ᠤᠯᠠᠪᠤᠷ ᠮᠤᠭᠠᠢ ᠶᠢᠨ ᠢᠳᠡᠭᠡ
ᠨᠡᠶᠢᠲᠡᠯᠡᠭᠰᠡᠨ ᠴᠠᠭ᠄
2020/8/5
     ᠤᠯᠠᠪᠤᠷ ᠮᠤᠭᠠᠢ ᠶᠢᠨ ᠢᠳᠡᠭᠡ      ᠤᠯᠠᠨ ᠨᠠᠰᠤᠲᠤ ᠡᠪᠡᠰᠦᠯᠢᠭ ᠭᠠᠩᠰᠠᠭ ᠤᠷᠭᠤᠮᠠᠯ᠃ ᠠᠭᠤᠯᠠᠨ ᠳᠠᠬᠢ ᠰᠡᠶᠢᠷᠡᠭ ᠤᠢ᠂ ᠪᠤᠲᠠ ᠰᠦᠭᠡᠭ᠂ ᠤᠢ ᠶᠢᠨ ᠨᠤᠭᠤ ᠵᠢᠴᠢ ᠴᠢᠭᠢᠭᠯᠢᠭ ᠭᠠᠵᠠᠷ ᠢᠶᠠᠷ ᠤᠷᠭᠤᠵᠤ᠂ ᠵᠠᠷᠢᠮ ᠳᠠᠭᠠᠨ ᠳᠠᠭᠠᠯᠳᠤᠬᠤ ᠲᠦᠷᠰᠦ ᠪᠤᠯᠳᠠᠭ᠃ ᠮᠠᠨ ᠤ ᠤᠷᠤᠨ ᠤ ᠬᠢᠩᠭᠠᠨ ᠤ ᠬᠤᠶᠢᠲᠤ ᠬᠡᠰᠡᠭ᠂ ᠳᠠᠪᠠᠭᠠᠨ ᠤ ᠪᠠᠷᠠᠭᠤᠨ ᠲᠤᠭᠤᠷᠢᠭ᠂ ᠳᠠᠪᠠᠭᠠᠨ ᠤ ᠵᠡᠬᠦᠨ ᠲᠤᠭᠤᠷᠢᠭ᠂ ᠬᠢᠩᠭᠠᠨ ᠤ ᠡᠮᠦᠨᠡᠲᠤ ᠬᠡᠰᠡᠭ᠂ ᠯᠢᠶᠤᠤ ᠡᠾᠧ ᠭᠤᠤᠯ ᠤᠨ ᠲᠠᠯ᠎ᠠ ᠭᠠᠵᠠᠷ᠂ ᠬᠤᠷᠴᠢᠨ ᠲᠤᠭᠤᠷᠢᠭ᠂ ᠶᠠᠨᠱᠠᠨ ᠠᠭᠤᠯᠠᠨ ᠤ ᠬᠤᠶᠢᠲᠤ ᠬᠡᠰᠡᠭ᠂ ᠬᠦᠯᠦᠨ ᠪᠤᠶᠢᠷ— ᠰᠢᠯᠢ ᠶᠢᠨ ᠭᠤᠤᠯ ᠤᠨ ᠦᠨᠳᠦᠷᠯᠢᠭ᠂ ᠮᠤᠨᠢ ᠠᠭᠤᠯᠠ ᠶᠢᠨ ᠲᠤᠭᠤᠷᠢᠭ᠂ ᠮᠤᠨᠢ ᠠᠭᠤᠯᠠ ᠶᠢᠨ ᠦᠪᠦᠷ ᠲᠠᠬᠢ ᠲᠤᠪᠤ ᠲᠤᠪᠤᠴᠠᠭ ᠢᠶᠠᠷ ᠤᠷᠭᠤᠨ᠎ᠠ᠃ ᠮᠠᠨ ᠤ ᠤᠯᠤᠰ ᠤᠨ ᠵᠡᠬᠦᠨ ᠬᠤᠶᠢᠲᠤ ᠤᠷᠤᠨ᠂ ᠤᠮᠠᠷᠠᠲᠤ ᠤᠷᠤᠨ᠂ ᠲᠤᠮᠳᠠᠳᠤ ᠤᠷᠤᠨ ᠵᠢᠴᠢ ᠪᠠᠷᠠᠭᠤᠨ ᠬᠤᠶᠢᠲᠤ ᠤᠷᠤᠨ ᠢᠶᠠᠷ ᠳᠠᠷᠬᠠᠨ᠂ ᠮᠤᠩᠭᠤᠯ ᠤᠯᠤᠰ᠂ ᠤᠷᠤᠰ ᠤᠨ ᠰᠢᠪᠧᠷᠢᠶ᠎ᠠ ᠪᠤᠯᠤᠨ ᠠᠯᠤᠰ ᠲᠤᠷᠤᠨᠠᠳᠤ᠂ ᠰᠤᠯᠤᠩᠭᠤᠰ᠂ ᠶᠠᠫᠤᠨ ᠢᠶᠠᠷ ᠪᠠᠰᠠ ᠲᠠᠷᠬᠠᠵᠤ ᠪᠠᠶᠢᠳᠠᠭ᠃ ᠦᠨᠳᠦᠰᠦ ᠠᠴᠠ ᠨᠢ ᠨᠠᠭᠠᠯᠳᠠ ᠡᠳ᠋ ᠢᠯᠭᠠᠷᠠᠭᠤᠯᠤᠨ ᠠᠪᠳᠠᠭ᠃ ᠦᠨᠳᠦᠰᠦ ᠨᠢ ᠡᠮ ᠳᠤ ᠤᠷᠤᠵᠦ᠂ ᠭᠤᠤᠯᠳᠠᠭᠤ ᠡᠯ᠎ᠡ ᠵᠦᠢᠯ ᠤᠨ ᠴᠢᠰᠦᠨ ᠤ ᠡᠪᠡᠳᠴᠢᠨ᠂ ᠵᠢᠷᠦᠬᠡ ᠪᠠᠵᠠᠯᠠᠬᠤ᠂ ᠨᠤᠶᠢᠷ ᠬᠤᠯᠵᠢᠬᠤ᠂ ᠭᠠᠳᠠᠷ ᠰᠢᠷᠬ᠎ᠠ᠂ ᠬᠠᠲᠠᠬᠢ᠂ ᠶᠠᠷ᠎ᠠ ᠵᠡᠷᠭᠡ ᠶᠢ ᠵᠠᠰᠠᠨ᠎ᠠ᠃
 
ᠢᠷᠡᠯᠲᠡ᠄ ᠦᠪᠦᠷ ᠮᠤᠩᠭᠤᠯ ᠤᠨ ᠬᠡᠭᠡᠷ᠎ᠡ ᠶᠢᠨ ᠤᠷᠭᠤᠮᠠᠯ ᠤᠨ ᠵᠢᠷᠤᠭᠲᠤ ᠲᠤᠯᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号