ᠭᠠᠷ ᠤᠲᠠᠰᠤ ᠪᠠᠷ ᠡᠮ ᠤᠨ ᠦᠯᠡᠳᠡᠭᠳᠡᠯ ᠢ ᠰᠢᠯᠭᠠᠵᠤ ᠲᠡᠶᠢᠯᠦᠨ᠎ᠡ ᠤᠤ⁈
ᠨᠡᠶᠢᠲᠡᠯᠡᠭᠰᠡᠨ ᠴᠠᠭ᠄
2020/7/30
     ᠢᠳᠡᠵᠦ ᠤᠤᠭᠤᠵᠤ ᠪᠤᠢ ᠨᠤᠭᠤᠭ᠎ᠠ᠂ ᠵᠢᠮᠢᠰ᠂ ᠴᠠᠢ ᠵᠡᠷᠭᠡ ᠲᠠᠷᠢᠶᠠᠯᠠᠩ ᠤᠨ ᠪᠦᠲᠦᠭᠡᠭᠳᠡᠭᠦᠨ ᠳᠤ ᠲᠠᠷᠢᠶᠠᠨ ᠡᠮ ᠤᠨ ᠦᠯᠡᠳᠡᠭᠳᠡᠯ ᠪᠠᠶᠢᠬᠤ ᠡᠰᠡᠬᠦ ᠶᠢ ᠬᠦᠮᠦᠰ ᠤᠯᠠᠮ ᠠᠴᠠ ᠤᠯᠠᠮ ᠠᠩᠬᠠᠷᠳᠠᠭ ᠪᠤᠯᠵᠠᠢ᠃ ᠠᠷᠭ᠎ᠠ ᠴᠦ ᠦᠭᠡᠢ ᠪᠠᠶᠢᠯᠭᠦᠢ᠂ ᠡᠨᠡ ᠨᠢ ᠮᠦᠨ ᠢᠳᠡᠭᠡᠨ ᠤ ᠠᠮᠤᠷ ᠲᠦᠪᠰᠢᠨ ᠤ ᠲᠠᠯ᠎ᠠ ᠪᠠᠷ ᠢᠲᠡᠭᠡᠯ ᠰᠤᠯᠠᠷᠠᠭᠰᠠᠨ ᠬᠦᠮᠦᠰ ᠤᠨ ᠨᠡᠶᠢᠲᠡᠯᠢᠭ ᠰᠡᠳᠬᠢᠬᠦᠢ ᠪᠦᠭᠡᠳ ᠠᠮᠢᠳᠤᠷᠠᠯ ᠤᠨ ᠲᠦᠪᠰᠢᠨ ᠳᠡᠭᠡᠭᠰᠢᠯᠡᠭᠰᠡᠨ ᠲᠠᠢ ᠴᠦ ᠰᠢᠭᠤᠳ ᠬᠤᠯᠪᠤᠭ᠎ᠠ ᠲᠠᠢ ᠶᠤᠮ᠃ ᠭᠡᠪᠡᠴᠦ ᠬᠡᠷᠡᠭᠯᠡᠭᠴᠢᠳ ᠠᠪᠤᠨ ᠳᠤᠤᠷ᠎ᠠ ᠨᠢ ᠰᠢᠯᠭᠠᠴᠢᠬᠠᠬᠤ ᠠᠷᠭ᠎ᠠ ᠤᠯᠳᠠᠬᠤ ᠦᠭᠡᠢ ᠳᠡᠭᠡᠨ ᠤᠳᠤᠬᠠᠨ ᠳᠤ ᠵᠦᠪᠬᠡᠨ ︽ᠤᠷᠭᠠᠨᠢᠭ︾ ᠪᠤᠶᠤ ︽ᠬᠦᠳᠡᠭᠡ ᠶᠢᠨ︾ ᠭᠡᠬᠦ ᠪᠠᠯᠠᠷᠬᠠᠢ ᠤᠬᠠᠭᠲᠠᠬᠤᠨ ᠢᠶᠠᠷ ᠰᠡᠳᠬᠢᠯ ᠢᠶᠠᠨ ᠠᠷᠭᠠᠳᠠᠳᠠᠭ ᠨᠢ ᠤᠯᠠᠨ᠃      ᠬᠠᠷᠢᠨ ᠤᠳᠠᠯ ᠦᠭᠡᠢ᠂ ᠭᠡᠷ ᠲᠡᠭᠡᠨ ᠵᠢᠮᠢᠰ ᠨᠣᠭᠤᠭ᠎ᠠ ᠴᠠᠢ ᠶᠢᠨ ᠲᠠᠷᠢᠶᠠᠨ ᠡᠮ ᠤᠨ ᠦᠯᠡᠳᠡᠭᠳᠡᠯ ᠢ ᠥᠪᠡᠷᠰᠡᠳ ᠢᠶᠠᠨ ᠪᠠᠶᠢᠴᠠᠭᠠᠬᠤ ᠬᠦᠰᠡᠯ ᠴᠢᠨᠢ ᠪᠡᠶᠡᠯᠡᠭᠳᠡᠨ᠎ᠡ ᠭᠡᠳᠡᠭ ᠢ ᠤᠷᠴᠢᠮ ᠤᠨ ᠡᠳᠦᠷ ᠤᠨ ᠮᠡᠳᠡᠭᠡᠯᠡᠯ ᠢᠶᠠᠷ ᠨᠡᠶᠢᠲᠡᠯᠡᠭᠰᠡᠨ ᠪᠠᠶᠢᠯ᠎ᠠ᠃ 6 ᠰᠠᠷ᠎ᠠ ᠶᠢᠨ 8 ᠤ ᠡᠳᠦᠷ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠶᠠᠯᠠᠩ ᠤᠨ ᠶᠠᠰᠤ ᠴᠢᠨᠠᠷ ᠤᠨ ᠪᠠᠷᠢᠮᠵᠢᠶ᠎ᠠ ᠬᠢᠭᠡᠳ ᠰᠢᠯᠭᠠᠨ ᠪᠠᠶᠢᠴᠠᠭᠠᠬᠤ ᠮᠡᠷᠭᠡᠵᠢᠯ ᠤᠨ ᠰᠤᠳᠤᠯᠭᠠᠨ ᠤ ᠭᠠᠵᠠᠷ ᠤᠨ ᠸᠠᠩ ᠵᠢᠩ ᠤᠨ ᠤᠳᠤᠷᠢᠳᠤᠭᠰᠠᠨ ᠪᠦᠯᠬᠦᠮ ᠣᠯᠠᠨ ᠵᠢᠯ ᠤᠨ ᠰᠤᠳᠤᠯᠭᠠᠨ ᠢᠶᠠᠷ ᠳᠠᠮᠵᠢᠨ ᠲᠠᠷᠢᠶᠠᠯᠠᠩ ᠤᠨ ᠪᠣᠬᠢᠷᠲᠤᠯ ᠪᠣᠳᠠᠰ ᠢ ᠲᠦᠷᠭᠡᠨ ᠪᠠᠶᠢᠴᠠᠭᠠᠨ ᠬᠡᠮᠵᠢᠬᠦ ᠮᠡᠷᠭᠡᠵᠢᠯ ᠤᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠤᠯᠤᠭᠰᠠᠨ ᠭᠡᠵᠡᠢ᠃ ᠵᠢᠷᠭᠢᠶ᠎ᠡ ᠶᠢᠨ ᠵᠢᠵᠢᠭ ᠫᠷᠤᠭ᠍ᠷᠠᠮ ᠢᠶᠠᠷ ᠰᠡᠭᠦᠳᠡᠷᠯᠡᠵᠦ᠂ 5 ᠮᠢᠨᠦ᠋ᠲ ᠲᠤ ᠨᠤᠭᠤᠭ᠎ᠠ ᠵᠢᠮᠢᠰ ᠲᠤ ᠨᠠᠭᠠᠯᠳᠤᠭᠰᠠᠨ ᠣᠯᠠᠨ ᠵᠦᠢᠯ ᠤᠨ ᠬᠢᠮᠢ ᠶᠢᠨ ᠡᠮ ᠤᠨ ᠦᠯᠡᠳᠡᠭᠳᠡᠯ ᠢ ᠪᠠᠶᠢᠴᠠᠭᠠᠨ ᠰᠢᠯᠭᠠᠵᠤ᠂ ᠦᠷ᠎ᠡ ᠳ᠋ᠦᠩ ᠢ ᠰᠢᠭᠤᠳ ᠭᠠᠷ ᠤᠲᠠᠰᠤᠨ ᠳᠡᠭᠡᠷ᠎ᠡ ᠢᠯᠡᠷᠡᠭᠦᠯᠦᠨ᠎ᠡ᠃      ᠶᠡᠷᠦ ᠳᠡᠭᠡᠨ ᠲᠠᠷᠢᠶᠠᠨ ᠡᠮ ᠤᠨ ᠦᠯᠡᠳᠡᠭᠳᠡᠯ ᠢ ᠪᠠᠶᠢᠴᠠᠭᠠᠨ ᠬᠡᠮᠵᠢᠬᠦ ᠶᠢ ᠲᠤᠰᠬᠠᠶ ᠮᠡᠷᠭᠡᠵᠢᠯ ᠤᠨ ᠠᠵᠢᠯᠲᠠᠨ ᠲᠤᠷᠰᠢᠯᠲᠠ ᠶᠢᠨ ᠳᠠᠰᠤᠭ ᠲᠤ ᠭᠦᠢᠴᠡᠳᠬᠡᠳᠡᠭ ᠪᠠᠶᠢᠭᠰᠠᠨ ᠶᠤᠮ᠃ ᠪᠠᠶᠢᠴᠠᠭᠠᠨ ᠰᠢᠯᠭᠠᠬᠤ ᠲᠥᠬᠦᠭᠡᠷᠦᠮᠵᠢ ᠮᠠᠰᠢ ᠦᠨᠡᠲᠡᠢ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠴᠦ ᠬᠡᠲᠦᠨ ᠡᠳᠦᠷ ᠤᠨ ᠳᠠᠷᠠᠭ᠎ᠠ ᠰᠠᠶ᠋ᠢ ᠭᠠᠷᠳᠠᠭ ᠠᠴᠠ ᠵᠠᠬ᠎ᠠ ᠳᠡᠯᠭᠡᠭᠦᠷ ᠤᠨ ᠭᠦᠢᠯᠭᠡᠭᠡᠨ ᠳᠤ ᠤᠷᠤᠭᠰᠠᠨ ᠨᠤᠭᠤᠭ᠎ᠠ ᠵᠢᠮᠢᠰ ᠢ ᠲᠤᠬᠠᠢ ᠶᠢᠨ ᠲᠠᠯᠠᠪᠠᠢ ᠳᠤᠨᠢ ᠰᠢᠯᠭᠠᠨ ᠪᠠᠶᠢᠴᠠᠭᠠᠬᠤ ᠶᠢᠨ ᠠᠷᠭ᠎ᠠ ᠦᠭᠡᠢ ᠪᠠᠶᠢᠳᠠᠭ᠃ ᠰᠢᠨ᠎ᠡ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠢ ᠲᠡᠭᠦᠵᠦ ᠬᠤᠷᠢᠶᠠᠭᠰᠠᠨ ᠤ ᠲᠠᠷᠠᠭ᠎ᠠ᠂ ᠲᠠᠷᠢᠶᠠᠨ ᠡᠮ ᠤᠨ ᠦᠯᠡᠳᠡᠭᠳᠡᠯ ᠢ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠬᠦᠯᠢᠶᠡᠵᠦ ᠵᠠᠬ᠎ᠠ ᠳᠡᠯᠭᠡᠭᠦᠷ ᠲᠤ ᠭᠠᠷᠭᠠᠬᠤ ᠭᠡᠳᠡᠭ ᠪᠤᠯᠤᠮᠵᠢ ᠦᠭᠡᠢ ᠤᠴᠢᠷ ᠶᠤᠮ᠃ ᠤᠴᠢᠷ ᠨᠢ ᠬᠦᠮᠦᠰ ᠨᠤᠭᠤᠭ᠎ᠠ ᠵᠢᠮᠢᠰ ᠤᠨ ᠰᠢᠨ᠎ᠡ ᠰᠤᠷᠭᠤᠭ ᠢ ᠪᠠᠲᠤᠯᠠᠬᠤ ᠶᠢᠨ ᠲᠦᠯᠦᠭᠡ ᠬᠡᠲᠦᠨ ᠡᠳᠦᠷ ᠢᠶᠠᠷ ᠬᠦᠯᠢᠶᠡᠬᠦ ᠶᠢᠨ ᠠᠷᠭ᠎ᠠ ᠦᠭᠡᠢ᠃ ᠰᠢᠯᠭᠠᠨ ᠪᠠᠶᠢᠴᠠᠭᠠᠭᠰᠠᠨ ᠦᠷ᠎ᠡ ᠳ᠋ᠦᠩ ᠭᠠᠷᠴᠦ ᠢᠷᠡᠲᠡᠯ᠎ᠡ ᠨᠦᠭᠦᠭᠡᠳᠡᠬᠢ ᠨᠤᠭᠤᠭ᠎ᠠ ᠵᠢᠮᠢᠰ ᠨᠢ ᠠᠯᠢ ᠬᠡᠳᠦ᠋ᠢᠨ ᠬᠡᠳᠡᠰᠦᠨ ᠳᠤ ᠤᠷᠤᠴᠢᠬᠠᠭᠰᠠᠨ ᠪᠠᠶᠢᠳᠠᠯ ᠨᠢ ᠳᠡᠶᠢᠯᠦᠩᠬᠢ ᠪᠢᠯᠡ᠃      ᠡᠶᠢᠮᠦ ᠠᠴᠠ ᠤᠬᠤᠷᠬᠠᠨ ᠬᠤᠭᠤᠴᠠᠭᠠᠨ ᠳᠤ ᠲᠠᠷᠢᠶᠠᠨ ᠡᠮ ᠤᠨ ᠦᠯᠡᠳᠡᠭᠳᠡᠯ ᠢ ᠰᠢᠯᠭᠠᠨ ᠪᠠᠶᠢᠴᠠᠭᠠᠬᠤ ᠮᠡᠷᠭᠡᠵᠢᠯ ᠢ ᠵᠠᠰᠠᠭ ᠤᠨ ᠤᠷᠳᠤᠨ ᠤ ᠬᠢᠨᠠᠨ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠡᠬᠢᠯᠡᠭᠡᠳ᠂ ᠡ᠊ᠩ ᠤᠨ ᠬᠡᠷᠡᠭᠯᠡᠭᠴᠢᠳ ᠵᠢᠴᠢ ᠦᠢᠯᠡᠳᠪᠦᠷᠢᠯᠡᠯ ᠤᠨ ᠰᠠᠭᠤᠷᠢᠨ ᠪᠠ ᠲᠤᠮᠤ ᠬᠡᠯᠪᠡᠷᠢ ᠶᠢᠨ ᠳᠠᠭᠠᠭᠤᠯᠤᠭᠴᠢ ᠠᠵᠤ ᠠᠬᠤᠶᠢᠯᠠᠯ ᠴᠦ ᠬᠦᠰᠡᠨ ᠬᠦᠯᠢᠶᠡᠵᠦ ᠪᠠᠶᠢᠭᠰᠠᠨ ᠶᠤᠮ᠃ ᠶᠠᠭ ᠡᠶᠢᠮᠦᠷᠬᠦᠦ ᠬᠡᠷᠡᠭᠯᠡᠯᠲᠡ ᠶᠢᠨ ᠱᠠᠭᠠᠷᠳᠠᠯᠭ᠎ᠠ ᠶᠢ ᠤᠭᠲᠤᠵᠤ᠂ ᠲᠠᠷᠢᠶᠠᠨ ᠡᠮ ᠤᠨ ᠦᠯᠡᠳᠡᠭᠳᠡᠯ ᠢ ᠲᠦᠷᠭᠡᠨ ᠪᠠᠶᠢᠴᠠᠭᠠᠨ ᠬᠡᠮᠵᠢᠬᠦ ᠮᠡᠷᠭᠡᠵᠢᠯ ᠨᠡᠭᠡᠭᠡᠭᠳᠡᠭᠰᠡᠨ ᠨᠢ ︽ᠴᠠᠭ ᠤᠨ ᠬᠤᠷ᠎ᠠ︾ ᠪᠤᠯᠵᠠᠢ᠃ ᠲᠡᠭᠡᠪᠡᠯ ᠡᠨᠡ ᠬᠦ ᠮᠡᠷᠭᠡᠵᠢᠯ ᠨᠢ ᠶᠠᠮᠠᠷ ᠪᠠᠶᠢᠳᠠᠭ ᠪᠤᠯ︖      ᠨᠢᠭᠡ ᠲᠤᠷᠰᠢᠯᠲᠠ ᠶᠢᠨ ᠴᠠᠭᠠᠰᠤᠨ ᠵᠦᠰᠦᠮ ᠪᠠ ᠴᠠᠭᠠᠰᠤᠨ ᠵᠦᠰᠦᠮ ᠢ ᠰᠤᠭᠰᠤᠷᠠᠨ ᠲᠠᠯᠪᠢᠬᠤ 6 — 8 ᠬᠤᠪᠢᠯᠲᠤ ᠵᠢᠵᠢᠭ ᠲᠠᠪᠠᠭ ᠢ ᠪᠠᠭᠲᠠᠭᠠᠭᠰᠠᠨ ᠬᠤᠶᠠᠷ ᠵᠢᠵᠢᠭᠬᠡᠨ ᠪᠠᠭᠠᠵᠢ ᠪᠤᠯ ᠲᠤᠰ ᠮᠡᠷᠭᠡᠵᠢᠯ ᠢ ᠠᠰᠢᠬᠯᠠᠨ ᠨᠤᠭᠤᠭ᠎ᠠ ᠵᠢᠮᠢᠰ ᠤᠨ ᠲᠠᠷᠢᠶᠠᠨ ᠡᠮ ᠤᠨ ᠦᠯᠡᠳᠡᠭᠳᠡᠯ ᠢ ᠰᠢᠯᠭᠠᠨ ᠪᠠᠶᠢᠴᠠᠭᠠᠬᠤ ᠭᠤᠤᠯ ᠬᠡᠷᠡᠭᠯᠡᠭᠦᠷ ᠶᠤᠮ᠃ ᠨᠤᠭᠤᠭ᠎ᠠ ᠵᠢᠮᠢᠰ ᠢ ᠲᠡᠪᠲᠦᠭᠡᠭᠰᠡᠨ ᠤᠰᠤ ᠪᠠᠨ ᠶᠠᠩᠵᠤ ᠪᠤᠳᠠᠰ ᠤᠨ ᠰᠠᠪᠠᠨ ᠲᠤᠳᠤᠷ᠎ᠠ ᠬᠡᠳᠦᠨ ᠳᠤᠰᠤᠯ ᠲᠤᠰᠤᠭᠠᠵᠤ᠂ ᠳᠠᠬᠢᠨ ᠲᠤᠷᠰᠢᠯᠲᠠ ᠶᠢᠨ ᠴᠠᠭᠠᠰᠤᠨ ᠵᠦᠰᠦᠮ ᠢᠶᠠᠨ ᠲᠡᠭᠦᠨ ᠳᠤᠲᠤᠷ᠎ᠠ ᠬᠢᠵᠤ 5 ᠮᠢᠨᠦ᠋ᠲ ᠬᠦᠯᠢᠶᠡᠨ᠎ᠡ᠃ ᠡᠨᠡ ᠦᠶ᠎ᠡ ᠳᠤ ᠲᠤᠷᠰᠢᠯᠲᠠ ᠶᠢᠨ ᠴᠠᠭᠠᠰᠤᠨ ᠵᠦᠰᠦᠮ ᠤᠨ ᠦᠩᠭᠡ ᠬᠤᠪᠢᠷᠠᠳᠠᠭ᠂ ᠦᠩᠭᠡ ᠬᠤᠪᠢᠷᠠᠭᠰᠠᠨ ᠴᠠᠭᠠᠰᠤᠨ ᠵᠦᠰᠦᠮ ᠢᠶᠠᠨ ᠵᠢᠵᠢᠭ ᠲᠠᠪᠠᠭ ᠤᠨ ᠬᠤᠪᠢᠯ ᠲᠤᠳᠤᠷ᠎ᠠ ᠰᠤᠭᠰᠤᠷᠠᠨ ᠲᠠᠯᠪᠢᠵᠤ᠂ ᠭᠠᠷ ᠤᠲᠠᠰᠤᠨ ᠤ ᠲᠤᠰᠬᠠᠢ ᠵᠢᠵᠢᠭ ᠫᠷᠤᠭ᠍ᠷᠠᠮ ᠢᠶᠠᠷ ᠰᠡᠭᠦᠳᠡᠷᠯᠡᠨ ᠳᠡᠪᠰᠢᠭᠦᠯᠪᠡᠯ᠂ ᠬᠠᠷᠠᠭᠠᠯᠵᠠᠭᠰᠠᠨ ᠲᠠᠷᠢᠶᠠᠨ ᠡᠮ ᠤᠨ ᠦᠯᠡᠳᠡᠭᠳᠡᠯ ᠤᠨ ᠪᠠᠷᠢᠮᠵᠢᠶ᠎ᠠ ᠠᠴᠠ ᠬᠡᠲᠦᠷᠡᠭᠰᠡᠨ ᠡᠰᠡᠬᠦ ᠶᠢ ᠭᠠᠷ ᠤᠲᠠᠰᠤᠨ ᠳᠡᠭᠡᠷ᠎ᠡ ᠢᠯᠡᠷᠡᠭᠦᠯᠦᠨ ᠭᠠᠷᠭᠠᠴᠢᠬᠠᠳᠠᠭ᠃      ᠤᠳᠤᠬᠠᠨ ᠳᠤ ᠪᠢ ᠴᠥᠩ ᠯᠢᠨ ︵吡虫啉︶᠂ ᠺᠧ ᠪᠠᠢ ᠸᠧᠢ ︵克百威︶᠂ ᠫᠤᠨ᠋ᠲ᠋ᠠᠽᠤᠯ ᠠᠯᠺᠣᠣᠯ ︵戊唑醇︶᠂ ᠳ᠋ᠢᠩ ᠴᠦᠩ ᠮᠢ ︵啶虫脒︶᠂ ᠹᠦ᠋ ᠮᠧᠢ ᠯᠢᠨ ︵腐霉利︶᠂ ᠬᠠᠴᠢᠭ ᠠᠯᠠᠭᠴᠢ ︵毒死蜱︶᠂ ᠳ᠋ᠦᠸᠧ ᠵᠢᠶᠦ᠋ᠨ ᠯᠢᠩ ︵多菌灵︶ ᠵᠡᠷᠭᠡ ᠲᠠᠷᠢᠶᠠᠨ ᠡᠮ ᠤᠨ ᠦᠯᠡᠳᠡᠭᠳᠡᠯ ᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠴᠠᠭᠠᠰᠤ ᠶᠢ ᠦᠢᠯᠡᠳᠦᠨ ᠭᠠᠷᠭᠠᠵᠠᠢ᠃ ᠡᠨᠡ ᠬᠡᠳᠦᠨ ᠵᠦᠢᠯ ᠤᠨ ᠲᠠᠷᠢᠶᠠᠨ ᠡᠮ ᠢ ᠰᠣᠩᠭᠤᠬᠰᠠᠨ ᠨᠢ ᠡᠳᠡᠭᠡᠷ ᠲᠠᠷᠢᠶᠠᠨ ᠡᠮ ᠪᠤᠯ ᠠᠮᠠᠷᠬᠠᠨ ᠪᠠᠷᠢᠮᠵᠢᠶ᠎ᠠ ᠠᠴᠠ ᠬᠡᠲᠦᠷᠡᠬᠦ ᠠᠶᠤᠯ ᠡᠭᠦᠰᠳᠡᠭ ᠲᠠᠷᠢᠶᠠᠨ ᠡᠮ ᠶᠤᠮ᠃ ᠡᠳᠡᠭᠡᠷ ᠡᠮ ᠪᠦᠷᠢ ᠶᠢ ᠰᠢᠯᠭᠠᠨ ᠪᠠᠶᠢᠴᠠᠭᠠᠬᠤ ᠲᠤᠷᠰᠢᠯᠲᠠ ᠶᠢᠨ ᠴᠠᠭᠠᠰᠤ ᠨᠢ ᠠᠳᠠᠯᠢ ᠪᠤᠰᠤ ᠪᠠᠶᠢᠵᠤ᠂ ᠬᠡᠷᠪᠡ ᠠᠯᠢ ᠨᠢᠭᠡ ᠶᠢ ᠨᠢ ᠰᠢᠯᠭᠠᠬᠤ ᠭᠡᠪᠡᠯ ᠲᠡᠷᠡ ᠲᠦᠷᠦᠯ ᠤᠨ ᠲᠤᠷᠰᠢᠯᠲᠠ ᠶᠢᠨ ᠴᠠᠭᠠᠰᠤ ᠶᠢ ᠰᠤᠩᠭᠤᠵᠤ ᠬᠡᠷᠡᠭᠯᠡᠪᠡᠯ ᠪᠤᠯᠴᠢᠬᠠᠨ᠎ᠠ᠃      ᠲᠡᠳᠡᠨ ᠤ ᠰᠤᠳᠤᠯᠤᠨ ᠦᠢᠯᠡᠳᠦᠭᠰᠡᠨ ᠰᠢᠯᠭᠠᠨ ᠪᠠᠶᠢᠴᠠᠭᠠᠬᠤ ᠵᠠᠩᠭᠢᠯᠠᠭ᠎ᠠ ᠶᠢᠨ ᠮᠡᠷᠭᠡᠵᠢᠯ ᠨᠢ 2019 ᠣᠨ ᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠡᠭᠦᠳᠦᠯᠲᠡ ᠶᠢᠨ ᠬᠤᠶᠠᠳᠤᠭᠠᠷ ᠳᠡᠰ ᠤᠨ ᠱᠠᠩᠨᠠᠯ ᠢ ᠬᠦᠷᠳᠡᠪᠡ᠃ ᠡᠭᠦᠨ ᠤ ᠬᠠᠮᠲᠤ ᠭᠠᠷ ᠤᠲᠠᠰᠤ ᠪᠠᠷ 5 ᠮᠢᠨᠦ᠋ᠲ ᠤᠨ ᠳᠣᠲᠣᠷ᠎ᠠ ᠦᠷ᠎ᠡ ᠳ᠋ᠦᠩ ᠢ ᠢᠯᠡᠷᠡᠭᠦᠯᠵᠦ ᠳᠡᠶᠢᠯᠬᠦ ᠪᠤᠯᠤᠭᠰᠠᠨ ᠨᠢ ᠣᠶᠢᠷ᠎ᠠ ᠶᠢᠨ ᠵᠢᠯ ᠤᠨ ᠵᠢᠷᠤᠭ ᠳᠦᠷᠰᠦ ᠶᠢ ᠢᠯᠭᠠᠨ ᠲᠠᠨᠢᠬᠤ ᠮᠡᠷᠭᠡᠵᠢᠯ᠂ ᠵᠣᠬᠢᠶᠠᠮᠠᠯ ᠣᠶᠤᠨ᠂ ᠲᠣᠮᠣ ᠳ᠋ᠠᠶᠢᠲ᠋ᠠ᠂ ᠪᠠᠷᠠᠭᠠᠨ ᠤ ᠰᠦᠯᠵᠢᠶ᠎ᠡ ᠶᠢᠨ ᠮᠡᠷᠭᠡᠵᠢᠯ ᠵᠢᠴᠢ ᠣᠶᠤᠨᠴᠢ ᠭᠠᠷ ᠤᠲᠠᠰᠤᠨ ᠤ ᠲᠦᠷᠭᠡᠨ ᠬᠥᠭᠵᠢᠯᠲᠡ ᠵᠡᠷᠭᠡ ᠮᠡᠷᠭᠡᠵᠢᠯ ᠤᠨ ᠲᠤᠰᠠᠯᠠᠯᠴᠠᠭ᠎ᠠ ᠠᠴᠠ ᠪᠣᠯᠤᠭᠰᠠᠨ ᠶᠤᠮ᠃      ᠲᠤᠷᠰᠢᠯᠲᠠ ᠶᠢᠨ ᠲᠤᠭ᠎ᠠ ᠪᠦᠷᠢᠳᠬᠡᠯ ᠠᠴᠠ ᠦᠵᠡᠪᠡᠯ ᠣᠳᠣᠬᠠᠨ ᠤ ᠵᠠᠬ᠎ᠠ ᠳᠡᠯᠭᠡᠭᠦᠷ ᠳᠡᠭᠡᠷᠡᠬᠢ ᠭᠤᠤᠯ ᠪᠤᠯᠬᠤ ᠳᠦᠷᠦᠯ ᠲᠡᠮᠳᠡᠭᠲᠦ ᠣᠶᠤᠨᠴᠢ ᠭᠠᠷ ᠤᠲᠠᠰᠤ ᠨᠢ ᠴᠥᠮ ᠡᠨᠡ ᠬᠦ ᠰᠢᠯᠭᠠᠨ ᠪᠠᠶᠢᠴᠠᠭᠠᠯᠲᠠ ᠶᠢ ᠬᠡᠷᠡᠭᠯᠡᠵᠦ ᠳᠡᠶᠢᠯᠦᠨ᠎ᠡ᠂ ᠰᠢᠯᠭᠠᠨ ᠪᠠᠶᠢᠴᠠᠭᠠᠬᠤ ᠰᠢᠰᠲ᠋ᠧᠮ ᠤᠨ ᠣᠨᠣᠪᠴᠢᠲᠤ ᠴᠢᠨᠠᠷ ᠨᠢ ᠴᠦ ᠲᠤᠰᠬᠠᠶ ᠮᠡᠷᠭᠡᠵᠢᠯ ᠤᠨ ᠪᠠᠭᠠᠵᠢ ᠲᠠᠢ ᠦᠨᠳᠦᠰᠦᠨ ᠳᠡᠭᠡᠨ ᠠᠳᠠᠯᠢ ᠪᠠᠶᠢᠳᠠᠭ᠃ ᠲᠠᠷᠠᠭᠠᠴᠢ ᠶᠢᠨ ᠠᠯᠬᠤᠮ ᠳᠤ᠂ ᠠᠵᠤ ᠠᠬᠤᠶᠢᠯᠠᠯ ᠳᠤ ᠪᠥᠭᠡᠮ ᠢᠶᠠᠷ ᠦᠢᠯᠡᠳᠪᠦᠷᠢᠯᠡᠨ ᠵᠠᠬ᠎ᠠ ᠳᠡᠯᠭᠡᠭᠦᠷ ᠲᠤ ᠤᠷᠤᠭᠤᠯᠬᠤ ᠪᠠᠷ ᠪᠠᠶᠢᠨ᠎ᠠ᠃ ᠲᠡᠷᠡ ᠦᠶ᠎ᠠ ᠳᠤ ᠲᠠ ᠬᠡᠷᠪᠡ ᠨᠤᠭᠤᠭ᠎ᠠ ᠵᠢᠮᠢᠰ ᠤᠨ ᠲᠠᠷᠢᠶᠠᠨ ᠡᠮ ᠤᠨ ᠦᠯᠡᠳᠡᠭᠳᠡᠯ ᠢ ᠦᠪᠡᠷ ᠲᠡᠭᠡᠨ ᠰᠢᠯᠭᠠᠨ ᠪᠠᠶᠢᠴᠠᠭᠠᠬᠤ ᠶᠢ ᠬᠦᠰᠡᠪᠡᠯ᠂ ᠲᠤᠰ ᠰᠢᠯᠭᠠᠨ ᠪᠠᠶᠢᠴᠠᠭᠠᠬᠤ ᠪᠠᠭᠠᠵᠢ ᠶᠢ ᠬᠤᠳᠠᠯᠳᠤᠨ ᠠᠪᠴᠦ ᠬᠦᠰᠡᠭᠰᠡᠨ ᠵᠦᠢᠯ ᠢᠶᠠᠨ ᠰᠢᠯᠭᠠᠵᠤ ᠪᠤᠯᠤᠨ᠎ᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号