ᠲᠠᠪᠢᠬᠦᠷᠯᠢᠭ ᠮᠥᠭᠦ ᠲᠡᠷᠢᠬᠰᠠᠨ ᠪᠠᠶᠠᠵᠢᠯ ᠤᠨ ᠵᠠᠮ
ᠨᠡᠶᠢᠲᠡᠯᠡᠭᠰᠡᠨ ᠴᠠᠭ᠄
2021/3/23
     ︽ᠡᠳᠦᠷ ᠡᠳᠤᠷ ᠰᠦᠨᠢ ᠲᠦᠯᠢ ᠪᠠᠷ ᠪᠤᠰᠴᠦ ᠮᠥᠭᠦ ᠲᠡᠭᠦᠨ᠎ᠠ᠂ ᠵᠠᠷᠢᠮ ᠳᠠᠭᠠᠨ ᠡᠳᠦᠷ ᠲᠤ 1000 ᠭᠠᠷᠤᠶ ᠵᠢᠩ ᠲᠡᠭᠦᠵᠦ᠂ ᠬᠠᠮᠤᠭ ᠤᠨ ᠪᠠᠭ᠎ᠠ ᠳᠠᠭᠠᠨ 500 ᠵᠢᠩ ᠲᠡᠬᠦᠳᠡᠭ᠂ ᠲᠡᠭᠦᠭᠰᠡᠡ ᠮᠦᠬᠦ ᠪᠠᠨ ᠦᠷᠯᠦᠬᠡ ᠶᠢᠨ 2 ᠴᠠᠭ ᠠᠴᠠ ᠡᠮᠦᠨ᠎ᠡ ᠰᠢᠶᠠᠨ ᠤ ᠴᠦᠨ ᠵᠧᠦ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠲᠤ ᠬᠦᠷᠭᠡᠨ᠎ᠡ᠂ ᠰᠢᠨ᠎ᠡ ᠰᠣᠷᠭᠤᠭ ᠮᠥᠭᠦ ᠠᠮᠲᠠᠲᠠᠢ ᠪᠤᠯᠬᠤᠷ ᠬᠦᠮᠦᠰ ᠪᠤᠯᠢᠶᠠᠯᠳᠤᠨ ᠠᠪᠳᠠᠭ︾ ᠭᠡᠵᠦ ᠱᠦᠢᠴᠢᠤᠸᠠᠨ ᠪᠠᠯᠭᠠᠰᠤᠨ ᠤ ᠰᠢᠶᠤᠤ ᠫᠤᠤ ᠽᠢ ᠲᠣᠰᠬᠤᠨ ᠤ ᠲᠠᠷᠢᠮᠠᠯ ᠤᠨ ᠡᠷᠦᠬᠡ ᠯᠢᠦᠢ ᠳ᠋ᠢᠶᠠᠨ ᠭᠠᠩ ᠲᠠᠨᠢᠯᠴᠠᠭᠤᠯᠪᠠ᠃      ᠠᠵᠤ ᠦᠢᠯᠡᠰ ᠬᠥᠭᠵᠢᠪᠡᠯ ᠣᠯᠠᠨ ᠲᠦᠮᠡᠨ ᠪᠠᠶᠠᠵᠢᠨ᠎ᠠ᠃ ᠲᠠᠷᠢᠮᠠᠯ ᠤᠨ ᠡᠷᠦᠬᠡ ᠯᠢᠦᠶ ᠳ᠋ᠢᠶᠠᠨ ᠭᠠᠩ ᠤᠨ ᠲᠡᠪᠢᠬᠦᠷᠯᠢᠭ ᠮᠥᠭᠦ ᠳᠠᠷᠢᠵᠥ ᠪᠠᠶᠢᠭ᠎ᠠ ᠬᠦᠯᠡᠮᠵᠢᠨ ᠳᠤ ᠣᠷᠣᠬᠤ ᠳᠤ᠂ ᠮᠥᠷ ᠮᠥᠷ ᠮᠦᠬᠦ ᠶᠢᠨ ᠪᠠᠭᠠᠨᠠᠨᠴᠢᠷ ᠵᠢᠭᠳᠡᠷᠡᠵᠥ᠂ ᠪᠤᠳᠠ ᠪᠤᠳᠡ ᠲᠡᠪᠢᠬᠦᠷᠯᠢᠭ ᠮᠥᠭᠦ ᠪᠠᠭᠠᠨᠠᠨᠴᠢᠷ ᠢ ᠨᠡᠪᠳᠡᠯᠤᠨ ᠭᠠᠷᠤᠭᠰᠠᠠ ᠨᠢ ᠶᠠᠭ ᠯᠠ ᠲᠡᠯᠬᠡᠭᠰᠡᠨ ᠵᠢᠵᠢᠭ ᠰᠢᠬᠦᠷ ᠰᠢᠭ ᠬᠠᠷᠠᠬᠳᠠᠨ᠎ᠠ᠃ ᠡᠨᠡ ᠪᠣᠯ ᠯᠢᠦᠢ ᠳ᠋ᠢᠶᠠᠨ ᠭᠠᠩ ᠤᠨ ︽ᠪᠠᠶᠠᠵᠢᠯ ᠤᠨ ᠰᠢᠬᠦᠷ︾ ᠪᠠᠶᠢᠵᠥ᠂ ᠲᠡᠷᠡ ᠲᠣᠭᠲᠠᠭᠤᠨ ᠢᠶᠠᠷ ᠪᠠᠶᠠᠵᠢᠯ ᠤᠨ ᠵᠠᠮ ᠢᠶᠠᠷ ᠵᠠᠮᠨᠠᠵᠡᠢ᠃      ︽ᠮᠥᠭᠦ ᠶᠢᠨ ᠡᠳᠦᠷ ᠤᠨ ᠣᠷᠣᠯᠭ᠎ᠠ 1500 ᠭᠠᠷᠤᠢ ᠲᠥᠭᠦᠷᠢᠭ ᠲᠤ ᠬᠦᠷᠴᠤ ᠪᠠᠶᠢᠨ᠎ᠠ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠠᠬᠢᠶᠠᠯᠠᠭ᠎ᠠ ᠠᠷᠪᠢᠨ᠂ ᠡᠳᠦᠷ ᠤᠨ ᠣᠷᠣᠯᠭ᠎ᠠ 4000 ᠭᠠᠷᠤᠢ ᠲᠥᠭᠦᠷᠢᠭ ᠲᠤ ᠬᠦᠷᠴᠠᠢ︾ ᠬᠡᠵᠦ ᠯᠢᠦᠶ ᠳ᠋ᠢᠶᠠᠨ ᠭᠠᠩ ᠶᠠᠷᠢᠵᠦ ᠪᠠᠶᠢᠯ᠎ᠠ᠃ 56 ᠨᠠᠰᠤᠲᠠᠢ ᠯᠢᠦᠢ ᠳ᠋ᠢᠶᠠᠨ ᠭᠠᠩ ᠭᠠᠳᠠᠭᠰᠢ ᠭᠠᠷᠴᠤ ᠬᠥᠯᠥᠰᠥᠨ ᠠᠵᠢᠯ ᠬᠢᠭᠡᠳ 22 ᠵᠢᠯ ᠪᠣᠯᠵᠠᠢ᠂ ᠦᠳᠡᠯᠬᠦ ᠶᠢᠨ ᠦᠵᠦᠬᠦᠷ ᠨᠤᠳᠤᠭ ᠰᠠᠨᠠᠭᠳᠠᠨ᠎ᠠ ᠬᠡᠭᠴᠢ ᠪᠠᠷ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠶᠢ ᠰᠠᠨᠠᠭᠠᠴᠢᠯᠠᠵᠦ᠂ ᠨᠢᠳᠤᠨᠤᠠ ᠤ 5 ᠰᠠᠷ᠎ᠠ ᠳᠤ᠂ ᠡᠬᠡᠨᠡᠷ ᠬᠡᠦᠬᠡᠳ ᠢᠶᠠᠨ ᠲᠡᠭᠠᠭᠤᠯᠤᠠ᠂ ᠭᠠᠳᠠᠨ᠎ᠠ ᠭᠠᠵᠠᠷ ᠤᠯᠠᠨ ᠵᠢᠯ ᠲᠠᠷᠢᠮᠠᠯ ᠤᠨ ᠦᠢᠯᠡᠰ ᠡᠵᠡᠩᠨᠡᠭᠡᠳ ᠬᠤᠷᠠᠮᠳᠤᠭᠤᠯᠤᠬᠰᠠᠠ ᠲᠤᠷᠰᠢᠯᠭ᠎ᠠ ᠳᠠᠭᠠᠨ ᠲᠦᠰᠢᠭᠯᠡᠡ᠂ ᠬᠦᠷᠢᠶᠡᠨ ᠳᠡᠭᠡᠨ 400 ᠲᠡᠭᠰᠢ ᠳᠥᠷᠪᠡᠯᠵᠢᠨ ᠮᠧᠳ᠋ᠷ ᠤᠨ ᠬᠦᠯᠡᠮᠵᠢ ᠪᠠᠶᠢᠭᠤᠯᠵᠡᠢ᠃      ︽ᠴᠠᠩᠴᠦ᠋ᠨ ᠳᠤ ᠬᠦᠯᠤᠰᠤᠠ ᠠᠵᠢᠯ ᠬᠢᠵᠦ ᠪᠠᠶᠢᠬᠰᠠᠨ᠂ ᠭᠠᠵᠠᠷ ᠣᠷᠣᠨ ᠤ ᠵᠥᠷᠢᠶ᠎ᠠ ᠶᠡᠭᠡ᠂ ᠲᠡᠨᠳᠡᠬᠢ ᠲᠦᠭᠦᠬᠡᠢ ᠮᠠᠲ᠋ᠧᠷᠢᠶᠠᠯ ᠮᠠᠰᠢ ᠦᠨᠡᠲᠡᠢ᠂ ᠮᠠᠨ ᠤ ᠠᠳᠡᠬᠢ ᠡᠬᠢ ᠪᠠᠶᠠᠯᠢᠭ ᠡᠯᠪᠡᠭ᠂ ᠲᠦᠭᠦᠬᠡᠢ ᠮᠠᠲ᠋ᠧᠷᠢᠶᠠᠯ ᠴᠤ ᠴᠠᠩᠴᠦ᠋ᠨ ᠠᠴᠠ ᠬᠢᠮᠳᠠ᠃ ᠲᠡᠪᠢᠬᠦᠷᠯᠢᠭ ᠮᠥᠭᠦ ᠳᠠᠷᠢᠬᠤ ᠳᠤ ᠦᠷ᠎ᠡ ᠠᠰᠢᠭ ᠤᠯᠬᠤ ᠨᠢ ᠲᠦᠷᠭᠡᠨ ᠪᠥᠭᠡᠳ ᠠᠷᠠᠴᠢᠯᠠᠬᠤ ᠳᠤ ᠠᠮᠠᠷ᠂ ᠮᠡᠷᠭᠡᠵᠢᠯ ᠤᠨ ᠱᠠᠭᠠᠷᠳᠠᠯᠭ᠎ᠠ ᠲᠡᠶᠢᠮᠤ ᠦᠨᠳᠤᠷ ᠪᠢᠰᠢ᠂ ᠵᠢᠱᠢᠯᠲᠡ ᠪᠠᠷ ᠵᠢᠯ ᠤᠨ ᠣᠷᠣᠯᠭ᠎ᠠ 20 ᠭᠠᠷᠤᠢ ᠲᠦᠮᠡᠨ ᠲᠥᠭᠦᠷᠢᠭ ᠲᠤ ᠬᠦᠷᠦᠨ᠎ᠠ︾ ᠬᠡᠵᠦ ᠯᠢᠦᠶ ᠳ᠋ᠢᠶᠠᠨ ᠭᠠᠩ ᠶᠠᠷᠢᠪᠠ᠃      ᠯᠢᠦᠶ ᠳ᠋ᠢᠶᠠᠨ ᠭᠠᠩ ᠲᠡᠪᠢᠬᠦᠷᠯᠢᠭ ᠮᠥᠭᠦ ᠲᠡᠷᠢᠬᠤ ᠠᠵᠤ ᠦᠢᠯᠡᠰ ᠢᠶᠠᠨ ᠬᠥᠭᠵᠢᠭᠦᠯᠬᠦ ᠶᠢᠨ ᠬᠠᠮᠲᠤ ᠪᠠᠰᠠ 40 ᠰᠠᠭᠠᠯᠢ ᠶᠢᠨ ᠢᠮᠠᠭ᠎ᠠ ᠬᠤᠳᠠᠯᠳᠤᠨ ᠠᠪᠴᠤ ᠮᠠᠯᠵᠢᠨ᠂ ᠠᠵᠢᠯᠴᠢ ᠬᠤᠶᠠᠷ ᠭᠠᠷ ᠢᠶᠠᠷ ᠢᠶᠠᠨ ᠵᠣᠯ ᠵᠢᠷᠭᠠᠯᠲᠤ ᠰᠠᠶᠢᠨ ᠰᠠᠶᠢᠬᠠᠨ ᠢᠷᠡᠭᠡᠳᠦᠶ ᠪᠠᠨ ᠴᠢᠷᠮᠠᠶᠢᠨ ᠴᠣᠭᠴᠠᠯᠠᠵᠦ ᠪᠠᠶᠢᠨ᠎ᠠ᠃ ︽ᠲᠠᠷᠠᠭᠠᠴᠢ ᠪᠠᠷ ᠲᠠᠷᠢᠬᠤ ᠬᠡᠪᠴᠢᠶ᠎ᠠ ᠪᠠᠨ ᠥᠷᠭᠡᠳᠬᠡᠬᠦ ᠰᠠᠨᠠᠭ᠎ᠠ ᠲᠠᠢ᠂ ᠭᠠᠷᠤᠯᠲᠠ ᠪᠠᠨ ᠳᠡᠭᠡᠭᠰᠢᠯᠡᠭᠦᠯᠪᠡᠯ ᠬᠤᠳᠠᠯᠳᠤᠭᠠᠴᠢᠳ ᠢ ᠲᠡᠳᠠᠵᠥ ᠳᠡᠶᠢᠯᠦᠨ᠎ᠠ᠂ ᠲᠡᠬᠢᠪᠠᠯ ᠲᠣᠰᠬᠤᠨ ᠤ ᠠᠬ᠎ᠠ ᠳᠡᠭᠦᠦ ᠨᠡᠷ ᠢᠶᠠᠨ ᠲᠠᠶᠢᠴᠢᠯᠠᠬᠤ ᠰᠠᠨᠠᠭᠠᠳᠠᠢ᠂ ᠮᠦᠬᠦ ᠲᠡᠷᠢᠬᠤ ᠳᠤᠷᠠᠲᠠᠢ ᠬᠦᠮᠦᠨ ᠪᠠᠶᠢᠪᠠᠯ ᠪᠢ ᠰᠦᠢᠳᠭᠡᠯ ᠠᠪᠬᠤ ᠦᠭᠡᠢ ᠪᠠᠷ ᠵᠢᠭᠠᠵᠦ ᠦᠭᠬᠦᠨ᠎ᠠ︾ ᠬᠡᠵᠦ ᠯᠢᠦᠶ ᠳ᠋ᠢᠶᠠᠨ ᠭᠠᠩ ᠪᠠᠶᠠᠷᠳᠠᠢ ᠶᠠᠷᠢᠵᠦ ᠪᠢᠯᠡ᠃    
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号