ᠤᠢ ᠰᠢᠭᠤᠶ ᠶᠢᠨ ᠰᠠᠯᠠᠭ᠎ᠠ ᠮᠥᠴᠢᠷ ᠤᠨ ᠬᠠᠮᠢᠶᠠᠷᠤᠯᠳᠠ ᠳᠤ ᠪᠠᠶᠢᠭ᠎ᠠ ᠤᠯᠤᠰ ᠤᠨ ᠲᠠᠰ ᠤᠨ  ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠵᠢᠭᠠᠨ ᠰᠤᠷᠭᠠᠬᠤ ᠳᠠᠳᠤᠯᠭ᠎ᠠ᠂ ᠲᠣᠭᠤᠷᠢᠨ ᠦᠵᠡᠵᠦ ᠪᠠᠶᠢᠴᠠᠭᠠᠬᠤ᠂ ᠺᠢᠨᠣ᠋ ᠰᠡᠭᠦᠳᠡᠷᠯᠡᠬᠦ᠂ ᠠᠭᠤᠯᠠ ᠠᠪᠠᠷᠢᠬᠤ ᠵᠡᠷᠭᠡ ᠠᠵᠢᠯᠯᠠᠭ᠎ᠠ ᠶᠢᠨ ᠬᠢᠨᠠᠨ ᠵᠦᠪᠰᠢᠶᠡᠷᠡᠯ
ᠨᠡᠶᠢᠲᠡᠯᠡᠭᠰᠡᠨ ᠴᠠᠭ᠄
2021/3/16
     ᠡᠷᠬᠡ ᠶᠢᠨ ᠨᠡᠷᠡᠶᠢᠳᠤᠯ᠄ᠤᠢ ᠰᠢᠭᠤᠶ ᠶᠢᠨ ᠰᠠᠯᠠᠭ᠎ᠠ ᠮᠥᠴᠢᠷ ᠤᠨ ᠬᠠᠮᠢᠶᠠᠷᠤᠯᠳᠠ ᠳᠤ ᠪᠠᠶᠢᠭ᠎ᠠ ᠤᠯᠤᠰ ᠤᠨ  ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠵᠢᠭᠠᠨ ᠰᠤᠷᠭᠠᠬᠤ ᠳᠠᠳᠤᠯᠭ᠎ᠠ᠂ ᠲᠣᠭᠤᠷᠢᠨ ᠦᠵᠡᠵᠦ  ᠪᠠᠶᠢᠴᠠᠭᠠᠬᠤ᠂ ᠺᠢᠨᠣ᠋ ᠰᠡᠭᠦᠳᠡᠷᠯᠡᠬᠦ᠂ ᠠᠭᠤᠯᠠ ᠠᠪᠠᠷᠢᠬᠤ ᠵᠡᠷᠭᠡ ᠠᠵᠢᠯᠯᠠᠭ᠎ᠠ ᠶᠢᠨ ᠬᠢᠨᠠᠨ ᠵᠦᠪᠰᠢᠶᠡᠷᠡᠯ           ᠡᠷᠬᠡ ᠶᠢᠨ ᠲᠦᠷᠦᠯ ᠠᠩᠬᠢᠯᠠᠯ᠄ ᠵᠠᠰᠠᠭ ᠵᠠᠬᠢᠷᠭᠠᠨ ᠤ ᠵᠥᠪᠰᠢᠶᠡᠷᠡᠯ               ᠬᠠᠷᠢᠭᠤᠴᠠᠯᠭ᠎ᠠ ᠶᠢᠨ ᠪᠡᠶᠡᠴᠢ ᠴᠣᠭᠴᠠ᠄ ᠥᠪᠡᠷᠲᠡᠭᠡᠨ ᠵᠠᠰᠠᠬᠤ ᠣᠷᠣᠨ ᠤ ᠤᠢ ᠰᠢᠭᠤᠶ‌‍ᠪᠠ ᠨᠤᠳᠤᠭ ᠪᠡᠯᠴᠢᠭᠡᠷ ᠤᠨ ᠲᠤᠪᠴᠢᠶ᠎ᠠ            ᠲᠤᠭᠳᠠᠭᠠᠭᠰᠠᠨ ᠦᠨᠳᠦᠰᠦᠯᠡᠯ᠄  ︽ᠤᠢ ᠰᠢᠭᠤᠶ ᠪᠠ ᠵᠡᠷᠯᠢᠭ ᠠᠮᠢᠲᠠᠨ ᠤ ᠲᠦᠷᠦᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ  ᠬᠠᠮᠢᠶᠠᠷᠤᠯᠲᠠ ᠶᠢᠨ ᠠᠷᠭ᠎ᠠ︾ ᠶᠢᠨ ᠠᠷᠪᠠᠨ ᠭᠤᠷᠪᠠᠳᠤᠭᠠᠷ  ᠵᠤᠷᠪᠤᠰ   ᠪᠠᠶᠢᠭᠠᠯᠢ ᠶᠢᠨ ᠬᠠᠮᠠᠭᠠᠯᠠᠯᠲᠠ ᠶᠢᠨ  ᠣᠷᠣᠨ ᠳᠤ ᠤᠷᠤᠵᠦ ᠰᠢᠨᠵᠢᠯᠡᠬᠦ ᠤᠬᠠᠭᠠᠨ ᠤ ᠰᠤᠳᠤᠯᠤᠯ᠂ ᠵᠢᠭᠠᠨ ᠰᠤᠷᠭᠠᠬᠤ ᠳᠠᠳᠤᠯᠭ᠎ᠠ᠂ ᠲᠣᠭᠤᠷᠢᠨ ᠦᠵᠡᠵᠦ  ᠪᠠᠶᠢᠴᠠᠭᠠᠬᠤ᠂ ᠺᠢᠨᠣ᠋ ᠰᠡᠬᠦᠳᠡᠷᠯᠡᠬᠦ᠂ ᠠᠭᠤᠯᠠ ᠠᠪᠠᠷᠢᠬᠤ ᠵᠡᠷᠭᠡ ᠠᠵᠢᠯᠯᠠᠭ᠎ᠠ ᠡᠷᠬᠢᠯᠡᠵᠦ ᠪᠠᠶᠢᠭ᠎ᠠ ᠨᠢᠭᠡᠴᠡ ᠪᠠ  ᠬᠤᠪᠢ ᠬᠥᠮᠦᠨ ᠡᠷᠬᠡᠪᠰᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠴᠠ ᠳᠡᠭᠡᠭᠰᠢᠬᠢ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠢ ᠤᠯᠬᠤ ᠬᠡᠷᠡᠭᠲᠡᠶ᠃ ᠶᠠᠮᠠᠷᠪᠠ ᠰᠠᠯᠠᠭ᠎ᠠ ᠮᠥᠴᠢᠷ᠂ ᠪᠦᠯᠬᠦᠮ᠂ ᠨᠢᠭᠡᠴᠡ ᠪᠣᠯᠤᠨ ᠭᠠᠳᠠᠭᠠᠳᠤ ᠤᠯᠤᠰ ᠲᠠᠢ ᠲᠤᠭᠳᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠡᠯᠡᠯᠴᠡᠭᠡᠷ᠂ ᠭᠠᠳᠠᠭᠠᠳᠤ ᠶᠢᠨ ᠬᠥᠮᠦᠨ ᠢ ᠬᠦᠯᠢᠶᠠᠨ ᠠᠪᠴᠤ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠤᠯᠪᠣᠭᠳᠠᠯ ᠪᠦᠬᠦᠢ ᠠᠵᠢᠯᠯᠠᠭ᠎ᠠ ᠬᠢᠬᠦ ᠳᠤ ᠡᠷᠬᠡᠪᠰᠢ ᠤᠢ ᠰᠢᠭᠤᠶ ᠶᠢᠨ ᠬᠡᠯᠳᠡᠰ ᠤᠨ ᠵᠥᠪᠰᠢᠶᠡᠷᠡᠯ ᠢ ᠤᠯᠬᠤ ᠬᠡᠷᠡᠭᠲᠡᠶ︔ ᠣᠷᠣᠨ ᠨᠤᠲᠤᠭ ᠲᠤ ᠬᠤᠯᠪᠣᠭᠳᠠᠬᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ ᠡᠷᠬᠡᠪᠰᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠢ ᠤᠯᠬᠤ ᠬᠡᠷᠡᠭᠲᠡᠶ᠃ ᠵᠦᠪᠰᠢᠶᠡᠷᠡᠯ ᠢᠶᠠᠷ ᠳᠠᠮᠵᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠲᠡᠭᠡᠷ᠎ᠡ ᠳᠤᠷᠠᠳᠤᠭᠰᠠᠨ ᠠᠵᠢᠯᠯᠠᠭ᠎ᠠ  ᠬᠢᠪᠡᠯ᠂ ᠲᠤᠰ ᠠᠷᠭ᠎ᠠ ᠪᠣᠯᠤᠨ ᠬᠤᠯᠪᠣᠭᠳᠠᠯ ᠪᠦᠬᠦᠢ ᠲᠣᠭᠲᠠᠭᠠᠯ ᠢ ᠡᠷᠬᠡᠪᠰᠢ ᠵᠢᠷᠤᠮᠯᠠᠨ ᠰᠠᠬᠢᠬᠤ ᠬᠡᠷᠡᠭᠲᠡᠶ ᠪᠥᠭᠡᠳ ᠬᠠᠮᠠᠭᠠᠯᠠᠯᠲᠠ ᠬᠠᠮᠢᠶᠠᠷᠤᠯᠲᠠ ᠶᠢᠨ ᠰᠦᠢᠳᠬᠡᠯ ᠲᠤᠰᠢᠶᠠᠬᠤ ᠬᠡᠷᠡᠭᠲᠡᠶ᠃ ︽ᠲᠦᠷᠦ ᠶᠢᠨ ᠶᠠᠪᠤᠳᠠᠯ ᠤᠨ ᠬᠤᠷᠢᠶᠠᠨ ᠤ ᠨᠢᠭᠡ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠠᠰᠤᠬᠤ ᠪᠤᠶᠤ ᠲᠣᠬᠢᠷᠠᠭᠤᠯᠬᠤ ᠲᠤᠬᠠᠶ ᠲᠣᠭᠲᠠᠭᠠᠯ︾ ︵ᠲᠥᠷᠥ ᠠᠴᠠ ᠲᠠᠷᠬᠠᠭᠠᠭᠰᠠᠨ ﹇2015﹈ 11 ᠳ᠋ᠦ᠋ᠭᠡᠷ ᠲᠣᠭᠠᠲᠤ︶  ᠳᠤ ᠤᠢ ᠰᠢᠭᠤᠶ ᠶᠢᠨ ᠰᠠᠯᠠᠭ᠎ᠠ ᠮᠥᠴᠢᠷ ᠤᠨ ᠬᠠᠮᠢᠶᠠᠷᠤᠯᠳᠠ ᠳᠤ ᠪᠠᠶᠢᠭ᠎ᠠ ᠤᠯᠤᠰ ᠤᠨ ᠲᠠᠰ ᠤᠨ ᠪᠠᠶᠢᠭᠠᠯᠢ ᠶᠢᠨ  ᠬᠠᠮᠠᠭᠠᠯᠠᠯᠲᠠ ᠶᠢᠨ ᠣᠷᠣᠨ ᠳᠠᠬᠢ ᠵᠢᠭᠠᠨ ᠰᠤᠷᠭᠠᠬᠤ ᠳᠠᠳᠤᠯᠭ᠎ᠠ᠂ ᠲᠣᠭᠤᠷᠢᠨ ᠦᠵᠡᠵᠦ ᠪᠠᠶᠢᠴᠠᠭᠠᠬᠤ᠂ ᠺᠢᠨᠣ᠋ ᠰᠡᠭᠦᠳᠡᠷᠯᠡᠬᠦ᠂ ᠠᠭᠤᠯᠠ ᠠᠪᠠᠷᠢᠬᠤ ᠵᠡᠷᠭᠡ ᠠᠵᠢᠯᠯᠠᠭ᠎ᠠ ᠶᠢᠨ ᠬᠢᠨᠠᠨ ᠵᠦᠪᠰᠢᠶᠡᠷᠡᠯ ᠢ ᠮᠤᠵᠢ ᠶᠢᠨ ᠱᠠᠲᠤᠨ ᠤ  ᠠᠷᠠᠳ ᠤᠨ ᠵᠠᠰᠠᠭ ᠤᠨ ᠣᠷᠳᠣᠨ ᠤ ᠤᠢ ᠰᠢᠭᠤᠶ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠳᠣᠷᠣᠭᠰᠢ ᠮᠡᠳᠡᠭᠳᠡᠬᠦ ᠬᠡᠷᠡᠭᠲᠡᠶ᠃           ᠬᠠᠷᠢᠭᠤᠴᠠᠬᠤ ᠵᠦᠢᠯᠡᠰ᠄  1. ᠬᠦᠯᠢᠶᠡᠨ ᠠᠪᠴᠤ ᠰᠢᠶᠳᠪᠦᠷᠢᠯᠡᠬᠦ ᠬᠠᠷᠢᠭᠤᠴᠠᠯᠭ᠎ᠠ᠄ ᠬᠠᠤᠯᠢ ᠶᠣᠰᠣᠭᠠᠷ ᠲᠤᠰᠢᠶᠠᠬᠤ ᠶᠣᠰᠣᠲᠠᠶ ᠮᠠᠲ᠋ᠧᠷᠢᠶᠠᠯ ᠢ ᠵᠠᠷᠯᠠᠨ᠎ᠠ︔ ᠮᠡᠳᠡᠭᠳᠡᠬᠦ ᠮᠠᠲ᠋ᠧᠷᠢᠶᠠᠯ ᠢ ᠨᠢᠭᠡ ᠯᠡ ᠤᠳᠠᠭ᠎ᠠ ᠳᠡᠭᠡᠷ᠎ᠡ ᠨᠥᠬᠦᠪᠥᠷᠢᠯᠡᠵᠦ ᠵᠠᠯᠠᠷᠠᠭᠤᠯᠤᠨ᠎ᠠ︔ ᠬᠠᠤᠯᠢ ᠶᠣᠰᠣᠭᠠᠷ ᠬᠦᠯᠢᠶᠠᠨ ᠠᠪᠴᠤ ᠰᠢᠶᠳᠪᠦᠷᠢᠯᠡᠬᠦ ᠪᠤᠶᠤ ᠦᠯᠦ ᠬᠦᠯᠢᠶᠡᠨ ᠠᠪᠴᠤ ᠰᠢᠢᠳᠪᠦᠷᠢᠯᠡᠬᠦ ᠪᠠᠨ ᠮᠡᠳᠡᠭᠳᠡᠨ᠎ᠡ ︵ ᠬᠦᠯᠢᠶᠡᠨ ᠠᠪᠴᠤ ᠰᠢᠶᠳᠪᠦᠷᠢᠯᠡᠬᠦ ᠦᠭᠡᠶ ᠤᠴᠢᠷ ᠰᠢᠯᠲᠠᠭᠠᠨ ᠢ ᠮᠡᠳᠡᠭᠳᠡᠬᠦ︶᠃  2. ᠬᠢᠨᠠᠨ ᠪᠠᠶᠢᠴᠠᠭᠠᠬᠤ ᠬᠠᠷᠢᠭᠤᠴᠠᠯᠭ᠎ᠠ᠄ ᠭᠤᠶᠤᠴᠢᠯᠠᠯ ᠤᠨ ᠮᠠᠲ᠋ᠧᠷᠢᠶᠠᠯ ᠢ ᠬᠢᠨᠠᠨ ᠬᠠᠷᠭᠤᠭᠤᠯᠵᠦ᠂ ᠬᠢᠨᠠᠨ  ᠪᠠᠶᠢᠴᠠᠭᠠᠭᠰᠠᠨ ᠰᠠᠨᠠᠯ ᠢᠶᠠᠨ ᠳᠤᠷᠠᠳᠬᠤ ᠶᠣᠰᠣᠲᠠᠶ᠃  3. ᠬᠠᠷᠢᠭᠤᠴᠠᠯᠭ᠎ᠠ ᠲᠤᠭᠳᠠᠭᠠᠬᠤ᠄ ᠵᠠᠰᠠᠭ ᠵᠠᠬᠢᠷᠭᠠᠨ ᠤ ᠵᠥᠪᠰᠢᠶᠡᠷᠡᠯ ᠪᠤᠶᠤ ᠦᠯᠦ ᠵᠥᠪᠰᠢᠶᠡᠷᠡᠬᠦ ᠲᠣᠭᠲᠠᠭᠠᠯ ᠭᠠᠷᠭᠠᠨ᠎ᠠ ︵ᠦᠯᠦ ᠵᠥᠪᠰᠢᠶᠡᠷᠡᠬᠦ ᠤᠴᠢᠷ ᠰᠢᠯᠲᠠᠭᠠᠨ ᠢ ᠮᠡᠳᠡᠭᠳᠡᠬᠦ ᠬᠡᠷᠡᠭᠲᠡᠶ︶᠃  4. ᠬᠦᠷᠭᠡᠬᠦ ᠬᠠᠷᠢᠭᠤᠴᠠᠯᠭ᠎ᠠ᠄ ᠬᠢᠨᠠᠨ ᠵᠥᠪᠰᠢᠶᠡᠷᠡᠬᠦ ᠰᠠᠨᠠᠯ ᠭᠠᠷᠭᠠᠨ᠂ ᠭᠤᠶᠤᠴᠢᠯᠠᠭᠴᠢ ᠳᠤ ᠲᠤᠰᠢᠶᠠᠨ᠎ᠠ᠃  5. ᠬᠡᠷᠡᠭ ᠤᠨ ᠲᠠᠷᠠᠭ᠎ᠠ ᠬᠢᠨᠠᠯᠲᠠ ᠲᠠᠯᠪᠢᠬᠤ ᠬᠠᠷᠢᠭᠤᠴᠠᠯᠭ᠎ᠠ᠄ ᠲᠣᠭᠲᠠᠮᠠᠯ ᠬᠤᠭᠤᠴᠠᠭ᠎ᠠ ᠲᠠᠢ ᠪᠠᠷ ᠯᠠᠪᠯᠠᠨ ᠠᠰᠠᠭᠤᠵᠤ᠂ ᠠᠵᠢᠯᠯᠠᠭ᠎ᠠ ᠶᠢᠨ ᠦᠷ᠎ᠡ ᠪᠦᠲᠦᠭᠡᠯ ᠤᠨ ᠬᠠᠭᠤᠯᠪᠤᠷᠢ ᠳᠡᠪᠲᠡᠷ ᠶᠢ ᠨᠡᠬᠡᠮᠵᠢᠯᠡᠨ ᠲᠤᠰᠢᠶᠠᠯᠭᠠᠨ᠎ᠠ᠃  6. ᠪᠤᠰᠤᠳ ᠬᠠᠤᠯᠢ ᠴᠠᠭᠠᠵᠠ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠳᠤ  ᠲᠣᠭᠲᠠᠭᠠᠭᠰᠠᠨ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ᠃            ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠢᠴᠢ ᠦᠨᠳᠦᠰᠦᠯᠡᠯ᠄     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ︾ ᠶᠢᠨ ᠳᠥᠴᠢᠨ  ᠵᠢᠷᠭᠤᠳᠤᠭᠠᠷ ᠵᠤᠷᠪᠤᠰ   ᠤᠢ ᠰᠢᠭᠤᠶ ᠶᠢᠨ ᠡᠬᠢ ᠪᠠᠶᠠᠯᠢᠭ ᠢ ᠬᠠᠮᠠᠭᠠᠯᠠᠵᠤ ᠬᠢᠨᠠᠨ ᠬᠠᠮᠢᠶᠠᠷᠬᠤ ᠠᠵᠢᠯ ᠬᠢᠵᠦ ᠪᠠᠶᠢᠭ᠎ᠠ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠠᠵᠢᠯᠳᠡᠠ ᠪᠣᠯᠤᠨ ᠲᠦᠷᠦ ᠶᠢᠨ ᠪᠠᠶᠢᠭᠤᠯᠭ᠎ᠠ ᠶᠢᠨ ᠪᠤᠰᠤᠳ ᠬᠤᠯᠪᠣᠭᠳᠠᠯ ᠪᠦᠬᠦᠢ ᠠᠵᠢᠯᠳᠡᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ  ᠬᠡᠷᠡᠭᠯᠡᠬᠦ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠬᠤ᠂ ᠬᠤᠪᠢ ᠶᠢᠨ ᠨᠠᠶᠢᠷ ᠢᠶᠠᠷ ᠬᠠᠤᠯᠢ ᠶᠢ ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠬᠠᠷᠠᠬᠠᠨ ᠶᠠᠯ᠎ᠠ ᠪᠣᠯᠵᠥ ᠪᠦᠷᠢᠯᠳᠦᠭᠰᠡᠨ ᠥᠭᠡᠢ ᠪᠠᠶᠢᠪᠠᠯ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠃    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠥᠷᠢᠮ︾ ᠶᠢᠨ ᠳᠥᠴᠢᠨ ᠨᠢᠭᠡᠳᠦᠭᠡᠷ ᠵᠤᠷᠪᠤᠰ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ  ᠬᠠᠮᠢᠶᠠᠷᠤᠯᠲᠠ ᠶᠢᠨ ᠠᠵᠢᠯᠳᠡᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠲᠤᠰᠢᠶᠠᠯ  ᠬᠠᠷᠢᠭᠤᠴᠠᠯᠭ᠎ᠠ ᠪᠠᠨ ᠣᠮᠲᠣᠭᠠᠶᠢᠯᠠᠬᠤ᠂ ᠬᠤᠪᠢ ᠶᠢᠨ ᠨᠠᠶᠢᠷ ᠢᠶᠠᠷ ᠬᠠᠤᠯᠢ ᠢ ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠠ︔ ᠦᠢᠯᠠ ᠪᠠᠶᠢᠳᠠᠯ ᠨᠢ  ᠬᠦᠡᠭᠭᠡᠠ  ᠂ ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠦᠭᠡᠢ ᠪᠠᠶᠢᠪᠠᠯ᠂ ᠲᠡᠭᠦᠨ ᠤ ᠪᠠᠶᠢᠭ᠎ᠠ ᠨᠢᠭᠡᠴᠡ ᠪᠤᠶᠤ ᠳᠡᠭᠡᠳᠦ  ᠱᠠᠲᠤᠨ ᠤ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号