ᠤᠷᠭᠤᠮᠠᠯ ᠤᠨ ᠡᠪᠡᠳᠴᠢᠨ ᠤ ᠬᠦᠨᠦᠭᠡᠯ ᠢ ᠶᠠᠮᠠᠷ ᠬᠡᠳᠦᠨ ᠲᠦᠷᠦᠯ ᠳᠤ ᠬᠤᠪᠢᠶᠠᠬᠤ ᠪᠤᠢ
ᠨᠡᠶᠢᠲᠡᠯᠡᠭᠰᠡᠨ ᠴᠠᠭ᠄
2021/1/26
     ᠣᠷᠭᠤᠮᠠᠯ ᠤᠨ ᠡᠪᠡᠳᠴᠢᠨ ᠡᠭᠦᠰᠭᠡᠭᠴᠢ ᠠᠮᠢᠳᠤ ᠪᠤᠳᠠᠰ ᠲᠤ ᠬᠠᠯᠳᠠᠪᠤᠷᠢᠯᠠᠭᠳᠠᠬᠤ ᠪᠣᠶᠣ ᠮᠠᠭᠤ ᠤᠷᠴᠢᠨ ᠲᠤᠭᠤᠷᠢᠨ ᠤ ᠨᠦᠭᠦᠴᠡᠯ ᠳᠤ ᠨᠦᠯᠦᠭᠡᠯᠡᠭᠳᠡᠬᠦ ᠦᠶᠡᠰ ᠲᠡᠭᠦᠨ ᠤ ᠰᠣᠯᠢᠯᠴᠠᠭ᠎ᠠ᠂ ᠹᠢᠽᠢᠣᠯᠣᠭᠢ ᠶᠢᠨ ᠴᠢᠳᠠᠪᠬᠢ ᠨᠢ ᠬᠠᠷᠰᠢᠯᠠᠭᠳᠠᠬᠤ ᠪᠠ ᠡᠪᠳᠡᠭᠳᠡᠵᠦ᠂ ᠲᠤᠲᠤᠭᠠᠳᠤᠬᠢ ᠹᠢᠽᠢᠣᠯᠣᠭᠢ ᠶᠢᠨ ᠠᠵᠢᠯᠯᠠᠭ᠎ᠠ ᠪᠣᠶᠣ ᠨᠡᠭᠡᠳᠡᠰᠦ ᠶᠢᠨ ᠪᠦᠲᠦᠴᠡ ᠨᠢ ᠡᠳᠦᠢ ᠲᠡᠳᠦᠢ ᠡᠪᠡᠳᠴᠢᠨ ᠤ ᠬᠤᠪᠢᠷᠠᠯᠲᠠ ᠡᠭᠦᠰᠴᠦ᠂ ᠭᠠᠳᠠᠷ ᠬᠡᠯᠪᠡᠷᠢ ᠳᠦᠷᠰᠦ ᠨᠢ ᠬᠡᠪ ᠤᠨ ᠪᠤᠰᠤ ᠪᠠᠶᠢᠳᠠᠯ ᠲᠠᠢ ᠪᠣᠯᠵᠣ᠂ ᠴᠢᠨᠠᠭᠰᠢᠯᠠᠪᠠᠯ ᠨᠢᠭᠡ ᠬᠡᠰᠡᠭ ᠪᠣᠶᠣ ᠪᠦᠬᠦᠯᠢ ᠤᠷᠭᠤᠮᠠᠯ ᠢᠶᠠᠷ ᠢᠶᠠᠨ ᠦᠬᠦᠳᠡᠭ᠃ ᠡᠨᠡ ᠦᠵᠡᠭᠳᠡᠯ ᠢ ᠤᠷᠭᠤᠮᠠᠯ ᠤᠨ ᠡᠪᠡᠳᠴᠢᠨ ᠤ ᠬᠦᠨᠦᠭᠡᠯ ᠭᠡᠳᠡᠭ᠃ ᠣᠷᠭᠤᠮᠠᠯ ᠤᠨ ᠡᠪᠡᠳᠴᠢᠨ ᠤ ᠬᠦᠨᠦᠭᠡᠯ ᠢ ᠬᠠᠯᠳᠠᠪᠤᠷᠢᠯᠠᠯ ᠤᠨ ᠪᠤᠰᠤ ᠴᠢᠨᠠᠷᠲᠠᠢ ᠡᠪᠡᠳᠴᠢᠨ ᠤ ᠬᠦᠨᠦᠭᠡᠯ ᠪᠠ ᠬᠠᠯᠳᠠᠪᠤᠷᠢᠯᠠᠯ ᠴᠢᠨᠠᠷᠲᠠᠢ ᠡᠪᠡᠳᠴᠢᠨ ᠤ ᠬᠦᠨᠦᠭᠡᠯ ᠭᠡᠵᠦ ᠬᠤᠪᠢᠶᠠᠵᠤ᠂ ᠬᠠᠯᠳᠠᠪᠤᠷᠢᠯᠠᠯ ᠤᠨ ᠴᠢᠨᠠᠷᠲᠠᠢ ᠡᠪᠡᠳᠴᠢᠨ ᠤ ᠬᠦᠨᠦᠭᠡᠯ ᠳᠤ ᠵᠢᠩᠬᠢᠨᠢ ᠮᠦᠭᠦ ᠶᠢᠨ ᠴᠢᠨᠠᠷᠲᠠᠢ ᠡᠪᠡᠳᠴᠢᠨ ᠤ ᠬᠦᠨᠦᠭᠡᠯ᠂ ᠪᠠᠺᠲ᠋ᠧᠷᠢ ᠶᠢᠨ ᠴᠢᠨᠠᠷᠲᠠᠢ ᠡᠪᠡᠳᠴᠢᠨ ᠤ ᠬᠦᠨᠦᠭᠡᠯ᠂ ᠸᠢᠷᠦ᠋ᠰ ᠤᠨ ᠴᠢᠨᠠᠷᠲᠠᠢ ᠡᠪᠡᠳᠴᠢᠨ ᠤ ᠬᠦᠨᠦᠭᠡᠯ ᠹᠢᠽᠢᠣᠯᠣᠭᠢ ᠤᠨ ᠴᠢᠨᠠᠷᠲᠠᠢ ᠡᠪᠡᠳᠴᠢᠨ ᠤ ᠬᠦᠨᠦᠭᠡᠯ ᠭᠡᠵᠦ ᠳᠦᠷᠪᠡᠨ ᠵᠦᠢᠯ ᠪᠠᠶᠢᠳᠠᠭ᠃      1. ᠵᠢᠩᠬᠢᠨᠢ ᠮᠦᠭᠦ ᠶᠢᠨ ᠴᠢᠨᠠᠷᠲᠠᠢ ᠡᠪᠡᠳᠴᠢᠨ ᠤ ᠬᠦᠨᠦᠭᠡᠯ ᠪᠣᠯ ᠤᠷᠭᠤᠮᠠᠯ ᠤᠨ ᠡᠪᠡᠳᠴᠢᠨ ᠤ ᠬᠦᠨᠦᠭᠡᠯ ᠲᠤᠲᠤᠷ᠎ᠠ ᠡᠭᠦᠰᠬᠦ ᠨᠤᠷᠮ᠎ᠠ ᠨᠢ ᠬᠠᠮᠤᠭ ᠦᠨᠳᠦᠷ᠂ ᠬᠠᠮᠤᠭ ᠦᠷᠭᠦᠯᠵᠢ ᠲᠤᠬᠢᠶᠠᠯᠳᠤᠳᠠᠭ ᠨᠢᠭᠡ ᠵᠦᠢᠯ ᠮᠦᠨ᠃ ᠵᠢᠩᠬᠢᠨᠢ ᠮᠦᠭᠦ ᠶᠢᠨ ᠴᠢᠨᠠᠷᠲᠠᠢ ᠡᠪᠡᠳᠴᠢᠨ ᠤ ᠬᠦᠨᠦᠭᠡᠯ ᠡᠭᠦᠰᠦᠭᠰᠡᠨ ᠤᠷᠭᠤᠮᠠᠯ ᠳᠡᠭᠡᠷ᠎ᠡ ᠶᠡᠷᠦ ᠳᠡᠭᠡᠨ ᠴᠠᠭᠠᠨ ᠲᠤᠭᠤᠰᠤᠲᠤ ᠳᠠᠪᠬᠤᠷᠭ᠎ᠠ᠂ ᠬᠠᠷ᠎ᠠ ᠲᠤᠭᠤᠰᠤᠲᠤ ᠳᠠᠪᠬᠤᠷᠭ᠎ᠠ᠂ ᠴᠠᠩᠳᠤᠮᠠᠯ ᠬᠦᠬᠡᠴᠦ ᠶᠢᠨ ᠳᠠᠪᠬᠤᠷᠭ᠎ᠠ᠂ ᠵᠢᠪᠡ ᠰᠫᠤᠷ ᠤᠨ ᠤᠪᠤᠭᠠᠷᠠᠯᠲᠠ᠂ ᠮᠦᠭᠦ ᠶᠢᠨ ᠪᠦᠭᠡᠮ ᠵᠡᠷᠭᠡ ᠡᠭᠦᠰᠦᠨ᠎ᠡ᠃ ᠬᠡᠷᠪᠡ ᠡᠪᠡᠳᠴᠢᠯᠡᠭᠰᠡᠨ ᠤᠷᠭᠤᠮᠠᠯ ᠳᠡᠭᠡᠷ᠎ᠡ ᠳᠡᠭᠡᠷᠡᠬᠢ ᠤᠨᠴᠠᠯᠢᠭ ᠤᠳ ᠤᠨ ᠨᠢᠭᠡ ᠨᠢ ᠢᠯᠡᠷᠡᠭᠰᠡᠨ ᠪᠠᠶᠢᠪᠠᠯ᠂ ᠵᠢᠩᠬᠢᠨᠢ ᠮᠦᠭᠦ ᠶᠢᠨ ᠴᠢᠨᠠᠷᠲᠠᠢ ᠡᠪᠡᠳᠴᠢᠨ ᠤ ᠬᠦᠨᠦᠭᠡᠯ ᠭᠡᠰᠡᠨ ᠢ ᠠᠩᠬ᠎ᠠ ᠠᠯᠬᠤᠮ ᠮᠠᠭᠠᠳᠯᠠᠵᠤ ᠪᠣᠯᠣᠨ᠎ᠠ᠃          2. ᠪᠠᠺᠲ᠋ᠧᠷᠢ ᠶᠢᠨ ᠴᠢᠨᠠᠷᠲᠠᠢ ᠡᠪᠡᠳᠴᠢᠨ ᠤ ᠬᠦᠨᠦᠭᠡᠯ ᠪᠣᠯ ᠤᠷᠭᠤᠮᠠᠯ ᠤᠨ ᠡᠪᠡᠳᠴᠢᠨ ᠤ ᠬᠦᠨᠦᠭᠡᠯ ᠳᠤᠲᠤᠷᠠᠬᠢ ᠬᠠᠮᠤᠭ ᠴᠦᠬᠡᠨ ᠲᠤᠬᠢᠶᠠᠯᠳᠤᠳᠠᠭ ᠨᠢᠭᠡ ᠵᠦᠢᠯ ᠪᠣᠯᠪᠠᠴᠤ ᠮᠠᠰᠢ ᠤᠯᠠᠨ ᠪᠠᠺᠲ᠋ᠧᠷᠢ ᠶᠢᠨ ᠴᠢᠨᠠᠷᠲᠠᠢ ᠡᠪᠡᠳᠴᠢᠨ ᠤ ᠬᠦᠨᠦᠭᠡᠯ ᠨᠢ ᠲᠠᠷᠢᠶᠠᠯᠠᠯ ᠢ ᠬᠦᠨᠳᠦ ᠨᠤᠴᠢᠲᠠᠢ ᠨᠦᠯᠦᠭᠡᠯᠡᠵᠦ᠂ ᠤᠨᠠᠯᠲᠠ ᠶᠢ ᠶᠡᠭᠡ ᠪᠠᠷ ᠬᠠᠰᠤᠭᠳᠠᠭᠤᠯᠬᠤ ᠪᠣᠶᠣ ᠲᠠᠷᠢᠶ᠎ᠠ ᠶᠢ ᠪᠦᠷᠢᠮᠦᠰᠦᠨ ᠦᠭᠡᠶᠢᠬᠢᠵᠦ ᠬᠠᠶᠠᠳᠠᠭ᠃ ᠪᠠᠺᠲ᠋ᠧᠷᠢ ᠨᠢ ᠤᠷᠭᠤᠮᠠᠯ ᠤᠨ ᠬᠡᠢ ᠶᠢᠨ ᠰᠦᠪᠡ᠂ ᠰᠢᠷᠬ᠎ᠠ ᠵᠡᠷᠭᠡ ᠭᠠᠵᠠᠷ ᠢᠶᠠᠷ ᠬᠠᠯᠳᠠᠪᠤᠷᠢᠯᠠᠨ ᠤᠷᠤᠵᠤ᠂ ᠡᠪᠡᠳᠴᠢᠯᠡᠭᠰᠡᠨ ᠤ ᠰᠡᠭᠦᠯᠡᠷ ᠤᠷᠭᠤᠮᠠᠯ ᠨᠢ ᠶᠡᠷᠦ ᠳᠡᠭᠡᠨ ᠦᠬᠦᠵᠢᠬᠦ᠂ ᠢᠯᠵᠢᠷᠡᠬᠦ ᠪᠣᠶᠣ ᠦᠬᠦᠰᠢᠷᠡᠳᠡᠭ᠃      3. ᠤᠷᠭᠤᠮᠠᠯ ᠤᠨ ᠸᠢᠷᠦ᠋ᠰ ᠤᠨ ᠴᠢᠨᠠᠷᠲᠠᠢ ᠡᠪᠡᠳᠴᠢᠨ ᠤ ᠬᠦᠨᠦᠭᠡᠯ ᠢ ᠪᠠᠰᠠ ᠨᠠᠪᠴᠢ ᠠᠯᠠᠭ ᠡᠪᠡᠳᠴᠢᠨ ᠭᠡᠳᠡᠭ᠃ ᠡᠭᠦᠰᠬᠦ ᠨᠤᠷᠮ᠎ᠠ ᠨᠢ ᠵᠢᠩᠬᠢᠨᠢ ᠮᠦᠭᠦ ᠶᠢᠨ ᠴᠢᠨᠠᠷᠲᠠᠢ ᠡᠪᠡᠳᠴᠢᠨ ᠤ ᠬᠦᠨᠦᠭᠡᠯ ᠤᠨ ᠳᠠᠷᠠᠭ᠎ᠠ ᠯᠡ ᠤᠷᠤᠨ᠎ᠠ᠃ ᠸᠢᠷᠦ᠋ᠰ ᠠᠴᠠ ᠪᠣᠯᠣᠭᠰᠠᠨ ᠤᠷᠭᠤᠮᠠᠯ ᠤᠨ ᠡᠪᠡᠳᠴᠢᠨ ᠤ ᠬᠦᠨᠦᠭᠡᠯ ᠨᠢ ᠤᠯᠠᠩᠬᠢ ᠳᠠᠭᠠᠨ ᠰᠢᠰᠲ᠋ᠧᠮᠲᠦ ᠴᠢᠨᠠᠷᠲᠠᠢ ᠡᠪᠡᠳᠴᠢᠨ ᠤ ᠬᠦᠨᠦᠭᠡᠯ ᠢᠶᠠᠷ ᠢᠯᠡᠷᠡᠨ᠎ᠡ᠃ ᠳᠠᠷᠤᠢ ᠪᠦᠬᠦ ᠤᠷᠭᠤᠮᠠᠯ ᠨᠢ ᠰᠢᠷᠠᠯᠠᠬᠤ᠂ ᠨᠢᠭᠡ ᠬᠡᠰᠡᠭ ᠪᠣᠶᠣ ᠪᠦᠬᠦᠨ ᠢᠶᠠᠷ ᠢᠶᠠᠨ ᠦᠬᠦᠰᠢᠷᠡᠬᠦ᠂ ᠵᠢᠵᠢᠭ ᠨᠠᠪᠴᠢᠯᠠᠬᠤ᠂ ᠵᠢᠵᠢᠭ ᠵᠢᠮᠢᠰᠯᠡᠬᠦ᠂ ᠪᠣᠭᠤᠨᠢ ᠪᠣᠯᠬᠤ᠂ ᠰᠠᠯᠠᠭ᠎ᠠ ᠨᠢ ᠰᠠᠭᠰᠠᠶᠢᠬᠤ᠂ ᠨᠠᠪᠴᠢ ᠨᠢ ᠦᠢᠮᠡᠳᠡᠵᠦ ᠵᠡᠷᠡᠮᠳᠡᠭ ᠪᠣᠯᠬᠤ ᠵᠡᠷᠭᠡ ᠡᠪᠡᠳᠴᠢᠨ ᠤ ᠬᠤᠪᠢᠷᠠᠯᠲᠠ ᠪᠤᠯᠤᠨ ᠡᠪᠡᠳᠴᠢᠨ ᠤ ᠢᠯᠡᠷᠡᠯ ᠲᠠᠢ᠃      4. ᠹᠢᠽᠢᠣᠯᠣᠭᠢ ᠶᠢᠨ ᠴᠢᠨᠠᠷᠲᠠᠢ ᠡᠪᠡᠳᠴᠢᠨ ᠤ ᠬᠦᠨᠦᠭᠡᠯ ᠪᠣᠯ ᠨᠢᠭᠡ ᠵᠦᠢᠯ ᠤᠨ ᠬᠠᠮᠢᠶᠠᠷᠤᠯᠲᠠ ᠶᠢᠨ ᠠᠷᠭ᠎ᠠ ᠵᠣᠬᠢᠰ ᠦᠭᠡᠢ ᠠᠴᠠ ᠪᠣᠯᠵᠣ ᠤᠷᠭᠤᠮᠠᠯ ᠢ ᠨᠦᠯᠦᠭᠡᠯᠡᠬᠦ ᠡᠪᠡᠳᠴᠢᠨ ᠤ ᠬᠦᠨᠦᠭᠡᠯ ᠪᠣᠯᠣᠨ᠎ᠠ᠃ ᠵᠢᠱᠢᠶᠡᠯᠡᠪᠡᠯ ᠠᠽᠤᠲ ᠲᠤᠲᠠᠭᠳᠠᠬᠤ ᠠᠴᠠ ᠤᠷᠭᠤᠮᠠᠯ ᠤᠨ ᠨᠠᠪᠴᠢ ᠨᠢ ᠭᠦᠢᠬᠡᠨ ᠨᠤᠭᠤᠭᠠᠨ ᠪᠣᠯᠵᠣ᠂ ᠰᠠᠭᠤᠷᠢ ᠶᠢᠨ ᠨᠠᠪᠴᠢ ᠨᠢ ᠠᠭᠠᠵᠢᠮ ᠢᠶᠠᠷ ᠰᠢᠷᠠᠯᠠᠨ ᠬᠠᠲᠠᠩᠬᠢᠷᠠᠳᠠᠭ᠃ ᠺᠠᠯᠢ ᠲᠤᠲᠠᠭᠳᠠᠬᠤ ᠠᠴᠠ ᠬᠠᠭᠤᠴᠢᠨ ᠨᠠᠪᠴᠢ ᠨᠢ ᠬᠦᠷᠡᠩ ᠨᠤᠭᠤᠭᠠᠨ ᠪᠣᠯᠵᠣ᠂ ᠨᠠᠪᠴᠢᠨ ᠤ ᠬᠦᠪᠡᠭᠡ ᠪᠠᠷ ᠨᠢ ᠮᠠᠰᠢ ᠤᠯᠠᠨ ᠵᠢᠵᠢᠭ ᠬᠦᠷᠡᠩ ᠲᠤᠯᠪᠤ ᠭᠠᠷᠬᠤ ᠵᠡᠷᠭᠡ᠃ ︵ᠢᠷᠡᠯᠲᠡ᠄ ᠰᠢ ᠢᠩ ᠤᠨ ᠨᠠᠶᠢᠷᠠᠭᠤᠯᠤᠭᠰᠠᠨ ︽ᠤᠷᠭᠤᠮᠠᠯ ᠤᠨ ᠡᠪᠡᠳᠴᠢᠨ ᠬᠤᠷᠤᠬᠠᠢ ᠡᠪᠡᠰᠦᠨ ᠤ ᠬᠦᠨᠦᠭᠡᠯ ᠢ ᠬᠢᠵᠠᠭᠠᠷᠯᠠᠬᠤ ᠠᠰᠠᠭᠤᠯᠲᠠ ᠬᠠᠷᠢᠭᠤᠯᠲᠠ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶     ᠢᠷᠡᠯᠲᠡ᠄ ︽ᠤᠷᠭᠤᠮᠠᠯ ᠤᠨ ᠡᠪᠡᠳᠴᠢᠨ ᠬᠤᠷᠤᠬᠠᠢ ᠡᠪᠡᠰᠦᠨ ᠤ ᠬᠦᠨᠦᠭᠡᠯ ᠢ ᠬᠢᠵᠠᠭᠠᠷᠯᠠᠬᠤ ᠠᠰᠠᠭᠤᠯᠲᠠ ᠬᠠᠷᠢᠭᠤᠯᠲᠠ︾
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号