ᠬᠦᠨᠦᠭᠡᠯᠲᠦ ᠰᠢᠪᠡᠵᠢ ᠶᠢᠨ ᠡᠭᠦᠰᠬᠦ ᠬᠤᠭᠤᠴᠠᠭ᠎ᠠ ᠶᠢ ᠤᠷᠢᠳᠴᠢᠯᠠᠨ ᠬᠡᠮᠵᠢᠬᠦ ᠳᠤ ᠶᠠᠮᠠᠷ ᠬᠡᠳᠦᠨ ᠵᠦᠢᠯ ᠤᠨ ᠠᠷᠭ᠎ᠠ ᠪᠠᠶᠢᠳᠠᠭ ᠪᠤᠢ
ᠨᠡᠶᠢᠲᠡᠯᠡᠭᠰᠡᠨ ᠴᠠᠭ᠄
2021/2/25
     ᠬᠦᠨᠦᠭᠡᠯᠲᠦ ᠰᠢᠪᠡᠵᠢ ᠶᠢᠨ ᠡᠭᠦᠰᠬᠦ ᠬᠤᠭᠤᠴᠠᠭ᠎ᠠ ᠶᠢ ᠬᠡᠮᠵᠢᠬᠦ ᠭᠡᠳᠡᠭ ᠨᠢ ᠳᠠᠷᠤᠢ ᠶᠠᠮᠠᠷ ᠨᠢᠭᠡ ᠵᠦᠢᠯ ᠤᠨ ᠬᠦᠨᠦᠭᠡᠯᠲᠦ ᠰᠢᠪᠡᠵᠢ ᠶᠢᠨ ᠶᠠᠮᠠᠷ ᠨᠢᠭᠡᠨ ᠡᠭᠦᠰᠦᠯᠲᠡ ᠶᠢᠨ ᠱᠠᠲᠤᠨ ︵ᠵᠢᠱᠢᠶᠡᠯᠡᠪᠡᠯ ᠬᠦᠨᠦᠭᠡᠯᠲᠦ ᠰᠢᠪᠡᠵᠢ ᠶᠢᠨ ᠨᠠᠰᠤ᠂ ᠲᠦᠯᠦᠪ ᠵᠡᠷᠭᠡ︶ ᠳᠤ ᠡᠭᠦᠰᠦᠭᠰᠡᠨ ᠬᠤᠭᠤᠴᠠᠭ᠎ᠠ ᠶᠢ ᠤᠷᠢᠳᠴᠢᠯᠠᠨ ᠬᠡᠮᠵᠢᠵᠦ᠂ ᠡᠭᠦᠨ ᠢᠶᠠᠷ ᠰᠡᠷᠭᠡᠶᠢᠯᠡᠨ ᠵᠠᠰᠠᠬᠤ ᠵᠣᠬᠢᠰᠲᠠᠢ ᠬᠤᠭᠤᠴᠠᠭ᠎ᠠ ᠶᠢ ᠲᠤᠭᠲᠠᠭᠠᠬᠤ ᠦᠨᠳᠦᠰᠦᠯᠡᠯ ᠪᠤᠯᠭᠠᠨ᠎ᠠ᠃ ᠪᠤᠲᠠᠲᠠᠢ ᠠᠷᠭ᠎ᠠ ᠨᠢ ᠳᠤᠤᠷᠠᠬᠢ ᠮᠡᠲᠦ᠃      1. ᠲᠡᠦᠬᠡᠨ ᠴᠠᠭ ᠦᠶ᠎ᠠ ᠶᠢᠨ ᠠᠷᠭ᠎ᠠ᠃ ᠶᠠᠮᠠᠷ ᠨᠢᠭᠡᠨ ᠦᠶ᠎ᠡ ᠪᠣᠶᠣ ᠶᠠᠮᠠᠷ ᠨᠢᠭᠡᠨ ᠰᠢᠪᠡᠵᠢ ᠶᠢᠨ ᠲᠦᠯᠦᠪ ᠤᠨ ᠪᠤᠶᠢᠵᠢᠯᠲᠠ ᠶᠢᠨ ᠲᠡᠦᠬᠡᠨ ᠴᠠᠭ ᠦᠶ᠎ᠠ ᠶᠢ ᠦᠨᠳᠦᠰᠦᠯᠡᠵᠦ᠂ ᠳᠠᠷᠠᠭ᠎ᠠ ᠨᠢᠭᠡ ᠬᠤᠭᠤᠴᠠᠭᠠᠨ ᠤ ᠳᠤᠯᠠᠭᠠᠨ ᠤ ᠬᠡᠮᠵᠢᠶ᠎ᠠ ᠵᠡᠷᠭᠡ ᠬᠠᠮᠢᠶ᠎ᠠ ᠪᠦᠬᠦᠢ ᠤᠷᠴᠢᠨ ᠲᠤᠭᠤᠷᠢᠨ ᠤ ᠨᠦᠭᠦᠴᠡᠯ ᠲᠠᠢ ᠤᠶᠠᠯᠳᠣᠭᠤᠯᠣᠨ᠂ ᠳᠠᠷᠠᠭ᠎ᠠ ᠨᠢᠭᠡ ᠦᠶ᠎ᠡ ᠪᠣᠶᠣ ᠳᠠᠷᠠᠭ᠎ᠠ ᠨᠢᠭᠡ ᠰᠢᠪᠡᠵᠢ ᠶᠢᠨ ᠲᠦᠯᠦᠪ ᠤᠨ ᠡᠭᠦᠰᠬᠦ ᠬᠤᠭᠤᠴᠠᠭ᠎ᠠ ᠶᠢ ᠪᠤᠳᠤᠨ ᠭᠠᠷᠭᠠᠵᠤ᠂ ᠬᠤᠵᠢᠮ ᠤᠨ ᠰᠡᠷᠭᠡᠶᠢᠯᠡᠨ ᠵᠠᠰᠠᠬᠤ ᠵᠤᠬᠢᠰᠲᠠᠢ ᠬᠤᠭᠤᠴᠠᠭ᠎ᠠ᠂ ᠤᠳᠠᠭ᠎ᠠ ᠲᠤᠭ᠎ᠠ ᠪᠤᠯᠤᠨ ᠰᠡᠷᠭᠡᠶᠢᠯᠡᠨ ᠵᠠᠰᠠᠬᠤ ᠠᠷᠭ᠎ᠠ ᠶᠢ ᠲᠤᠭᠲᠠᠭᠠᠨ᠎ᠠ᠃      2. ᠬᠤᠭᠤᠴᠠᠭ᠎ᠠ ᠵᠠᠢ ᠶᠢᠨ ᠠᠷᠭ᠎ᠠ᠃ ᠶᠠᠮᠠᠷ ᠨᠢᠭᠡᠨ ᠰᠢᠪᠡᠵᠢ ᠶᠢᠨ ᠲᠦᠯᠦᠪ ᠪᠣᠶᠣ ᠨᠠᠰᠤᠨ ᠤ ᠬᠦᠨᠦᠭᠡᠯᠲᠦ ᠰᠢᠪᠡᠵᠢ ᠶᠢᠨ ᠡᠭᠦᠰᠬᠦ ᠤᠷᠭᠢᠯ ᠤᠨ ᠵᠦᠷᠢᠶ᠎ᠡ ᠶᠢ ᠦᠨᠳᠦᠰᠦᠯᠡᠨ ᠰᠡᠷᠭᠡᠶᠢᠯᠡᠨ ᠵᠠᠰᠠᠬᠤ ᠵᠣᠬᠢᠰᠲᠠᠢ ᠬᠤᠭᠤᠴᠠᠭ᠎ᠠ ᠳᠠᠬᠢ ᠡᠳᠦᠷ ᠤᠨ ᠲᠤᠭ᠎ᠠ ᠶᠢ ᠤᠷᠢᠳᠴᠢᠯᠠᠨ ᠬᠡᠮᠵᠢᠬᠦ ᠶᠢ ᠬᠤᠭᠤᠴᠠᠭ᠎ᠠ ᠵᠠᠢ ᠶᠢᠨ ᠠᠷᠭ᠎ᠠ ᠭᠡᠨ᠎ᠡ᠃      3. ᠠᠮᠢᠳᠤᠷᠠᠯ ᠤᠨ ᠬᠡᠮ ᠤᠨ ᠠᠷᠭ᠎ᠠ᠃ ᠦᠭᠡᠷ᠎ᠡ ᠪᠤᠰᠤᠳ ᠠᠮᠢᠳᠤ ᠪᠤᠳᠠᠰ ᠤᠨ ᠦᠵᠡᠭᠳᠡᠯ ᠢ ᠠᠰᠢᠭᠯᠠᠨ ᠬᠦᠨᠦᠭᠡᠯᠲᠦ ᠰᠢᠪᠡᠵᠢ ᠶᠢᠨ ᠡᠭᠦᠰᠬᠦ ᠬᠤᠭᠤᠴᠠᠭ᠎ᠠ ᠶᠢ ᠤᠷᠢᠳᠴᠢᠯᠠᠨ ᠬᠡᠮᠵᠢᠬᠦ ᠶᠢ ᠠᠮᠢᠳᠤᠷᠠᠯ ᠤᠨ ᠬᠡᠮ ᠤᠨ ᠠᠷᠭ᠎ᠠ ᠭᠡᠨ᠎ᠡ᠃      4. ᠠᠰᠢᠭᠲᠤ ᠬᠤᠷᠠᠮᠠᠯ ᠳᠤᠯᠠᠭᠠᠨ ᠤ ᠠᠷᠭ᠎ᠠ᠃ ᠵᠦᠢᠯ ᠪᠦᠷᠢ ᠶᠢᠨ ᠬᠤᠷᠤᠬᠠᠢ ᠰᠢᠪᠡᠵᠢ ᠨᠢ ᠶᠠᠮᠠᠷ ᠨᠢᠭᠡᠨ ᠪᠤᠶᠢᠵᠢᠯᠲᠠ ᠶᠢᠨ ᠶᠠᠪᠤᠴᠠ ᠳᠠᠭᠠᠨ ᠪᠦᠷ ᠵᠤᠬᠢᠬᠤ ᠬᠡᠮᠵᠢᠶᠡᠨ ᠤ ᠠᠰᠢᠭᠲᠤ ᠳᠤᠯᠠᠭᠠᠨ ᠢ ᠬᠤᠷᠠᠮᠳᠤᠭᠤᠯᠳᠠᠭ᠂ ᠡᠭᠦᠨ ᠢ ᠠᠰᠢᠭᠲᠤ ᠬᠤᠷᠠᠮᠠᠯ ᠳᠤᠯᠠᠭᠠᠨ ᠭᠡᠨ᠎ᠡ᠃ ᠤᠷᠴᠢᠨ ᠲᠤᠭᠤᠷᠢᠨ ᠤ ᠳᠤᠯᠠᠭᠠᠨ ᠤ ᠬᠡᠮᠵᠢᠶ᠎ᠡ ᠨᠢ ᠬᠤᠷᠤᠬᠠᠢ ᠰᠢᠪᠡᠵᠢ ᠶᠢᠨ ᠪᠤᠶᠢᠵᠢᠬᠤ ᠡᠬᠢᠯᠡᠯᠲᠡ ᠶᠢᠨ ᠳᠤᠯᠠᠭᠠᠨ ᠠᠴᠠ ᠦᠨᠳᠦᠷ ᠦᠶᠡᠰ ᠬᠤᠷᠤᠬᠠᠢ ᠰᠢᠪᠡᠵᠢ ᠡᠬᠢᠯᠡᠨ ᠪᠤᠶᠢᠵᠢᠨ᠎ᠠ᠃ ᠶᠡᠷᠦ ᠳᠡᠭᠡᠨ ᠠᠰᠢᠭᠲᠤ ᠳᠤᠯᠠᠭᠠᠨ ᠨᠢ ᠶᠠᠮᠠᠷ ᠨᠢᠭᠡᠨ ᠪᠤᠶᠢᠵᠢᠯᠲᠠ ᠶᠢᠨ ᠱᠠᠲᠤᠨ ᠤ ᠬᠡᠷᠡᠭᠰᠡᠬᠦ ᠴᠠᠭ ᠲᠠᠢ ᠪᠠᠨ ᠣᠷᠪᠠᠭᠤ ᠬᠠᠷᠢᠴᠠᠭ᠎ᠠ ᠲᠠᠢ ᠪᠠᠶᠢᠳᠠᠭ᠃      ︵ᠢᠷᠡᠯᠲᠡ᠄ ᠰᠢ ᠶᠢᠩ ᠤᠨ ᠨᠠᠶᠢᠷᠠᠭᠤᠯᠤᠭᠰᠠᠨ ︽ᠤᠷᠭᠤᠮᠠᠯ ᠤᠨ ᠡᠪᠡᠳᠴᠢᠨ ᠬᠤᠷᠤᠬᠠᠢ ᠡᠪᠡᠰᠦᠨ ᠤ ᠬᠦᠨᠦᠭᠡᠯ ᠢ ᠬᠢᠵᠠᠭᠠᠷᠯᠠᠬᠤ ᠠᠰᠠᠭᠤᠯᠲᠠ ᠬᠠᠷᠢᠭᠤᠯᠲᠠ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶    
 
ᠢᠷᠡᠯᠲᠡ᠄ ︽ᠤᠷᠭᠤᠮᠠᠯ ᠤᠨ ᠡᠪᠡᠳᠴᠢᠨ ᠬᠤᠷᠤᠬᠠᠢ ᠡᠪᠡᠰᠦᠨ ᠤ ᠬᠦᠨᠦᠭᠡᠯ ᠢ ᠬᠢᠵᠠᠭᠠᠷᠯᠠᠬᠤ ᠠᠰᠠᠭᠤᠯᠲᠠ ᠬᠠᠷᠢᠭᠤᠯᠲᠠ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号