ᠡᠯᠡᠰᠦᠨ ᠳᠤ ᠠᠮᠢᠯᠠᠬᠰᠠᠨ ︽ᠡᠷᠳᠡᠨᠢ︾ — ᠤᠰᠤᠨ ᠲᠤᠳᠤᠷᠭ᠎ᠠ
ᠨᠡᠶᠢᠲᠡᠯᠡᠭᠰᠡᠨ ᠴᠠᠭ᠄
2020/9/30
     ᠠᠯᠲᠠᠨ ᠰᠢᠷᠭᠠᠯ ᠳᠤᠲᠤᠷᠭ᠎ᠠ ᠶᠢᠨ ᠲᠡᠷᠢᠶ᠎ᠡ ᠠᠶᠠᠰ ᠤᠨ ᠰᠠᠯᠬᠢᠨ ᠳᠤ ᠨᠠᠶᠢᠭᠤᠵᠤ ᠡᠬᠢᠯᠡᠭᠰᠡᠨ ᠨᠠᠮᠤᠷ ᠤᠨ ᠨᠢᠭᠡᠨ ᠡᠳᠦᠷ᠃ ᠲᠤᠮᠤ ᠬᠡᠯᠪᠡᠷᠢ ᠶᠢᠨ ᠲᠠᠷᠢᠶᠠᠯᠠᠩ ᠤᠨ ᠮᠠᠰᠢᠨ ᠲᠤᠳᠤᠷᠭ᠎ᠠ ᠶᠢᠨ ᠲᠠᠷᠢᠶᠠᠨ ᠲᠤᠮᠳᠠᠭᠤᠷ ᠰᠦᠯᠵᠢᠯᠳᠦᠵᠦ᠂ ᠤᠯᠠᠭᠠᠨᠪᠤᠬ᠎ᠠ ᠡᠯᠡᠰᠦᠨ ᠳᠤ ᠮᠠᠰᠢᠨ ᠲᠡᠷᠭᠡᠨ ᠤ ᠬᠦᠷᠴᠢᠭᠢᠨᠡᠭᠦ ᠲᠠᠭᠤ ᠬᠦᠳᠡᠭᠡ ᠶᠢᠨ ᠨᠠᠮ ᠵᠢᠮ ᠪᠠᠶᠢᠳᠠᠯ ᠢ ᠡᠪᠳᠡᠨ᠎ᠡ᠃ 10 ᠰᠠᠷ᠎ᠠ ᠶᠢᠨ 12 ᠤᠨ ᠡᠳᠦᠷ᠂ ᠳ᠋ᠧᠩᠺᠧᠦ ᠰᠢᠶᠠᠨ ᠤ 1000 ᠮᠦ ᠶᠢᠨ ᠡᠯᠡᠰᠦ ᠮᠠᠩᠬᠠᠠ ᠤ ᠤᠰᠤᠨ ᠲᠤᠳᠤᠷᠭ᠎ᠠ ᠶᠢᠨ ᠬᠤᠷᠢᠶᠠᠯᠲᠠ ᠶᠢᠨ ᠠᠵᠢᠯ ᠡᠬᠢᠯᠡᠵᠦ᠂ ᠲᠦᠰᠦᠭᠡᠯᠡᠭᠰᠡᠨ ᠢᠶᠠᠷ᠂ ᠲᠤᠮᠳᠠᠴᠢ ᠪᠠᠷ ᠮᠦ ᠪᠦᠷᠢ ᠠᠴᠠ 900 ᠵᠢᠩ ᠲᠤᠳᠤᠷᠭ᠎ᠠ ᠬᠤᠷᠢᠶᠠᠬᠤ ᠪᠤᠯᠤᠨ᠎ᠠ᠃      ᠳ᠋ᠧᠩᠺᠧᠦ ᠰᠢᠶᠠᠨ ᠤ 1000 ᠮᠦ ᠶᠢᠨ ᠡᠯᠡᠰᠦᠨ ᠤ ᠤᠰᠤᠨ ᠲᠤᠳᠤᠷᠭ᠎ᠠ ᠶᠢᠨ ᠲᠦᠷᠦᠯ ᠵᠦᠢᠯ ᠢ ᠪᠤᠯ ᠪᠠᠶᠠᠨᠨᠠᠭᠤᠷ ᠬᠤᠲᠠ ᠶᠢᠨ ᠷᠧᠨ ᠴᠤᠸᠠᠩ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠠᠴᠠ ᠬᠠᠷᠢᠭᠤᠴᠠᠨ ᠬᠡᠷᠡᠭᠵᠢᠭᠦᠯᠵᠦ ᠪᠠᠶᠢᠭ᠎ᠠ ︽ᠠᠮᠢ ᠠᠬᠤᠢ ᠶᠢᠨ ᠤᠰᠤ ᠠᠷᠪᠢᠯᠠᠬᠤ ᠬᠠᠶᠢᠷ ᠴᠢᠯᠠᠭᠤ︾᠂ ︽ᠠᠮᠢᠳᠤ ᠤᠰᠤ ᠪᠠᠷ ᠵᠢᠭᠠᠰᠤ ᠪᠠ ᠨᠠᠢᠮᠠᠯᠵᠢ ᠲᠠᠵᠢᠭᠡᠬᠦ︾ ᠵᠡᠷᠭᠡ ᠤᠯᠠᠨ ᠲᠦᠷᠦᠯ ᠤᠨ ᠮᠡᠷᠭᠡᠵᠢᠯ ᠳᠤ ᠰᠠᠭᠤᠷᠢᠯᠠᠬᠰᠠᠨ ᠤᠰᠤᠨ ᠲᠤᠳᠤᠷᠭ᠎ᠠ ᠲᠠᠷᠢᠬᠤ᠂ ᠵᠢᠭᠠᠰᠤ ᠨᠠᠢᠮᠠᠯᠵᠢ ᠲᠡᠵᠢᠭᠡᠬᠦ᠂ ᠭᠡᠷᠡᠯ ᠡᠨᠧᠷᠬᠢ ᠪᠠᠷ ᠴᠠᠭᠢᠯᠭᠠᠨ ᠭᠠᠷᠭᠠᠬᠤ ᠵᠢᠴᠢ ᠰᠡᠯᠡᠭᠦᠴᠡᠯ ᠵᠤᠭᠠᠴᠠᠯ ᠢ ᠨᠢᠭᠡ ᠴᠤᠭᠴᠠᠵᠢᠭᠤᠯᠤᠭᠰᠠᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠪᠤᠯᠤᠨ᠎ᠠ᠃      ᠤᠰᠤᠨ ᠲᠤᠳᠤᠷᠭ᠎ᠠ ᠪᠤᠯ ᠤᠰᠤ ᠬᠡᠷᠡᠭᠰᠡᠬᠦ ᠬᠡᠮᠵᠢᠶ᠎ᠡ ᠪᠠᠷ ᠮᠠᠰᠢ ᠦᠨᠳᠦᠷ ᠲᠠᠷᠢᠶᠠᠯᠠᠩ ᠤᠨ ᠲᠦᠷᠦᠯ ᠵᠦᠢᠯ ᠪᠤᠯᠤᠨ᠎ᠠ᠂ ᠢᠯᠠᠩᠭᠤᠶ᠎ᠠ ᠡᠯᠡᠰᠦᠨ ᠴᠦᠯ ᠳᠤ ᠲᠠᠷᠢᠬᠤ ᠳᠤ ᠤᠰᠤᠨ ᠤ ᠨᠡᠪᠴᠢᠬᠦ ᠪᠠ ᠠᠭᠤᠷᠰᠢᠬᠤ ᠠᠰᠠᠭᠤᠳᠠᠯ ᠢ ᠰᠢᠢᠳᠪᠦᠷᠢᠯᠡᠬᠦ ᠨᠢ ᠤᠨᠴᠠᠭᠠᠢ ᠴᠢᠬᠤᠯᠠ ᠪᠠᠶᠢᠳᠠᠭ᠃ ᠡᠶᠢᠮᠤ ᠠᠴᠠ᠂ ᠲᠤᠰ ᠠᠵᠤ ᠠᠬᠤᠢᠢᠯᠠᠯ ᠭᠠᠵᠠᠷ ᠤᠨ ᠭᠠᠳᠠᠷᠭᠤ ᠠᠴᠠ ᠲᠤᠷᠤᠭᠰᠢ 80 ᠰᠡᠨᠲ᠋ᠢᠮᠧᠳ᠋ᠷ ᠤᠷᠴᠢᠮ ᠤᠨ ᠭᠠᠵᠠᠷ ᠲᠤ ᠨᠢᠭᠡ ᠲᠠᠪᠬᠤᠷᠭ᠎ᠠ ᠤᠰᠤ ᠠᠷᠪᠢᠯᠠᠬᠤ ᠬᠠᠶᠢᠷ ᠴᠢᠯᠠᠭᠤ ᠲᠡᠪᠢᠰᠴᠦ᠂ ᠨᠡᠪᠴᠢᠬᠦ ᠶᠢ ᠰᠡᠷᠭᠡᠶᠢᠯᠡᠵᠦ ᠠᠭᠠᠷ ᠨᠡᠪᠲᠡᠷᠡᠭᠦᠯᠬᠦ ᠶᠢᠨ ᠬᠠᠮᠲᠤ᠂ ᠪᠠᠰᠠ ᠳᠤᠳᠤᠷᠭ᠎ᠠ ᠶᠢᠨ ᠲᠠᠷᠢᠶᠠᠨ ᠤ ᠰᠢᠮ᠎ᠡ ᠲᠡᠵᠢᠭᠡᠯ ᠰᠢᠩᠬᠡᠬᠡᠬᠦ ᠴᠢᠳᠠᠪᠤᠷᠢ ᠶᠢ ᠲᠡᠭᠡᠭᠰᠢᠯᠡᠬᠦᠯᠵᠦ᠂ ᠤᠷᠭᠤᠮᠠᠯ ᠤᠨ ᠤᠷᠭᠤᠯᠲᠠ ᠳᠤ ᠲᠤᠰᠠᠲᠠᠢ ᠪᠤᠯᠭᠠᠪᠠ᠃      ᠠᠳᠡᠬᠢ ᠡᠯᠡᠰᠦᠨ ᠤ ᠤᠰᠤᠨ ᠲᠤᠳᠤᠷᠭ᠎ᠠ ᠨᠢ ᠦᠷ᠎ᠡ ᠰᠤᠩᠭᠤᠬᠤ᠂ ᠲᠠᠷᠢᠬᠤ᠂ ᠲᠠᠷᠢᠶᠠᠨ ᠭᠠᠵᠠᠷ ᠤᠨ ᠬᠠᠮᠢᠶᠠᠷᠤᠯᠲᠠ ᠵᠡᠷᠭᠡ ᠪᠦᠭᠦ ᠶᠠᠪᠤᠴᠠ ᠳᠠᠭᠠᠨ ᠪᠤᠬᠢᠷᠳᠤᠯ ᠦᠭᠡᠢ ᠤᠷᠭᠠᠨᠢᠭ ᠲᠤᠭᠳᠠᠯᠴᠠᠭ᠎ᠠ ᠶᠢ ᠪᠠᠶᠢᠭᠤᠯᠵᠤ᠂ ᠪᠠᠰᠠ ᠵᠢᠭᠠᠰᠤ ᠨᠠᠢᠮᠠᠯᠵᠢ ᠵᠡᠷᠭᠡ ᠤᠰᠤᠨ ᠤ ᠭᠠᠷᠤᠯᠲᠠ ᠶᠢᠨ ᠠᠮᠢᠳᠠᠨ ᠢ ᠳᠤᠲᠤᠷᠭ᠎ᠠ ᠶᠢᠨ ᠲᠠᠷᠢᠶᠠᠨ ᠲᠤᠮᠳᠠ ᠤᠷᠤᠭᠤᠯᠤᠨ ᠲᠡᠵᠢᠭᠡᠵᠦ᠂ ᠵᠢᠭᠠᠰᠤ ᠳᠤᠳᠤᠷᠭ᠎ᠠ ᠬᠠᠮᠳᠤ ᠤᠷᠤᠰᠢᠬᠤ ᠰᠢᠨ᠎ᠡ ᠬᠡᠪ ᠵᠠᠭᠪᠤᠷ ᠢ ᠪᠦᠷᠢᠯᠳᠦᠭᠦᠯᠵᠦ᠂ ᠤᠰᠤᠨ ᠤ ᠤᠷᠴᠢᠯᠳᠤ ᠠᠰᠢᠬᠯᠠᠯᠲᠠ ᠶᠢ ᠠᠬᠢᠭᠤᠯᠵᠠᠢ᠃      ︽ᠤᠯᠠᠮᠵᠢᠯᠠᠯᠲᠤ ᠤᠰᠤᠨ ᠲᠤᠳᠤᠷᠭ᠎ᠠ ᠶᠢᠨ ᠲᠠᠷᠢᠶ᠎ᠠ ᠮᠦ ᠪᠦᠷᠢ ᠳᠡᠭᠡᠨ ᠪᠠᠷᠤᠭ 800 — 1000 ᠪᠤᠰᠤᠭ᠎ᠠ ᠲᠦᠷᠪᠡᠯᠵᠢᠨ ᠮᠧᠳ᠋ᠷ ᠤᠰᠤ ᠬᠡᠷᠡᠭᠰᠡᠨ᠎ᠡ᠂ ᠪᠢᠲᠡᠨ ᠤ ᠤᠰᠤᠨ ᠲᠤᠳᠤᠷᠭ᠎ᠠ ᠶᠢᠨ ᠲᠠᠷᠢᠶ᠎ᠠ ᠤᠰᠤ ᠨᠡᠪᠴᠢᠬᠦ ᠦᠭᠡᠢ᠂ ᠵᠦᠪᠬᠡᠨ ᠠᠶᠠᠨᠳᠠᠭᠠᠨ ᠠᠭᠤᠷᠰᠢᠳᠠᠭ ᠪᠤᠯᠬᠤᠷ᠂ ᠮᠦ ᠪᠦᠷᠢ ᠳᠡᠭᠡᠨ ᠪᠠᠷᠤᠭ 300 ᠪᠤᠰᠤᠭ᠎ᠠ ᠲᠦᠷᠪᠡᠯᠵᠢᠨ ᠮᠧᠳ᠋ᠷ ᠯᠡ ᠤᠰᠤ ᠬᠡᠷᠡᠭᠰᠡᠨ᠎ᠡ᠃ ᠲᠡᠷᠡᠴᠢᠯᠡᠨ ᠤᠰᠤᠨ ᠤ ᠤᠷᠴᠢᠯᠳᠤ ᠠᠰᠢᠬᠯᠠᠯᠲᠠ ᠶᠢ ᠪᠡᠶᠡᠯᠡᠭᠦᠯᠦᠭᠰᠡᠨ ᠠᠴᠠ ᠤᠰᠤ ᠤᠷᠢᠳ ᠢᠶᠠᠷ ᠵᠢᠭᠠᠰᠤᠨ ᠴᠦᠬᠦᠷᠦᠮ ᠳᠤ ᠤᠷᠤᠵᠤ᠂ ᠵᠢᠭᠠᠰᠤᠨ ᠴᠦᠬᠦᠷᠦᠮ ᠤᠨ ᠲᠡᠵᠢᠭᠡᠯ ᠤᠰᠤ ᠨᠢ ᠲᠡᠬᠢᠨᠳᠡ ᠳᠤᠳᠤᠷᠭ᠎ᠠ ᠶᠢᠨ ᠲᠠᠷᠢᠶᠠᠨ ᠳᠤ ᠤᠷᠤᠵᠤ᠂ ᠳᠤᠳᠤᠷᠭ᠎ᠠ ᠶᠢᠨ ᠲᠠᠷᠢᠶᠠᠨ ᠤ ᠴᠡᠪᠡᠷᠰᠢᠭᠦᠯᠦᠭᠰᠡᠨ ᠤᠰᠤ ᠨᠢ ᠪᠤᠴᠠᠵᠤ ᠵᠢᠭᠠᠰᠤᠨ ᠴᠦᠬᠦᠷᠦᠮ ᠳᠤ ᠤᠷᠤᠳᠠᠭ᠃ ᠤᠰᠤᠨ ᠤ ᠤᠷᠴᠢᠯᠳᠤ ᠠᠰᠢᠬᠯᠠᠯᠲᠠ ᠨᠢ ᠤᠰᠤ ᠠᠷᠪᠢᠯᠠᠬᠤ ᠶᠢ ᠪᠡᠶᠡᠯᠡᠭᠦᠯᠦᠭᠰᠡᠨ ᠢᠶᠠᠷ ᠦᠯᠦ ᠪᠠᠷᠠᠮ ᠪᠠᠰᠠ ᠬᠦᠷᠦᠰᠦ ᠶᠢ ᠰᠠᠶᠢᠵᠢᠷᠠᠭᠤᠯᠵᠤ᠂ ᠡᠯᠡᠰᠦᠨ ᠴᠦᠯ ᠢ ᠰᠠᠶᠢᠨ ᠲᠠᠷᠢᠶᠠᠨ ᠭᠠᠵᠠᠷ ᠪᠤᠯᠭᠠᠨ ᠬᠤᠪᠢᠷᠠᠭᠤᠯᠪᠠ︾ ᠬᠡᠮᠡᠨ ᠲᠤᠰ ᠠᠵᠤ ᠠᠬᠤᠢᠢᠯᠠᠯ ᠤᠨ ᠬᠠᠷᠢᠭᠤᠴᠠᠯᠭᠠᠲᠠᠨ ᠡᠯᠡᠰᠦᠨ ᠴᠦᠯ ᠤᠨ ᠤᠰᠤᠨ ᠳᠤᠳᠤᠷᠭ᠎ᠠ ᠶᠢ ᠰᠢᠨᠵᠢᠯᠡᠬᠦ ᠤᠬᠠᠭᠠᠨᠴᠢ ᠪᠠᠷ ᠲᠠᠷᠢᠬᠤ ᠲᠤᠬᠠᠢ ᠲᠠᠨᠢᠯᠴᠠᠭᠤᠯᠵᠤ ᠶᠠᠷᠢᠨ᠎ᠡ᠃      ᠲᠤᠰ ᠠᠵᠤ ᠠᠬᠤᠢᠢᠯᠠᠯ ᠨᠢ ᠲᠠᠷᠢᠮᠠᠯ ᠤᠨ ᠡᠬᠢᠨ ᠤ ᠬᠤᠭᠤᠴᠠᠭᠠᠨ ᠳᠠᠭᠠᠨ ᠵᠢᠩ ᠪᠦᠷᠢ ᠶᠢ 19.8 ᠲᠦᠭᠦᠷᠢᠭ ᠤᠨ ᠦᠨ᠎ᠡ ᠪᠠᠷ ᠬᠤᠳᠠᠯᠳᠤᠬᠤ ᠪᠠᠷ ᠪᠡᠭᠡᠵᠢᠩ ᠤᠨ ᠨᠢᠭᠡᠨ ᠪᠤᠷᠤᠯᠠᠭᠤᠯᠭ᠎ᠠ ᠶᠢᠨ ᠺᠤᠮᠫᠠᠨᠢ ᠲᠠᠢ ᠬᠡᠯᠡᠯᠴᠡᠭᠡᠷ ᠲᠤᠭᠲᠠᠵᠠᠢ᠃ ᠤᠢᠢᠯᠠᠭᠠᠭᠰᠠᠨ ᠢᠶᠠᠷ᠂ ᠮᠦ ᠪᠦᠷᠢ ᠶᠢᠨ ᠲᠤᠳᠤᠷᠭ᠎ᠠ ᠠᠴᠠ ᠢᠷᠡᠭᠰᠡᠨ ᠤᠷᠤᠯᠭ᠎ᠠ ᠨᠢ 1.2 ᠲᠦᠮᠡᠨ ᠲᠦᠭᠦᠷᠢᠭ ᠲᠤ ᠬᠦᠷᠴᠦ᠂ ᠵᠢᠭᠠᠰᠤ ᠨᠠᠢᠮᠠᠯᠵᠢ ᠵᠡᠷᠭᠡ ᠠᠴᠠ ᠢᠷᠡᠭᠰᠡᠨ ᠤᠷᠤᠯᠭ᠎ᠠ ᠨᠢ 1500 ᠲᠦᠭᠦᠷᠢᠭ ᠲᠤ ᠭᠦᠷᠭᠦ ᠪᠤᠯᠤᠨ᠎ᠠ᠃      ᠤᠳᠤ᠂ ᠳᠤᠳᠤᠷᠭ᠎ᠠ ᠶᠢᠨ ᠲᠠᠷᠢᠶᠠᠨ ᠳᠤ ᠵᠢᠭᠠᠰᠤ᠂ ᠨᠠᠢᠮᠠᠯᠵᠢ᠂ ᠮᠤᠭᠠᠢ ᠵᠢᠭᠠᠰᠤ ᠵᠢᠴᠢ ᠨᠤᠭᠤᠰᠤ᠂ ᠭᠠᠯᠠᠭᠤ ᠵᠡᠷᠭᠡ ᠶᠢ ᠲᠡᠵᠢᠭᠡᠬᠦ ᠲᠤᠷᠰᠢᠯᠲᠠ ᠨᠢ ᠪᠦᠭᠦᠨ ᠢᠶᠠᠷ ᠢᠶᠠᠨ ᠠᠮᠵᠢᠯᠲᠠ ᠤᠯᠵᠤ᠂ ᠰᠠᠭᠤᠷᠢᠨ ᠨᠢ ᠤᠷᠢᠳ ᠬᠤᠵᠢᠳ 5 ᠲᠦᠮᠡ ᠭᠠᠷᠤᠢ ᠵᠤᠭᠠᠴᠠᠭᠰᠠᠳ ᠢ ᠤᠭᠳᠤᠨ ᠵᠤᠴᠢᠯᠡᠪᠡ᠃ 1000 ᠮᠦ ᠶᠢᠨ ᠤᠰᠤᠨ ᠳᠤᠳᠤᠷᠭ᠎ᠠ ᠶᠢᠨ ᠰᠠᠭᠤᠷᠢᠨ ᠨᠢ ᠨᠢᠭᠡᠨᠲᠡ ᠳ᠋ᠧᠩᠺᠧᠦ ᠰᠢᠶᠠᠨ ᠤ ᠠᠵᠤ ᠦᠢᠯᠡᠰ ᠢᠶᠠᠷ ᠡᠯᠡᠰᠦ ᠶᠢ ᠵᠠᠰᠠᠬᠤ ᠪᠠᠰᠠ ᠨᠢᠭᠡᠨ ᠠᠮᠵᠢᠯᠲᠠ ᠤᠯᠤᠭᠰᠠᠨ ᠵᠢᠱᠢᠶ᠎ᠡ ᠪᠤᠯᠵᠤ᠂ ᠪᠦᠬᠦ ᠰᠢᠶᠠᠨ ᠤ ᠠᠵᠤ ᠦᠢᠯᠡᠰ ᠢ ᠠᠭᠤᠰᠤᠯᠴᠠᠭᠤᠯᠤᠨ ᠬᠦᠭᠵᠢᠭᠦᠯᠬᠦ ᠶᠢ ᠬᠦᠳᠦᠯᠦᠨ ᠵᠢᠯᠤᠭᠤᠤᠡᠬᠤ ᠳᠤ ᠴᠢᠬᠤᠯᠠ ᠠᠴᠢ ᠬᠤᠯᠪᠤᠭᠳᠠᠯ ᠲᠠᠢ ᠶᠠᠪᠤᠳᠠᠯ ᠪᠤᠯᠤᠬᠰᠠᠨ ᠪᠠᠶᠢᠨ᠎ᠠ᠃    
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号