ᠵᠡᠭᠡᠷᠭᠡᠨ᠎ᠡ
ᠨᠡᠶᠢᠲᠡᠯᠡᠭᠰᠡᠨ ᠴᠠᠭ᠄
2020/5/22
      ᠵᠡᠭᠡᠷᠭᠡᠨ᠎ᠡ      ᠡᠪᠡᠰᠦᠯᠢᠭ ᠬᠡᠯᠪᠡᠷᠢ ᠶᠢᠨ ᠪᠤᠲᠠ ᠮᠤᠳᠤ ᠪᠤᠶᠤ ᠭᠠᠩᠰᠠᠭ ᠤᠷᠭᠤᠮᠠᠯ᠃ ᠲᠤᠪᠤ ᠲᠤᠪᠤᠷᠴᠠᠭ᠂ ᠬᠦᠲᠦᠯ ᠭᠠᠵᠠᠷ᠂ ᠲᠤᠭᠳᠠᠪᠤᠷᠢᠵᠢᠭᠰᠠᠨ ᠡᠯᠡᠰᠦᠷᠭᠡᠭ ᠭᠠᠵᠠᠷ᠂ ᠲᠠᠯ᠎ᠠ ᠭᠠᠵᠠᠷ ᠢᠶᠠᠷ ᠤᠷᠭᠤᠵᠤ᠂ ᠬᠠᠶᠢᠷᠬᠠᠭ ᠪᠠ ᠡᠯᠡᠰᠦᠷᠬᠡᠭ ᠲᠠᠯ᠎ᠠ ᠨᠤᠳᠤᠭ ᠤᠨ ᠲᠠᠭᠠᠯᠳᠤᠬᠤ ᠲᠦᠷᠰᠦ ᠪᠠᠶᠢᠵᠤ᠂ ᠬᠡᠰᠡᠭ ᠭᠠᠵᠠᠷ ᠢᠶᠠᠷ ᠪᠦᠯᠦᠭᠯᠡᠯ ᠪᠤᠯᠤᠨ ᠪᠦᠷᠢᠯᠳᠦᠳᠡᠭ᠃ ᠮᠠᠨ ᠤ ᠤᠷᠤᠨ ᠤ ᠶᠡᠭᠡ ᠬᠢᠩᠭᠠᠨ ᠳᠠᠪᠠᠭᠠᠨ ᠤ ᠬᠤᠶᠢᠲᠤ ᠬᠡᠰᠡᠭ᠂ ᠳᠠᠪᠠᠭᠠᠨ ᠤ ᠵᠡᠬᠦᠨ ᠲᠤᠭᠤᠷᠢᠭ᠂ ᠳᠠᠪᠠᠭᠠᠨ ᠤ ᠪᠠᠷᠠᠭᠤᠨ ᠲᠤᠭᠤᠷᠢᠭ᠂ ᠬᠦᠯᠦᠨ ᠪᠤᠶᠢᠷ— ᠰᠢᠯᠢ ᠶᠢᠨ ᠭᠤᠤᠯ ᠤᠨ ᠦᠨᠳᠦᠷᠯᠢᠭ᠂ ᠤᠯᠠᠭᠠᠨᠴᠠᠪ ᠲᠤᠭᠤᠷᠢᠭ᠂ ᠤᠷᠳᠤᠰ ᠲᠤᠭᠤᠷᠢᠭ ᠢᠶᠠᠷ ᠤᠷᠭᠤᠯᠳᠠ ᠲᠠᠢ᠃ ᠮᠠᠨ ᠤ ᠤᠯᠤᠰ ᠤᠨ ᠵᠡᠬᠦᠨ ᠬᠤᠶᠢᠲᠤ ᠤᠷᠤᠨ᠂ ᠤᠮᠠᠷᠠᠲᠤ ᠤᠷᠤᠨ᠂ ᠲᠤᠮᠳᠠᠳᠤ ᠤᠷᠤᠨ᠂ ᠪᠠᠷᠠᠭᠤᠨ ᠬᠤᠶᠢᠲᠤ ᠤᠷᠤᠨ ᠢᠶᠠᠷ ᠳᠠᠷᠬᠠᠨ᠂ ᠮᠤᠩᠭᠤᠯ ᠤᠯᠤᠰ ᠲᠤ ᠪᠠᠰᠠ ᠤᠷᠭᠤᠳᠠᠭ᠃ ᠲᠡᠵᠢᠭᠡᠯ ᠤᠨ ᠦᠷᠳᠡᠭ ᠨᠢ ᠨᠡᠯᠢᠶᠠᠳ ᠦᠨᠳᠦᠷ ᠲᠤᠯᠠ᠂ ᠡᠪᠤᠯ ᠤᠨ ᠤᠯᠠᠷᠢᠯ ᠳᠤ ᠢᠮᠠᠭ᠎ᠠ ᠲᠡᠮᠡᠭᠡ ᠲᠡᠬᠦᠨ ᠤ ᠬᠠᠳᠠᠭᠰᠠᠨ ᠡᠪᠡᠰᠦ ᠶᠢ ᠨᠢ ᠢᠳᠡᠬᠦ ᠲᠤᠷᠠᠳᠠᠢ ᠪᠠᠶᠢᠳᠠᠭ᠃ ᠡᠰᠢ ᠨᠢ ᠡᠮ ᠳᠤ ᠤᠷᠤᠵᠤ᠂ ᠭᠤᠤᠯᠳᠠᠭᠤ ᠬᠢᠮᠤᠷᠠᠭ᠎ᠠ ᠲᠠᠭᠰᠢᠭᠤᠷ᠂ ᠰᠠᠯᠪᠤᠷᠢ ᠮᠦᠭᠡᠷᠡᠰᠦᠨ ᠬᠤᠭᠤᠯᠠᠢ ᠶᠢᠨ ᠦᠷᠪᠢᠰᠦᠯ ᠢ ᠵᠠᠰᠠᠵᠤ᠂ ᠦᠨᠳᠦᠰᠦ ᠨᠢ ᠭᠤᠤᠯᠳᠠᠭᠤ ᠬᠦᠯᠦᠷᠡᠬᠦ ᠪᠠ ᠬᠦᠢᠲᠡᠨ ᠬᠦᠯᠦᠰᠦ ᠭᠠᠷᠬᠤ ᠶᠢ ᠵᠠᠰᠠᠨ᠎ᠠ᠃ ᠡᠰᠢ ᠨᠢ ᠪᠠᠰᠠ ᠮᠤᠩᠭᠤᠯ ᠡᠮ ᠳᠤ ᠤᠷᠤᠵᠤ᠂ ᠭᠤᠤᠯᠳᠠᠭᠤ ᠰᠢᠷᠠᠯᠠᠬᠤ ᠴᠢᠨᠠᠷᠳᠠᠢ ᠡᠯᠢᠭᠡᠨ ᠦᠷᠪᠢᠰᠦᠯ ᠢ ᠵᠠᠰᠠᠨ᠎ᠠ᠃
 
ᠢᠷᠡᠯᠲᠡ᠄ ᠦᠪᠦᠷ ᠮᠤᠩᠭᠤᠯ ᠤᠨ ᠬᠡᠭᠡᠷ᠎ᠡ ᠶᠢᠨ ᠤᠷᠭᠤᠮᠠᠯ ᠤᠨ ᠵᠢᠷᠤᠭᠲᠤ ᠲᠤᠯᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号