ᠨᠤᠳᠤᠭ ᠪᠡᠯᠴᠢᠭᠡᠷ ᠤᠨ ᠠᠮᠢ ᠠᠬᠤᠢ ᠶᠢᠨ ᠴᠢᠳᠠᠪᠤᠷᠢ ᠭᠢᠭᠡᠳ ᠲᠠᠭᠠᠭᠠᠴᠠ ᠴᠢᠳᠠᠯ ᠢ ᠭᠡᠷᠭᠢᠨ ᠵᠦᠪ ᠲᠠᠨᠢᠬᠤ ᠪᠤᠢ︖
ᠨᠡᠶᠢᠲᠡᠯᠡᠭᠰᠡᠨ ᠴᠠᠭ᠄
2021/3/5
     ᠰᠡᠷᠢᠬᠦᠨ ᠪᠦᠰᠡ ᠶᠢᠨ ᠬᠠᠭᠠᠰ ᠴᠢᠭᠢᠭᠯᠢᠭ᠂ ᠬᠠᠭᠠᠰ ᠭᠠᠩ ᠬᠠᠭᠤᠷᠠᠢ ᠪᠠ ᠭᠠᠩ ᠬᠠᠭᠤᠷᠠᠢ ᠠᠭᠤᠷ ᠠᠮᠢᠰᠬᠤᠯ ᠤᠨ ᠭᠠᠵᠠᠷ ᠤᠷᠤᠨ ᠨᠢ ᠠᠩᠬᠠᠨ ᠤ ᠱᠠᠳᠤᠨ ᠤ ᠦᠢᠯᠡᠳᠪᠤᠷᠢᠯᠡᠭᠴᠢᠳ ᠤᠨ ᠬᠤᠪᠢ ᠪᠠᠷ ᠤᠯᠠᠨ ᠵᠢᠯ ᠡᠪᠡᠰᠤᠨ ᠤᠷᠭᠤᠮᠠᠯ ᠭᠢᠭᠡᠳ ᠬᠠᠮᠢᠶ᠎ᠠ ᠪᠦᠭᠦᠢ ᠠᠮᠢᠳᠤ ᠪᠤᠳᠠᠰ ᠤᠨ ᠰᠦᠷᠦᠭᠯᠡᠯ ᠲᠠᠢ ᠨᠡᠶᠢᠯᠡᠭᠡᠳ ᠲᠠᠯ᠎ᠠ ᠨᠤᠳᠤᠭ ᠤᠨ ᠠᠮᠢ ᠠᠬᠤᠢ ᠶᠢᠨ ᠰᠢᠰᠲ᠋ᠧᠮ ᠪᠤᠯᠤᠨ ᠪᠦᠷᠢᠯᠳᠦᠵᠤ᠂ ᠨᠤᠳᠤᠭ ᠪᠡᠯᠴᠢᠭᠡᠷ ᠢ ᠠᠰᠢᠠᠠᠯᠠᠬᠤ ᠪᠠ ᠭᠦᠷᠦᠰᠤ ᠰᠢᠷᠤᠢ ᠶᠢ ᠤᠷᠭᠤᠮᠠᠯ ᠢᠶᠠᠷ ᠪᠦᠷᠭᠦᠭᠦ ᠳᠤ ᠪᠤᠳᠠᠰ ᠤᠨ ᠰᠠᠭᠤᠷᠢ ᠶᠢ ᠪᠦᠷᠢᠯᠳᠦᠭᠦᠯᠦᠨ ᠦᠭᠴᠤ᠂ ᠲᠠᠭᠢᠨ ᠤᠷᠭᠤᠵᠤ ᠪᠤᠯᠬᠤ ᠪᠠᠶᠢᠭᠠᠯᠢ ᠶᠢᠨ ᠡᠭᠢ ᠪᠠᠶᠠᠯᠢᠭ ᠪᠤᠯᠤᠠᠠᠰᠠᠨ ᠪᠠᠶᠢᠨ᠎ᠠ᠃ ᠭᠠᠵᠠᠷ ᠰᠢᠨᠵᠢᠯᠡᠭᠡᠨ ᠤ ᠲᠡᠤᠭᠡ᠂ ᠭᠠᠵᠠᠷ ᠤᠨ ᠪᠠᠶᠢᠷᠢᠰᠢᠯ ᠤᠨ ᠭᠡᠰᠡᠭᠯᠡᠯ᠂ ᠭᠠᠵᠠᠷ ᠤᠨ ᠭᠠᠳᠠᠷᠭᠤ ᠶᠢᠨ ᠲᠤᠨᠤᠮᠠᠯ ᠪᠤᠳᠠᠰ ᠭᠢᠭᠡᠳ ᠭᠦᠷᠤᠰᠤ ᠰᠢᠷᠤᠢ ᠶᠢᠨ ᠪᠤᠶᠢᠵᠢᠯᠳᠡ ᠶᠢᠨ ᠠᠳᠠᠯᠢ ᠦᠭᠡᠢ ᠠᠴᠠ ᠪᠤᠯᠤᠭᠠᠳ ᠲᠠᠯ᠎ᠠ ᠨᠤᠳᠤᠭ ᠢ ᠠᠮᠢ ᠠᠬᠤᠢ ᠶᠢᠨ ᠤᠯᠠᠨ ᠶᠠᠩᠵᠤᠳᠦ ᠦᠵᠡᠮᠵᠢ ᠶᠢᠨ ᠪᠠᠶᠢᠳᠠᠯ ᠲᠠᠢ ᠪᠤᠯᠭᠠᠵᠠᠢ᠃ ᠲᠠᠯ᠎ᠠ ᠨᠤᠳᠤᠭ ᠤᠨ ᠰᠤᠶᠤᠯ ᠤᠨ ᠭᠦᠭᠵᠢᠯᠳᠡ ᠨᠢ ᠴᠤ ᠭᠦᠮᠦᠨ ᠲᠦᠷᠦᠯᠭᠢᠳᠡᠨ ᠤ ᠰᠤᠶᠤᠯ ᠤᠨ ᠮᠠᠰᠢ ᠤᠯᠠᠨ ᠦᠵᠡᠮᠵᠢ ᠶᠢᠨ ᠤᠨᠴᠠᠯᠢᠭ ᠢ ᠨᠡᠮᠡᠷᠢᠯᠡᠭᠰᠡᠨ ᠪᠠᠶᠢᠨ᠎ᠠ᠃ ᠵᠢᠱᠢᠶᠡᠯᠡᠪᠡᠯ ᠦᠪᠤᠷ ᠮᠤᠩᠭᠤᠯ ᠤᠨ ᠲᠠᠯ᠎ᠠ ᠨᠤᠳᠤᠭ ᠲᠤ ᠵᠢᠯ ᠪᠦᠷᠢ ᠤᠰᠤ ᠪᠠᠯᠴᠢᠭᠡᠷ ᠡᠯᠪᠡᠭ ᠪᠠᠶᠠᠯᠢᠭ ᠤᠯᠠᠷᠢᠯ ᠳᠤ ᠴᠦᠮ ᠨᠠᠭᠠᠳᠤᠮ ᠤᠨ ᠬᠤᠷᠠᠯ ᠭᠢᠭᠦ ᠪᠡ ᠲᠠᠯ᠎ᠠ ᠨᠤᠳᠤᠭ ᠤᠨ ᠰᠤᠶᠤᠯ ᠤᠨ ᠪᠠᠶᠠᠷ ᠢ ᠶᠠᠪᠤᠠᠠᠳᠠᠭᠤᠯᠳᠠᠭ ᠪᠠᠶᠢᠨ᠎ᠠ᠃ ᠡᠶᠢᠮᠤ ᠠᠴᠠ ᠦᠷᠭᠡᠨ ᠠᠭᠤᠳᠠᠮ ᠲᠠᠯ᠎ᠠ ᠨᠤᠳᠤᠭ ᠨᠢ ᠤᠯᠠᠨ ᠴᠢᠳᠠᠪᠤᠷᠢ ᠪᠦᠭᠦᠢ ᠪᠠᠶᠢᠭᠠᠯᠢ᠂ ᠲᠤᠬᠠᠶᠢᠯᠠᠪᠠᠯ ᠨᠡᠶᠢᠭᠡᠮ ᠤᠨ ᠨᠡᠶᠢᠯᠡᠮᠡᠯ ᠠᠮᠢ ᠠᠬᠤᠢ ᠶᠢᠨ ᠰᠢᠰᠲ᠋ᠧᠮ ᠪᠤᠯᠵᠠᠢ᠃ ᠨᠢᠭᠡ ᠳᠤ᠂ ᠲᠠᠯ᠎ᠠ ᠨᠤᠳᠤᠭ ᠲᠤ ᠮᠠᠯ ᠤᠨ ᠠᠰᠢᠭ ᠰᠢᠮ᠎ᠠ᠂ ᠠᠮᠢᠳᠤ ᠪᠤᠳᠠᠰ ᠤᠨ ᠪᠦᠳᠦᠭᠡᠭᠳᠡᠭᠦᠨ ᠪᠠ ᠤᠷᠭᠠᠨᠢᠭ ᠪᠤᠰᠤ ᠠᠭᠤᠷᠬᠠᠢ ᠶᠢᠨ ᠭᠠᠷᠤᠯᠳᠠ ᠶᠢ ᠨᠡᠭᠡᠭᠡᠨ ᠭᠦᠭᠵᠢᠭᠦᠯᠭᠦ ᠨᠡᠶᠢᠭᠡᠮ ᠤᠨ ᠠᠵᠤ ᠠᠬᠤᠢ ᠶᠢᠨ ᠴᠢᠳᠠᠪᠤᠷᠢ ᠶᠢ ᠬᠠᠨᠭ᠍ᠭᠠᠨ ᠤᠯᠭᠤᠵᠤ ᠪᠠᠶᠢᠨ᠎ᠠ᠃ ᠬᠤᠶᠠᠷ ᠲᠤ᠂ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠢ ᠪᠤᠶᠢᠵᠢᠭᠤᠯᠵᠤ᠂ ᠤᠰᠤ ᠭᠦᠷᠦᠰᠤ ᠶᠢ ᠬᠠᠮᠠᠭᠠᠯᠠᠨ᠂ ᠢᠳᠡᠭᠳᠡᠯ ᠢ ᠬᠤᠷᠢᠠᠠᠯᠠᠵᠤ᠂ ᠪᠤᠭᠢᠷᠳᠦᠯ ᠢ ᠪᠠᠭᠠᠰᠬᠠᠬᠤ᠂ ᠪᠤᠳᠠᠰ ᠤᠨ ᠤᠷᠤᠰᠢᠯ ᠤᠨ ᠤᠷᠴᠢᠨ ᠠᠬᠤᠢ ᠶᠢᠨ ᠨᠠᠶᠢᠳᠡ ᠶᠢᠨ ᠠᠰᠢᠠᠠᠳᠤ ᠦᠨ᠎ᠠ ᠴᠠᠨ᠎ᠠ ᠶᠢ ᠬᠠᠮᠠᠭᠠᠯᠠᠵᠤ ᠪᠠᠶᠢᠨ᠎ᠠ᠃ ᠭᠤᠷᠪᠡ ᠳᠤ᠂ ᠪᠡᠶ᠎ᠠ ᠮᠠᠬᠠᠪᠤᠳ ᠤᠨ ᠡᠷᠡᠭᠦᠯᠵᠢᠯ ᠢ ᠪᠠᠳᠤᠯᠠᠵᠤ᠂ ᠵᠤᠭᠠᠴᠠᠯ ᠠᠮᠠᠷᠠᠯᠳᠠ ᠭᠢᠵᠤ᠂ ᠪᠠᠶᠢᠭᠠᠯᠢ ᠭᠢᠭᠡᠳ ᠭᠦᠮᠦᠨ ᠲᠦᠷᠦᠯᠭᠢᠳᠡᠨ ᠤ ᠰᠤᠶᠤᠯ ᠤᠨ ᠦᠵᠡᠮᠵᠢ ᠶᠢᠨ ᠭᠤᠸ᠎ᠠ ᠰᠠᠶᠢᠬᠠᠨ ᠤ ᠭᠦᠷᠳᠡᠭᠡᠯ ᠪᠡ ᠰᠢᠨᠵᠢᠯᠡᠭᠦ ᠤᠬᠠᠭᠠᠨ ᠰᠤᠷᠭᠠᠨ ᠭᠦᠮᠦᠵᠢᠯ ᠵᠡᠷᠭᠡ ᠦᠢᠯᠡᠴᠢᠯᠡᠭᠡᠨ ᠤ ᠴᠢᠳᠠᠪᠤᠷᠢ ᠶᠢ ᠤᠯᠭᠤᠨ ᠦᠭᠴᠤ ᠪᠠᠶᠢᠨ᠎ᠠ᠃ ᠡᠳᠡᠭᠡᠷ ᠴᠢᠳᠠᠪᠤᠷᠢ ᠨᠢ ᠬᠠᠷᠢᠯᠴᠠᠨ ᠲᠠᠮᠵᠢᠯᠴᠡᠪᠡᠯ ᠰᠠᠶ᠋ᠢ ᠲᠠᠯ᠎ᠠ ᠨᠤᠳᠤᠭ ᠤᠨ ᠦᠷᠭᠦᠯᠵᠢᠯᠡᠨ ᠭᠦᠭᠵᠢᠭᠦ ᠶᠢ ᠪᠡᠶᠡᠯᠡᠭᠦᠯᠵᠤ ᠴᠢᠳᠠᠨ᠎ᠠ᠃ ᠠᠮᠢ ᠠᠬᠤᠢ ᠶᠢᠨ ᠤᠬᠠᠭᠠᠨᠳᠠᠨ ᠨᠤᠳᠤᠭ ᠪᠡᠯᠴᠢᠭᠡᠷ ᠤᠨ ᠠᠰᠢᠠᠠᠯᠠᠯᠳᠠ ᠬᠠᠮᠢᠶᠠᠷᠤᠯᠳᠠ ᠶᠢᠨ ᠨᠡᠶᠢᠭᠡᠮ ᠤᠨ ᠦᠢᠯᠡᠳᠦᠯᠭᠡ ᠪᠤᠯᠤᠨ ᠲᠠᠯ᠎ᠠ ᠨᠤᠳᠤᠭ ᠤᠨ ᠦᠢᠯᠡᠳᠪᠤᠷᠢᠯᠡᠯ ᠤᠨ ᠭᠦᠴᠤᠨ ᠢ ᠦᠨᠳᠦᠰᠦᠯᠡᠨ ᠲᠦᠰᠦᠭᠡᠯᠡᠨ ᠪᠤᠳᠤᠭᠠᠳ᠂ ᠲᠠᠯ᠎ᠠ ᠨᠤᠳᠤᠭ ᠤᠨ ᠬᠤᠶᠠᠳᠤᠭᠠᠷ ᠭᠤᠷᠪᠠᠳᠤᠭᠠᠷ ᠲᠦᠷᠦᠯ ᠤᠨ ᠴᠢᠳᠠᠪᠤᠷᠢ ᠨᠢ ᠨᠢᠭᠡᠳᠦᠭᠡᠷ ᠲᠦᠷᠦᠯ ᠤᠨ ᠴᠢᠳᠠᠪᠤᠷᠢ ᠶᠢᠨ ᠪᠠᠳᠤᠯᠠᠭ᠎ᠠ ᠶᠢᠨ ᠨᠦᠭᠦᠴᠡᠯ ᠪᠤᠯᠬᠤ ᠪᠠᠷ ᠪᠠᠷᠠᠬᠤ ᠦᠭᠡᠢ ᠪᠠᠰᠠ ᠵᠤᠭᠤᠰ ᠢᠶᠠᠷ ᠪᠤᠳᠤᠪᠠᠯ ᠮᠦᠨ ᠴᠦ ᠨᠢᠭᠡᠳᠦᠭᠡᠷ ᠲᠦᠷᠦᠯ ᠤᠨ ᠴᠢᠳᠠᠪᠤᠷᠢ ᠶᠢᠨ ᠦᠨ᠎ᠠ ᠦᠷᠳᠡᠭ ᠠᠴᠠ ᠲᠠᠪᠠᠵᠠᠢ ᠭᠡᠮᠡᠨ ᠦᠵᠡᠭᠰᠡᠨ ᠪᠠᠶᠢᠨ᠎ᠠ᠃ ᠲᠠᠯ᠎ᠠ ᠨᠤᠳᠤᠭ ᠨᠢ ᠭᠡᠳᠦ᠋ᠢᠪᠡᠷ ᠤᠯᠠᠨ ᠴᠢᠳᠠᠪᠤᠷᠢ ᠪᠦᠭᠦᠢ ᠦᠢᠯᠡᠴᠢᠯᠡᠭᠡᠨ ᠤ ᠦᠨ᠎ᠠ ᠴᠠᠨ᠎ᠠ ᠲᠠᠢ ᠪᠤᠯᠪᠠᠴᠤ ᠲᠠᠭᠠᠭᠠᠴᠠ ᠶᠢᠨ ᠭᠦᠴᠤᠨ ᠨᠢ ᠭᠢᠵᠠᠭᠠᠷ ᠲᠠᠢ ᠶᠤᠮ᠃ ᠨᠢᠳᠤᠨ ᠡᠮᠦᠨᠡᠭᠢ ᠪᠠ ᠤᠬᠤᠷ ᠬᠤᠭᠤᠴᠠᠭᠠᠨ ᠤ ᠠᠰᠢᠭ ᠲᠤᠰᠠ ᠠᠴᠠ ᠭᠠᠷᠳᠠᠵᠤ᠂ ᠮᠠᠯ ᠤᠨ ᠲᠤᠭ᠎ᠠ ᠶᠢ ᠰᠤᠬᠤᠷ ᠪᠠᠯᠠᠢ ᠪᠠᠷ ᠭᠦᠭᠡᠭᠡᠴᠡᠯᠳᠦᠭᠦ᠂ ᠪᠡᠯᠴᠢᠭᠡᠷ ᠤᠨ ᠲᠠᠭᠠᠭᠠᠴᠠ ᠠᠴᠠ ᠭᠡᠳᠦᠷᠡᠳᠡᠯ᠎ᠡ ᠮᠠᠯᠵᠢᠬᠤ᠂ ᠠᠳᠠᠷ ᠬᠠᠭᠠᠯᠪᠤᠷᠢᠯᠠᠬᠤ᠂ ᠲᠦᠯᠡᠭᠡ ᠲᠦᠯᠡᠰᠢ ᠭᠡᠳᠦᠷᠡᠳᠡᠯ᠎ᠡ ᠲᠠᠭᠦᠭᠦ ᠪᠡ ᠡᠮ ᠤᠨ ᠤᠷᠭᠤᠮᠠᠯ ᠮᠠᠯᠳᠠᠬᠤ ᠵᠡᠷᠭᠡ ᠲᠡᠭᠡᠷᠡᠮᠳᠡᠯ ᠤᠨ ᠭᠡᠯᠪᠡᠷᠢ ᠲᠠᠢ ᠡᠵᠡᠩᠨᠡᠯᠳᠡ ᠶᠢᠨ ᠠᠵᠢᠯᠯᠠᠭ᠎ᠠ ᠶᠢ ᠲᠦᠷᠰᠦᠯᠡᠯ ᠢᠶᠠᠷ ᠭᠡᠯᠡᠪᠡᠯ ᠲᠠᠷᠤᠢ ᠨᠢᠭᠡᠨ ᠵᠦᠢᠯ ᠤᠨ ᠨᠠᠭᠤᠷ ᠢᠶᠠᠨ ᠬᠠᠳᠠᠭᠠᠵᠤ ᠨᠤᠭᠤᠰᠤ ᠪᠠᠨ ᠦᠭᠦᠭᠦᠯᠭᠦ ᠠᠵᠢᠯᠯᠠᠭ᠎ᠠ ᠪᠤᠯᠬᠤ ᠶᠤᠮ᠃      ︵ᠢᠷᠡᠯᠲᠡ᠄ ᠪᠦᠷᠢᠨᠪᠠᠶᠠᠷ᠂ ᠮᠦᠩᠬᠡᠪᠠᠭᠠᠲᠤᠷ᠂ ᠬᠤᠩ ᠮᠧᠢ ᠨᠠᠷ ᠤᠨ ᠨᠠᠶᠢᠷᠠᠭᠤᠯᠤᠭᠰᠠᠨ ︽ᠮᠠᠯᠵᠢᠯ ᠤᠨ ᠮᠡᠳᠡᠯᠭᠡ ᠮᠡᠷᠭᠡᠵᠢᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠠᠯᠵᠢᠯ ᠤᠨ ᠮᠡᠳᠡᠯᠭᠡ ᠮᠡᠷᠭᠡᠵᠢᠯ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号