ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠬᠤᠯᠪᠣᠭᠳᠠᠯ ᠪᠦᠬᠦᠢ ᠲᠦᠷᠢᠮ ᠲᠤᠭᠳᠠᠭᠠᠯ
ᠨᠡᠶᠢᠲᠡᠯᠡᠭᠰᠡᠨ ᠴᠠᠭ᠄
2021/3/1
     ᠡᠷᠬᠡ ᠶᠢᠨ ᠨᠡᠷᠡᠶᠢᠳᠦᠯ ᠄ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠬᠤᠯᠪᠣᠭᠳᠠᠯ ᠪᠦᠬᠦᠢ ᠠᠵᠢᠯ ᠤᠨ ᠵᠢᠯᠤᠭᠤᠳᠤᠯᠭ᠎ᠠ          ᠡᠷᠬᠡ ᠶᠢᠨ ᠲᠦᠷᠦᠯ ᠠᠩᠭᠢᠯᠠᠯ᠄ ᠪᠤᠰᠤᠳ ᠵᠠᠰᠠᠭ ᠵᠠᠬᠢᠷᠭᠠᠨ ᠤ ᠡᠷᠬᠡ           ᠬᠠᠷᠢᠭᠤᠴᠠᠯᠭ᠎ᠠ ᠶᠢᠨ ᠭᠤᠣᠯ ᠴᠣᠭᠴᠠ᠄  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ  ᠰᠢᠭᠤᠶ ᠪᠠ ᠨᠤᠳᠤᠭ ᠪᠡᠯᠴᠢᠭᠡᠷ ᠤᠨ ᠲᠤᠪᠴᠢᠶ᠎ᠠ        ᠲᠤᠭᠲᠠᠭᠠᠭᠰᠠᠨ ᠦᠨᠳᠦᠰᠦᠯᠡᠯ᠄  ︽ᠠᠰᠢᠭ ᠬᠤᠨᠵᠢᠪᠣᠷᠢ ᠶᠢᠨ ᠴᠢᠨᠠᠷᠲᠠᠶ ᠡᠯᠡᠰᠦ ᠵᠠᠰᠠᠬᠤ ᠬᠠᠮᠢᠶᠠᠷᠤᠯᠲᠠ ᠶᠢᠨ ᠠᠷᠭ᠎ᠠ︾ ᠶᠢᠨ ᠠᠷᠪᠠᠨ ᠵᠢᠷᠭᠤᠳᠤᠭᠠᠷ ᠵᠤᠷᠪᠤᠰ᠄ ᠠᠰᠢᠭ ᠬᠤᠨᠵᠢᠪᠣᠷᠢ ᠶᠢᠨ ᠴᠢᠨᠠᠷᠲᠠᠶ ᠡᠯᠡᠰᠦ ᠵᠠᠰᠠᠬᠤ ᠨᠢᠭᠡᠴᠡ ᠪᠠ ᠬᠤᠪᠢ ᠬᠥᠮᠦᠨ ᠨᠢ ᠤᠢ ᠰᠢᠭᠤᠶ ᠶᠢᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠵᠢᠯᠣᠭᠤᠳᠬᠤ ᠶᠢ ᠱᠠᠭᠠᠷᠳᠠᠵᠣ  ᠪᠤᠯᠣᠨ᠎ᠠ᠃ ᠤᠢ ᠰᠢᠭᠤᠶ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠰᠢᠭ ᠬᠤᠨᠵᠢᠪᠣᠷᠢ ᠤᠯᠬᠤ ᠴᠢᠨᠠᠷᠲᠠᠶ ᠡᠯᠡᠰᠦ ᠵᠠᠰᠠᠬᠤ ᠨᠢᠭᠡᠴᠡ ᠪᠠ ᠬᠤᠪᠢ ᠬᠥᠮᠦᠨ ᠤ ᠬᠦᠰᠡᠯ ᠱᠠᠭᠠᠷᠳᠠᠯᠭ᠎ᠠ ᠶᠢ ᠳᠣᠣᠷ᠎ᠠ ᠵᠢᠭᠰᠠᠭᠠᠭᠰᠠᠨ ᠲᠠᠯ᠎ᠠ ᠪᠠᠷ ᠵᠢᠯᠣᠭᠤᠳᠣᠨ᠎ᠠ᠄ ︵ᠨᠢᠭᠡ︶ ᠬᠤᠯᠪᠣᠭᠳᠠᠯ ᠪᠦᠬᠦᠢ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠤᠨ ᠲᠤᠬᠠᠶ ᠲᠦᠷᠦ ᠶᠢᠨ ᠪᠤᠳᠤᠯᠭ᠎ᠠ ᠪᠠ ᠬᠠᠤᠯᠢ ᠲᠣᠭᠲᠠᠭᠠᠯ ᠤᠨ ᠵᠥᠪᠯᠡᠯᠭᠡ ᠥᠭᠭᠦᠨ᠎ᠡ︔ ︵ᠬᠤᠶᠠᠷ︶ ᠵᠠᠰᠠᠯᠲᠠ ᠶᠢᠨ ᠲᠥᠰᠦᠯ ᠢ ᠨᠠᠶᠢᠷᠠᠭᠤᠯᠤᠨ ᠵᠣᠭᠢᠶᠠᠨ᠎ᠠ︔ ︵ᠭᠤᠷᠪᠠ︶ ᠣᠨ ᠤ ᠪᠣᠳᠠᠲᠠᠶ ᠠᠵᠢᠯᠯᠠᠭᠠᠨ ᠤ ᠵᠢᠷᠤᠭ ᠲᠥᠯᠥᠪᠯᠡᠭᠡ ᠶᠢ ᠨᠠᠶᠢᠷᠠᠭᠤᠯᠤᠨ ᠵᠣᠭᠢᠶᠠᠨ᠎ᠠ︔ ︵ᠲᠦᠷᠪᠡ︶ ᠬᠤᠯᠪᠣᠭᠳᠠᠯ ᠪᠦᠬᠦᠢ ᠮᠡᠷᠭᠡᠵᠢᠯ ᠤᠨ ᠪᠣᠯᠪᠠᠰᠤᠷᠠᠯ ᠬᠦᠷᠲᠡᠭᠡᠨ᠎ᠡ᠃           ᠬᠠᠷᠢᠭᠤᠴᠠᠬᠤ ᠵᠦᠢᠯᠡᠰ᠄   1 . ᠬᠦᠯᠢᠶᠡᠨ ᠠᠪᠴᠤ ᠰᠢᠶᠳᠪᠦᠷᠢᠯᠡᠬᠦ ᠬᠠᠷᠢᠭᠤᠴᠠᠯᠭ᠎ᠠ᠄ ᠭᠤᠶᠤᠴᠢᠯᠠᠯ ᠢ ᠣᠯᠤᠭᠰᠠᠨ ᠤ ᠳᠠᠷᠠᠭ᠎ᠠ᠂ ᠲᠡᠷᠡ ᠳᠠᠷᠤᠶ ᠳᠤᠨᠢ ᠴᠠᠭ ᠤᠨ ᠲᠤᠬᠢᠷᠠᠭᠤᠯᠤᠯᠲᠠ ᠬᠢᠨ᠎ᠡ︔         2 . ᠵᠢᠯᠣᠭᠤᠳᠣᠯᠭ᠎ᠠ ᠶᠢᠨ ᠬᠠᠷᠢᠭᠤᠴᠠᠯᠭ᠎ᠠ᠄ ᠲᠣᠭᠲᠠᠭᠰᠠᠨ ᠴᠠᠭ ᠤᠨ ᠬᠡᠪᠴᠢᠶᠡᠨ ᠳᠣᠲᠣᠷ᠎ᠠ᠂ ᠲᠤᠰᠬᠠᠶ ᠮᠡᠷᠭᠡᠵᠢᠯ ᠤᠨ ᠠᠵᠢᠯᠳᠠᠨ ᠤ ᠵᠢᠭᠠᠨ ᠵᠢᠯᠣᠭᠤᠳᠣᠯᠭ᠎ᠠ ᠶᠢ ᠦᠭᠡᠶᠢᠰᠭᠡᠨ᠎ᠡ︔       3 . ᠬᠡᠷᠡᠭ ᠤᠨ ᠳᠠᠷᠠᠭᠠᠬᠢ ᠬᠢᠨᠠᠨ ᠬᠠᠮᠢᠶᠠᠷᠬᠤ ᠬᠠᠷᠢᠭᠤᠴᠠᠯᠭ᠎ᠠ᠄  ᠬᠢᠨᠠᠯᠲᠠ ᠲᠠᠯᠪᠢᠵᠤ ᠬᠠᠮᠢᠶᠠᠷᠬᠤ  ᠠᠵᠢᠯ ᠢ ᠥᠷᠨᠢᠭᠦᠯᠦᠨ᠎ᠡ︔ 4. ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠳᠤ ᠲᠣᠭᠲᠠᠭᠠᠭᠰᠠᠨ  ᠪᠤᠰᠤᠳ ᠬᠠᠷᠢᠭᠤᠴᠠᠯᠭ᠎ᠠ ᠶᠢ ᠭᠦᠢᠴᠡᠳᠬᠡᠨ᠎ᠡ᠃           ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠢᠴᠢ ᠦᠨᠳᠦᠰᠦᠯᠡᠯ᠄  1 . ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠡᠰᠦᠷᠬᠡᠭᠵᠢᠬᠦ ᠶᠢ ᠰᠡᠷᠭᠡᠶᠢᠯᠡᠵᠦ  ᠡᠯᠡᠰᠦ ᠶᠢ ᠵᠠᠰᠠᠬᠤ ᠬᠠᠤᠯᠢ︾ ᠶᠢᠨ ᠳᠥᠴᠢᠨ ᠲᠠᠪᠤᠳᠤᠭᠠᠷ ᠵᠣᠷᠪᠤᠰ   ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠬᠢᠨᠠᠵᠤ ᠬᠠᠮᠢᠶᠠᠷᠬᠤ ᠬᠥᠮᠦᠰ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂  ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠬᠤ᠂ ᠬᠤᠪᠢ ᠶᠢᠨ ᠨᠠᠶᠢᠷ ᠢᠶᠠᠷ ᠬᠠᠤᠯᠢ ᠶᠤᠰᠣ ᠶᠢ ᠵᠦᠷᠢᠴᠡᠵᠦ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃         2 . ︽ᠠᠰᠢᠭ ᠬᠤᠨᠵᠢᠪᠣᠷᠢ ᠶᠢᠨ ᠴᠢᠨᠠᠷᠲᠠᠶ ᠡᠯᠡᠰᠦ ᠵᠠᠰᠠᠬᠤ ᠬᠠᠮᠢᠶᠠᠷᠤᠯᠲᠠ ᠶᠢᠨ ᠠᠷᠭ᠎ᠠ︾ ᠶᠢᠨ ᠬᠤᠷᠢᠨ  ᠨᠢᠭᠡᠳᠦᠭᠡᠷ ᠵᠣᠷᠪᠣᠰ    ᠤᠢ ᠰᠢᠭᠤᠶ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯᠳᠠᠨ ᠬᠠᠮᠢᠶᠠᠷᠤᠯᠲᠠ ᠶᠢᠨ ᠠᠵᠢᠯᠯᠠᠭ᠎ᠠ ᠳᠤᠮᠳᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂  ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠬᠤ᠂ ᠬᠤᠪᠢ ᠶᠢᠨ ᠨᠠᠶᠢᠷ ᠢᠶᠠᠷ ᠬᠠᠤᠯᠢ ᠶᠢ ᠵᠥᠷᠢᠴᠡᠭᠰᠡᠨ᠂ ᠬᠠᠤᠯᠢ  ᠶᠣᠰᠣᠭᠠᠷ ᠵᠠᠰᠠᠭ ᠵᠠᠬᠢᠷᠭᠠᠨ ᠤ ᠰᠢᠳᠭᠡᠯ ᠥᠭᠭᠦᠨ᠎ᠡ᠂ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣ ᠪᠠᠷ  ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠶ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号