ᠰᠢ ᠶᠢᠨ ᠫᠢᠩ ᠲᠦᠩᠯᠦ᠋ᠨ ᠤ ᠯᠠᠤᠰ ᠤᠨ ᠤᠯᠤᠰ ᠤᠨ ᠲᠡᠷᠢᠭᠦᠯᠡᠭᠴᠢ ᠪᠠᠷ ᠰᠤᠩᠭᠤᠭᠲᠠᠭᠰᠠᠠ ᠳᠤ ᠪᠠᠶᠠᠷ ᠤᠨ ᠴᠠᠬᠢᠯᠭᠠᠠ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2021/3/25
     3 ᠰᠠᠷ᠎ᠠ ᠶᠢᠨ 23 ᠤ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠯᠠᠤᠰ ᠤᠨ ᠠᠷᠠᠳ ᠤᠨ ᠬᠤᠪᠢᠰᠬᠠᠯᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠲᠦᠩᠯᠦ᠋ᠨ ᠳᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠤ ᠯᠠᠤᠰ ᠤᠨ ᠤᠯᠤᠰ ᠤᠨ ᠲᠡᠷᠢᠭᠦᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃      ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠳᠤᠮᠳᠠᠳᠤ ᠯᠠᠤᠰ ᠪᠣᠯ ᠠᠭᠤᠯᠠ ᠤᠰᠤ ᠪᠠᠷ ᠢᠶᠠᠨ ᠵᠠᠯᠭᠠᠯᠳᠤᠭᠰᠠᠨ ᠨᠥᠬᠦᠷᠰᠡᠭ ᠬᠥᠷᠰᠢ ᠪᠤᠯᠤᠨ᠎ᠠ᠂ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠲᠤᠷᠰᠢ᠂ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠰᠠᠯᠬᠢ ᠳᠠᠪᠠᠯᠭᠠᠨ ᠢ ᠰᠦᠷᠦᠨ ᠤᠷᠤᠭᠰᠢᠯᠠᠵᠤ᠂ ᠶᠠᠪᠤᠬᠤ ᠲᠤᠳᠤᠮ ᠪᠠᠬᠢᠵᠢᠪᠡ᠃ ᠤᠢᠢᠷ᠎ᠠ ᠶᠢᠨ ᠵᠢᠯ ᠤᠳ ᠲᠤ᠂ ᠲᠤᠮᠳᠠᠳᠤ ᠯᠠᠤᠰ ᠤᠨ ᠤᠯᠠᠮᠵᠢᠯᠠᠯᠲᠤ ᠨᠥᠬᠦᠷᠯᠡᠯ ᠰᠢᠨ᠎ᠡ ᠬᠥᠭᠵᠢᠯᠲᠡ ᠲᠠᠢ ᠪᠤᠯᠵᠤ᠂ ᠪᠠᠶᠢᠯᠳᠤᠬᠤ ᠪᠤᠳᠤᠯᠭ᠎ᠠ ᠶᠢᠨ ᠢᠲᠡᠭᠡᠯᠴᠡᠭᠡ ᠰᠢᠨ᠎ᠡ ᠳᠠᠪᠰᠢᠯᠳᠠ ᠲᠠᠢ ᠪᠤᠯᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠰᠢᠨ᠎ᠡ ᠠᠬᠢᠴᠠ ᠲᠠᠢ ᠪᠤᠯᠵᠤ᠂ ᠬᠤᠶᠠᠷ ᠲᠠᠯ᠎ᠠ ᠶᠢᠨ ᠬᠠᠷᠢᠯᠴᠠᠭ᠎ᠠ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠰᠢᠨ᠎ᠡ ᠴᠠᠭ ᠦᠶ᠎ᠡ ᠳᠤ ᠣᠷᠣᠪᠠ᠃ ᠨᠢᠳᠤᠨᠤᠨ ᠠᠴᠠ ᠨᠠᠭᠠᠰᠢ᠂ ᠪᠢᠳᠡ ᠭᠠᠷ ᠬᠤᠯᠪᠣᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠵᠦ᠂ ᠳᠤᠮᠳᠠᠳᠤ ᠯᠠᠤᠰ ᠤᠨ ᠬᠤᠪᠢ ᠵᠠᠶᠠᠭᠠᠨ ᠤ ᠬᠠᠮᠲᠤ ᠴᠣᠭᠴᠠ ᠶᠢᠨ ᠵᠣᠷᠢᠭ ᠰᠠᠨᠠᠭ᠎ᠠ ᠶᠢ ᠠᠮᠢᠳᠤᠯᠢᠭ ᠢᠶᠠᠷ ᠲᠤᠳᠤᠷᠬᠠᠢᠢᠯᠠᠨ ᠲᠠᠶᠢᠯᠪᠤᠷᠢᠯᠠᠵᠤ᠂ ᠠᠬ᠎ᠠ ᠳᠡᠭᠦᠤ ᠮᠡᠲᠦ ᠨᠥᠬᠦᠷᠰᠡᠭ ᠬᠠᠶᠢᠷ᠎ᠠ ᠰᠡᠳᠬᠢᠯᠭᠡ ᠶᠢ ᠪᠠᠬᠢᠵᠢᠭᠦᠯᠦᠨ ᠭᠦᠨᠵᠡᠭᠡᠶᠢᠷᠡᠭᠦᠯᠵᠠᠢ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠳᠤ ᠲᠤᠯᠭᠠᠷᠠᠵᠤ᠂ ᠳᠤᠮᠳᠠᠳᠤ ᠯᠠᠤᠰ ᠤᠨ ᠬᠠᠷᠢᠯᠴᠠᠭ᠎ᠠ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠃ ᠪᠢ ᠳᠤᠮᠳᠠᠳᠤ ᠯᠠᠤᠰ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠲᠦᠩᠯᠦ᠋ᠨ ᠲᠠᠢ ᠬᠠᠮᠲᠤ ᠪᠠᠷ ᠴᠢᠷᠮᠠᠶᠢᠵᠤ ᠪᠠᠶᠢᠭᠠᠳ ᠳᠤᠮᠳᠠᠳᠤ ᠯᠠᠤᠰ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠶᠢ ᠴᠢᠨᠠᠭᠰᠢᠳᠠ ᠪᠠᠬᠢᠵᠢᠭᠦᠯᠦᠨ ᠥᠷᠭᠡᠳᠬᠡᠵᠦ᠂ ᠬᠤᠶᠠᠷ ᠤᠯᠤᠰ ᠤᠨ ᠠᠷᠠᠳ ᠲᠦᠮᠡᠨ ᠤ ᠪᠤᠶᠠᠨ ᠵᠢᠷᠭᠠᠯ ᠪᠣᠯᠤᠨ ᠨᠥᠬᠦᠷᠯᠡᠯ ᠢ ᠵᠤᠵᠠᠭᠠᠳᠬᠠᠵᠤ᠂ ᠳᠤᠮᠳᠠᠳᠤ ᠯᠠᠤᠰ ᠤᠨ ᠬᠤᠪᠢ ᠵᠠᠶᠠᠭᠠᠨ ᠤ ᠬᠠᠮᠲᠤ ᠴᠣᠭᠴᠠ ᠶᠢᠨ ᠪᠠᠶᠢᠭᠤᠯᠤᠯᠲᠠ ᠶᠢᠨ ᠲᠠᠰᠤᠷᠠᠯᠳᠠ ᠦᠭᠡᠢ ᠰᠢᠨ᠎ᠡ ᠦᠨᠳᠦᠷᠴᠡ ᠳᠤ ᠭᠠᠷᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃      ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠫᠠᠨᠺᠠᠠ ᠤ ᠯᠠᠤᠰ ᠤᠨ ᠵᠠᠰᠠᠭ ᠤᠨ ᠤᠷᠲᠤᠨ ᠤ ᠶᠡᠷᠦᠩᠭᠡᠢ ᠰᠠᠶᠢᠳ ᠢᠶᠠᠷ ᠰᠤᠩᠭᠤᠭᠲᠠᠭᠰᠠᠠ ᠳᠤ ᠴᠠᠬᠢᠯᠭᠠᠠ ᠴᠢᠮᠡᠭᠡ ᠶᠠᠪᠤᠭᠤᠯᠵᠤ ᠪᠡᠶᠠᠷ ᠬᠦᠷᠭᠡᠨ᠂ ᠳᠤᠷᠠᠲᠠᠶ᠎ᠠ ᠶᠡᠷᠦᠩᠬᠡᠢ ᠰᠠᠶᠢᠳ ᠫᠠᠨᠺᠠᠨ ᠲᠠᠢ ᠬᠠᠮᠲᠤ ᠪᠠᠷ ᠴᠢᠷᠮᠠᠶᠢᠵᠤ ᠪᠠᠶᠢᠭᠠᠳ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠠᠭᠤᠯᠤᠭᠳᠠᠬᠤᠨ ᠢ ᠲᠠᠰᠤᠷᠠᠯᠳᠡ ᠦᠭᠡᠢ ᠲᠡᠭᠦᠯᠳᠡᠷᠵᠢᠭᠦᠯᠤᠨ᠂ ᠳᠤᠮᠳᠠᠳᠤ ᠯᠠᠤᠰ ᠤᠨ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠦᠢᠯᠡᠰ ᠤᠨ ᠲᠠᠰᠤᠷᠠᠯᠳᠡ ᠦᠭᠡᠢ ᠰᠢᠨ᠎ᠡ ᠠᠬᠢᠴᠠ ᠲᠠᠢ ᠪᠣᠯᠬᠤ ᠶᠢ ᠠᠬᠢᠭᠤᠯᠤᠨ᠎ᠠ ᠭᠡᠵᠦ ᠢᠯᠡᠳᠬᠡᠪᠡ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号