᠢᠶᠠᠯ ᠢ ᠳᠤᠷ᠎ᠠ ᠪᠠᠷ ᠢᠶᠠᠨ ᠲᠡᠭᠦᠵᠦ ᠴᠤᠭᠯᠠᠭᠤᠯᠤᠭᠰᠠᠨ ᠢ ᠰᠢᠳᠬᠡᠬᠦ      ᠡᠷᠬᠡ ᠶᠢᠨ ᠲᠥᠷᠥᠯ ᠠᠩᠬᠢᠯᠠᠯ᠄  ᠵᠠᠰᠠᠭ ᠵᠠᠬᠢᠷᠭᠠᠨ ᠤ ᠰᠢᠳᠬᠡᠯᠲᠡ      ᠬᠠᠷᠢᠭᠤᠴᠠᠯᠭ᠎ᠠ ᠶᠢᠨ ᠭᠤᠣᠯ ᠴᠣᠭᠴᠠ᠄        ᠲᠤᠭᠳᠠᠭᠠᠭᠰᠠᠨ ᠦᠨᠳᠦᠰᠦᠯᠡᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠣᠷ ᠴᠤᠬᠠᠭ ᠤᠢ ᠮᠣᠳᠣ ᠶᠢ ᠬᠠᠮᠠᠭᠠᠯᠠᠬᠤ ᠳᠦᠷᠢᠮ︾ ᠤᠨ ᠠᠷᠪᠠ ᠶᠢᠰᠦᠳᠦᠭᠡᠷ  ᠵᠤᠷᠪᠤᠰ᠄ ᠲᠡᠬᠦᠨ ᠴᠤᠭᠯᠠᠭᠤᠯᠬᠤ ᠦᠨᠡᠮᠯᠡᠯ ᠠᠪᠤᠭᠰᠠᠨ ᠦᠭᠡᠢ ᠪᠤᠶᠤ ᠴᠤᠭᠯᠠᠭᠤᠯᠬᠤ ᠦᠨᠡᠮᠯᠡᠯ ᠤᠨ ᠲᠣᠭᠲᠠᠭᠠᠯ ᠢ ᠵᠦᠷᠢᠴᠡᠨ ᠬᠡᠭᠡᠷ᠎ᠡ ᠶᠢᠨ ᠬᠤᠪᠣᠷ ᠴᠤᠬᠠᠭ ᠤᠢ ᠮᠣᠳᠣ ᠶᠢ  ᠴᠤᠭᠯᠠᠭᠤᠯᠤᠭᠰᠠᠨ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠶ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠡᠬᠦᠨ ᠴᠤᠭᠯᠠᠭᠤᠯᠤᠭᠰᠠᠨ ᠬᠤᠪᠣᠷ ᠴᠤᠬᠠᠭ ᠤᠢ ᠮᠣᠳᠣ ᠪᠠ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠬᠤᠷᠢᠶᠠᠨ ᠠᠪᠤᠨ᠎ᠠ᠃ ᠬᠠᠤᠯᠢ ᠪᠤᠰᠤ ᠪᠠᠷ ᠲᠡᠬᠦᠬᠦᠨ ᠴᠤᠭᠯᠠᠭᠤᠯᠤᠭᠰᠠᠨ ᠬᠤᠪᠣᠷ ᠴᠤᠬᠠᠭ ᠮᠣᠳᠣᠨ ᠤ ᠲᠤᠭ᠎ᠠ ᠶᠢᠨ ᠲᠠᠪᠤ ᠠᠴᠠ ᠠᠷᠪᠠᠨ ᠲᠡᠬᠢᠠ ᠢᠶᠠᠷ ᠨᠦᠬᠦᠨ ᠲᠠᠷᠢᠭᠤᠯᠵᠦ᠂ ᠬᠠᠤᠯᠢ ᠶᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠶᠢᠨ ᠬᠢᠨᠢ ᠬᠤᠶᠠᠷ ᠠᠴᠠ ᠠᠷᠪᠠᠨ ᠲᠡᠬᠢᠠ ᠵᠣᠭᠤᠰ ᠢᠶᠠᠷ ᠲᠤᠷᠭᠠᠨ᠎ᠠ︔ ᠲᠡᠬᠦᠵᠦ ᠴᠤᠭᠯᠠᠭᠤᠯᠬᠤ ᠦᠨᠡᠮᠯᠡᠯ   ᠲᠠᠢ ᠪᠤᠯ᠂ ᠲᠡᠬᠦᠵᠦ ᠴᠤᠭᠯᠠᠭᠤᠯᠬᠤ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃ ᠲᠡᠬᠦᠵᠦ ᠴᠤᠭᠯᠠᠭᠤᠯᠬᠤ ᠦᠨᠡᠮᠯᠡᠯ ᠦᠭᠡᠢ ᠪᠤᠶᠤ ᠲᠡᠬᠦᠵᠦ ᠴᠤᠭᠯᠠᠭᠤᠯᠬᠤ ᠦᠨᠡᠮᠯᠡᠯ ᠤᠨ ᠲᠤᠭᠳᠠᠭᠠᠯ ᠠᠴᠠ ᠵᠦᠷᠢᠴᠡᠨ ᠬᠡᠭᠡᠷ᠎ᠡ ᠶᠢᠨ ᠬᠤᠪᠣᠷ ᠴᠤᠬᠠᠭ ᠤᠢ ᠮᠤᠳᠤ᠂ ᠤᠢ ᠲᠤᠳᠤᠷᠠᠬᠢ ᠵᠡᠷᠯᠢᠭ ᠤᠷᠭᠤᠮᠠᠯ ᠪᠠ ᠡᠮ ᠤᠨ ᠮᠠᠲ᠋ᠧᠷᠢᠶᠠᠯ ᠢ ᠴᠤᠭᠯᠠᠭᠤᠯᠤᠭᠰᠠᠨ ᠪᠠᠶᠢᠪᠠᠯ ᠦᠨᠡᠮᠯᠡᠯ ᠳᠤ ᠲᠣᠭᠲᠠᠭᠠᠭᠰᠠᠨ ᠶᠣᠰᠣᠭᠠᠷ᠂ ᠬᠠᠦᠯᠢ ᠠᠴᠠ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠬᠤ ᠶᠢᠨ ᠬᠠᠮᠳᠤ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠶᠢᠨ ᠨᠢᠭᠡ ᠠᠴᠠ ᠲᠠᠪᠤᠨ ᠳᠠᠬᠢᠨ ᠵᠣᠭᠤᠰ ᠢᠶᠠᠷ ᠲᠤᠷᠭᠠᠨ᠎ᠠ᠃      ᠬᠠᠷᠢᠭᠤᠴᠠᠯᠭ᠎ᠠ ᠶᠢᠨ ᠵᠦᠢᠯᠡᠰ᠄      1. ᠬᠡᠷᠡᠭ ᠪᠣᠯᠭᠠᠨ ᠳᠠᠩᠰᠠᠯᠠᠬᠤ ᠬᠠᠷᠢᠭᠤᠴᠠᠯᠭ᠎ᠠ᠄ ᠡᠷᠬᠡ ᠲᠤᠰᠢᠶᠠᠯ ᠢᠶᠠᠨ ᠦᠨᠳᠦᠰᠦᠯᠡᠨ ᠣᠯᠵᠤ ᠮᠡᠳᠡᠭᠰᠡᠨ ᠪᠤᠶᠤ ᠢᠯᠡᠴᠢᠯᠡᠯᠲᠡ᠂ ᠵᠠᠭᠠᠯᠳᠤᠯᠭ᠎ᠠ᠂ ᠰᠢᠯᠵᠢᠭᠦᠯᠦᠨ ᠬᠦᠷᠭᠡᠬᠦ᠂ ᠳᠡᠭᠡᠷ᠎ᠡ ᠱᠠᠲᠤᠨ ᠳᠤ ᠲᠤᠰᠢᠶᠠᠨ ᠰᠢᠶᠳᠪᠦᠷᠢᠯᠡᠭᠦᠯᠦᠭᠰᠡᠨ᠂ ᠰᠠᠨᠠᠭᠠᠴᠢᠯᠠᠭ᠎ᠠ ᠠᠴᠠ ᠪᠠᠨ ᠲᠤᠰᠢᠶᠠᠭᠰᠠᠨ ᠵᠡᠷᠭᠡ ᠤᠢ ᠰᠢᠭᠤᠶ ᠶᠢᠨ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠠᠴᠠ ᠵᠦᠷᠢᠴᠡᠭᠰᠡᠨ ᠬᠠᠦᠯᠢ ᠪᠤᠰᠤ ᠦᠢᠯᠡ ᠠᠵᠢᠯᠯᠠᠭ᠎ᠠ ᠶᠢ ᠬᠦᠯᠢᠶᠠᠨ ᠠᠪᠤᠭᠰᠠᠨ ᠪᠠᠶᠢᠪᠠᠯ᠂ ᠬᠢᠨᠠᠨ ᠪᠠᠶᠢᠴᠠᠭᠠᠵᠦ᠂ ᠬᠡᠷᠡᠭ ᠪᠣᠯᠭᠠᠨ ᠳᠠᠩᠰᠠᠯᠠᠬᠤ ᠡᠰᠡᠬᠦ ᠪᠠᠨ ᠲᠤᠭᠳᠠᠭᠠᠨ᠎ᠠ᠃  2.  ᠪᠠᠶᠢᠴᠠᠭᠠᠬᠤ ᠬᠠᠷᠢᠭᠤᠴᠠᠯᠭ᠎ᠠ᠄ ᠬᠡᠷᠡᠭ ᠪᠣᠯᠭᠠᠨ ᠳᠠᠩᠰᠠᠯᠠᠬᠤ ᠬᠡᠷᠡᠭ ᠢ ᠲᠤᠰᠬᠠᠶ ᠬᠥᠮᠦᠨ ᠢᠶᠠᠷ ᠬᠠᠷᠢᠭᠤᠴᠠᠭᠤᠯᠵᠦ᠂ ᠴᠠᠭ ᠲᠤᠬᠠᠶ ᠳᠤᠨᠢ ᠵᠣᠬᠢᠶᠠᠨ ᠪᠠᠶᠢᠭᠤᠯᠵᠦ ᠪᠠᠶᠢᠴᠠᠭᠠᠨ ᠭᠡᠷᠡᠴᠢ ᠠᠪᠴᠤ᠂ ᠪᠠᠶᠢᠴᠠᠭᠠᠯᠲᠠ ᠬᠢᠬᠦ ᠳᠡᠭᠡᠨ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠭᠠᠷᠭᠠᠵᠤ ᠦᠵᠡᠬᠦᠯᠦᠨ᠂ ᠲᠤᠬᠠᠶ ᠶᠢᠨ ᠬᠥᠮᠦᠨ ᠤ ᠵᠦᠪᠳᠡᠭᠡᠨ ᠲᠣᠭᠠᠴᠢᠯᠲᠠ ᠶᠢ ᠰᠣᠨᠣᠰᠬᠤ ᠪᠥᠭᠡᠳ ᠲᠡᠮᠳᠡᠭᠯᠡᠯ ᠬᠢᠨ᠎ᠡ᠃ ᠬᠠᠤᠯᠢ ᠬᠡᠷᠡᠭᠵᠢᠭᠦᠯᠬᠦ ᠠᠵᠢᠯᠲᠠᠨ ᠬᠤᠯᠪᠣᠭᠳᠠᠯ ᠪᠦᠬᠦᠢ ᠨᠢᠭᠤᠴᠠ ᠶᠢ ᠬᠠᠮᠠᠭᠠᠯᠠᠨ᠎ᠠ᠃ 3. ᠬᠢᠨᠠᠨ ᠪᠠᠶᠢᠴᠠᠭᠠᠬᠤ ᠬᠠᠷᠢᠭᠤᠴᠠᠯᠭ᠎ᠠ᠄ ᠬᠡᠷᠡᠭ ᠤᠨ ᠬᠠᠤᠯᠢ ᠠᠴᠠ ᠵᠥᠷᠢᠴᠡᠭᠰᠡᠨ ᠪᠣᠳᠠᠲᠤ ᠪᠠᠶᠢᠳᠠᠯ᠂ ᠭᠡᠷᠡᠴᠢ ᠪᠠᠷᠢᠮᠲᠠ᠂ ᠪᠠᠶᠢᠴᠠᠭᠠᠯᠲᠠ ᠬᠢᠵᠦ ᠭᠡᠷᠡᠴᠢ ᠠᠪᠬᠤ ᠵᠢᠷᠤᠮ᠂ ᠬᠠᠤᠯᠢ ᠴᠠᠭᠠᠵᠠ ᠶᠢᠨ ᠲᠤᠬᠢᠷᠠᠯᠲᠠ᠂ ᠰᠢᠳᠭᠡᠯ ᠤᠨ ᠲᠥᠷᠥᠯ ᠵᠦᠢᠯ ᠪᠤᠯᠤᠨ ᠦᠷᠭᠡᠴᠡ᠂ ᠲᠤᠬᠠᠶ ᠶᠢᠨ ᠬᠥᠮᠦᠨ ᠤ ᠲᠣᠭᠠᠴᠢᠯᠲᠠ ᠬᠢᠬᠦ ᠪᠠ ᠵᠥᠪᠲᠦᠭᠡᠨ ᠲᠣᠳᠣᠷᠬᠠᠶᠢᠯᠠᠬᠤ ᠤᠴᠢᠷ ᠰᠢᠯᠲᠠᠭᠠᠨ ᠵᠡᠷᠭᠡ ᠲᠠᠯ᠎ᠠ ᠶᠢ ᠬᠢᠨᠠᠨ ᠪᠠᠶᠢᠴᠠᠭᠠᠵᠤ᠂ ᠰᠢᠶᠳᠪᠦᠷᠢᠯᠡᠬᠦ ᠰᠠᠨᠠᠯ ᠢᠶᠠᠨ ᠲᠤᠷᠠᠳᠤᠨ᠎ᠠ᠃ 4. ᠮᠡᠳᠡᠭᠳᠡᠬᠦ ᠬᠠᠷᠢᠭᠤᠴᠠᠯᠭ᠎ᠠ᠄ ᠵᠠᠰᠠᠭ ᠵᠠᠬᠢᠷᠭᠠᠨ ᠤ ᠰᠢᠳᠬᠡᠯ ᠥᠭᠬᠦ ᠲᠣᠭᠲᠠᠭᠠᠯ ᠭᠠᠷᠭᠠᠬᠤ ᠠᠴᠠ ᠡᠮᠦᠨ᠎ᠡ᠂ ᠲᠤᠬᠠᠶ ᠶᠢᠨ ᠬᠥᠮᠦᠨ ᠳᠤ ᠬᠠᠤᠯᠢ ᠶᠢ ᠵᠥᠷᠢᠴᠡᠭᠰᠡᠨ ᠪᠣᠳᠠᠲᠤ ᠬᠡᠷᠡᠭ᠂ ᠤᠴᠢᠷ ᠰᠢᠯᠲᠠᠭᠠᠨ ᠪᠠ ᠦᠨᠳᠦᠰᠦ ᠪᠠᠷᠢᠮᠲᠠ ᠵᠢᠴᠢ ᠲᠣᠭᠠᠴᠢᠯᠲᠠ ᠬᠢᠬᠦ ᠡᠷᠬᠡ ᠪᠠ ᠵᠥᠪᠲᠦᠭᠡᠨ ᠲᠣᠳᠣᠷᠬᠠᠶᠢᠯᠠᠬᠤ ᠡᠷᠬᠡ ᠶᠢ ᠪᠢᠴᠢᠭ ᠢᠶᠠᠷ ᠮᠡᠳᠡᠭᠳᠡᠨ᠎ᠡ᠃ ᠰᠠᠨᠠᠯ ᠰᠣᠨᠣᠰᠬᠤ ᠨᠥᠬᠦᠴᠡᠯ ᠳᠤ ᠨᠡᠶᠢᠴᠡᠭᠰᠡᠳ ᠲᠤ ᠲᠡᠭᠦᠨ ᠤ ᠡᠳ᠋ᠯᠡᠬᠦ ᠬᠡᠷᠡᠴᠢᠯᠡᠭᠡ ᠰᠤᠨᠤᠰᠬᠤ ᠡᠷᠬᠡ ᠶᠢ ᠮᠡᠳᠡᠭᠳᠡᠬᠦ ᠬᠡᠷᠡᠭᠳᠡᠢ᠂ ᠭᠡᠷᠡᠴᠢᠯᠡᠭᠡ ᠰᠣᠨᠣᠰᠬᠤ ᠪᠠᠷ ᠱᠠᠭᠠᠷᠳᠠᠭᠰᠠᠳ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠵᠤ ᠭᠡᠷᠡᠴᠢᠯᠡᠭᠡ ᠰᠤᠨᠤᠰᠤᠭᠤᠯᠬᠤ ᠬᠡᠷᠡᠭᠲᠡᠶ᠃ 5. ᠰᠢᠶᠳᠪᠦᠷᠢᠲᠦ ᠪᠤᠳᠤᠯᠭ᠎ᠠ ᠲᠣᠭᠲᠠᠭᠠᠬᠤ ᠬᠠᠷᠢᠭᠤᠴᠠᠯᠭ᠎ᠠ᠄ ᠴᠢᠬᠤᠯᠠ ᠶᠡᠭᠡ ᠵᠠᠰᠠᠭ ᠵᠠᠬᠢᠷᠭᠠᠨ ᠤ ᠰᠢᠳᠬᠡᠯ ᠥᠭᠭᠦᠭᠰᠡᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠲᠤ ᠪᠠᠷ ᠶᠠᠷᠢᠯᠴᠠᠵᠤ᠂ ᠰᠢᠳᠬᠡᠨ ᠲᠣᠷᠭᠠᠬᠤ ᠪᠣᠳᠠᠲᠠᠶ ᠠᠭᠤᠯᠭ᠎ᠠ ᠶᠢ ᠲᠤᠭᠳᠠᠭᠠᠨ᠎ᠠ᠃ 6. ᠬᠠᠷᠢᠭᠤᠴᠠᠯᠭ᠎ᠠ ᠲᠣᠭᠲᠠᠭᠠᠨ᠎ᠠ᠄ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠤᠨ ᠪᠢᠴᠢᠭ ᠢ ᠵᠤᠬᠢᠶᠠᠵᠦ᠂ ᠵᠠᠰᠠᠭ ᠵᠠᠬᠢᠷᠭᠠᠨ ᠤ ᠰᠢᠳᠬᠡᠯ ᠤᠨ ᠮᠡᠳᠡᠭᠳᠡᠯ ᠂ ᠲᠤᠬᠠᠶ ᠶᠢᠨ ᠬᠥᠮᠦᠨ ᠤ ᠲᠣᠭᠠᠴᠢᠭᠰᠠᠨ ᠵᠥᠪᠲᠦᠭᠡᠨ ᠲᠤᠳᠤᠷᠬᠠᠶᠢᠯᠠᠯ ᠪᠤᠶᠤ ᠭᠡᠷᠡᠴᠢᠯᠡᠭᠡ ᠰᠤᠨᠤᠰᠤᠭᠰᠠᠨ ᠪᠠᠶᠢᠳᠠᠯ ᠵᠡᠷᠭᠡ ᠠᠭᠤᠯᠭ᠎ᠠ ᠶᠢ ᠲᠣᠳᠣᠷᠬᠠᠶ  ᠲᠡᠮᠳᠡᠭᠯᠡᠨ᠎ᠡ  ᠃ 7. ᠬᠦᠷᠭᠡᠬᠦ ᠬᠠᠷᠢᠭᠤᠴᠠᠯᠭ᠎ᠠ᠄ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠤᠨ ᠪᠢᠴᠢᠭ ᠢ ᠬᠠᠤᠯᠢ ᠴᠠᠭᠠᠵᠠ ᠳᠤ ᠲᠣᠭᠲᠠᠭᠠᠭᠰᠠᠨ ᠠᠷᠭ᠎ᠠ ᠮᠠᠶ᠋ᠢᠭ ᠢᠶᠠᠷ ᠲᠤᠬᠠᠶ ᠶᠢᠨ ᠬᠥᠮᠦᠨ ᠳᠤ ᠬᠦᠷᠭᠡᠨ᠎ᠡ᠃ 8. ᠭᠦᠢᠴᠡᠳᠬᠡᠬᠦ ᠬᠠᠷᠢᠭᠤᠴᠠᠯᠭ᠎ᠠ᠄ ᠬᠦᠴᠦᠨ ᠲᠠᠢ ᠪᠣᠯᠤᠭᠰᠠᠨ ᠵᠠᠰᠠᠭ ᠵᠠᠬᠢᠷᠭᠠᠨ ᠤ ᠰᠢᠳᠬᠡᠯ ᠥᠭᠬᠦ ᠲᠣᠭᠲᠠᠭᠠᠯ ᠤᠨ ᠶᠣᠰᠣᠭᠠᠷ᠂ ᠵᠠᠷᠯᠢᠭᠳᠠᠵᠤ ᠪᠠᠶᠢᠭᠠᠳ ᠵᠠᠯᠠᠷᠠᠭᠤᠯᠬᠤ ᠶᠢ ᠬᠦᠢᠴᠡᠳᠬᠡᠵᠦ᠂ ᠬᠠᠤᠯᠢ ᠠᠴᠠ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠬᠤ᠂ ᠵᠣᠭᠤᠰ ᠢᠶᠠᠷ ᠲᠣᠷᠭᠠᠬᠤ ᠵᠡᠷᠭᠡ ᠰᠢᠳᠬᠡᠯ ᠥᠭᠬᠦ ᠵᠦᠢᠯᠡᠰ ᠢ ᠲᠤᠳᠤᠷᠬᠠᠶᠢᠯᠠᠭᠰᠠᠨ ᠪᠠᠶᠢᠬᠤ ᠬᠡᠷᠡᠭᠳᠡᠢ᠃ 9. ᠪᠤᠰᠤᠳ ᠬᠠᠤᠯᠢ ᠴᠠᠭᠠᠵᠠ ᠬᠠᠤᠯᠢ ᠲᠣᠭᠲᠠᠭᠠᠯ ᠲᠥᠷᠢᠮ ᠲᠣᠭᠲᠠᠭᠠᠯ ᠤᠨ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ᠃      ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠪᠠ ᠬᠠᠷᠢᠭᠤᠴᠠᠯᠭ᠎ᠠ ᠨᠡᠬᠡᠮᠵᠢᠯᠡᠬᠦ ᠦᠨᠳᠦᠰᠦᠯᠡᠯ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠤᠷᠭᠤᠮᠠᠯ ᠢ ᠬᠠᠮᠠᠭᠠᠯᠠᠬᠤ ᠬᠠᠤᠯᠢ︾ ᠶᠢᠨ ᠬᠤᠷᠢ ᠶᠢᠰᠦᠳᠦᠭᠡᠷ ᠵᠤᠷᠪᠤᠰ  ᠬᠡᠭᠡᠷ᠎ᠡ ᠶᠢᠨ ᠤᠷᠭᠤᠮᠠᠯ ᠢ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠠᠵᠢᠯᠳᠡᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠬᠤ᠂ ᠬᠤᠪᠢ ᠶᠢᠨ ᠨᠠᠶᠢᠷ ᠢᠶᠠᠷ ᠬᠠᠤᠯᠢ ᠶᠢ ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠠ︔ ᠬᠠᠷᠠᠬᠠᠨ ᠶᠠᠯ᠎ᠠ ᠪᠣᠯᠵᠥ ᠪᠦᠷᠢᠯᠳᠦᠭᠰᠡᠨ ᠥᠭᠡᠢ ᠪᠠᠶᠢᠪᠠᠯ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠃      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ︾ ᠶᠢᠨ ᠳᠥᠴᠢᠨ ᠵᠢᠷᠭᠤᠳᠤᠭᠠᠷ ᠵᠤᠷᠪᠤᠰ    ᠤᠢ ᠰᠢᠭᠤᠶ ᠶᠢᠨ ᠡᠬᠢ ᠪᠠᠶᠠᠯᠢᠭ ᠢ ᠬᠠᠮᠠᠭᠠᠯᠠᠬᠤ᠂ ᠤᠢ ᠰᠢᠭᠤᠶ ᠶᠢ ᠬᠢᠨᠠᠨ ᠬᠠᠮᠢᠶᠠᠷᠬᠤ ᠠᠵᠢᠯ ᠬᠢᠵᠦ ᠪᠠᠶᠢᠭ᠎ᠠ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠠᠵᠢᠯᠳᠡᠠ ᠪᠣᠯᠤᠨ ᠲᠦᠷᠦ  ᠶᠢᠨ ᠪᠠᠶᠢᠭᠤᠯᠭ᠎ᠠ ᠶᠢᠨ ᠪᠤᠰᠤᠳ ᠬᠤᠯᠪᠣᠭᠳᠠᠯ ᠪᠦᠬᠦᠢ ᠠᠵᠢᠯᠳᠡᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠬᠦ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠬᠤ᠂ ᠬᠤᠪᠢ ᠶᠢᠨ ᠨᠠᠶᠢᠷ ᠢᠶᠠᠷ ᠬᠠᠤᠯᠢ ᠶᠢ ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣ ᠪᠠᠷ ᠡᠷᠡᠭᠦᠦ ᠶᠢᠨ ᠬᠠᠷᠢᠭᠤᠴᠠᠯᠭ᠎ᠠ  ᠨᠡᠬᠡᠮᠵᠢᠯᠡᠨ᠎ᠠ︔ ᠬᠠᠷᠠᠬᠠᠨ ᠶᠠᠯ᠎ᠠ ᠪᠣᠯᠵᠥ ᠪᠦᠷᠢᠯᠳᠦᠭᠰᠡᠨ ᠥᠭᠡᠢ ᠪᠠᠶᠢᠪᠠᠯ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠶ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号