ᠮᠠᠨ ᠤ ᠤᠯᠤᠰ ᠤᠨ ᠨᠤᠳᠤᠭ ᠪᠡᠯᠴᠢᠭᠡᠷ ᠤᠨ ᠲᠠᠴᠢᠷᠳᠡᠯ ᠤᠨ ᠦᠨᠳᠤᠰᠤ ᠰᠤᠷᠪᠤᠯᠵᠢ ᠭᠢᠭᠡᠳ ᠠᠬᠤᠢ ᠪᠠᠶᠢᠳᠠᠯ ᠶᠠᠮᠠᠷ ᠪᠠᠶᠢᠭ᠎ᠠ ᠪᠤᠢ︖
ᠨᠡᠶᠢᠲᠡᠯᠡᠭᠰᠡᠨ ᠴᠠᠭ᠄
2021/3/5
     20 ᠳ᠋ᠤᠭᠠᠷ ᠵᠠᠭᠤᠨ ᠤ ᠲᠠᠪᠢᠭᠠᠳ ᠤᠨ ᠠᠴᠠ ᠨᠠᠰᠢ ᠭᠦᠮᠦᠨ ᠠᠮᠠ ᠶᠢᠨ ᠨᠡᠮᠡᠭᠳᠡᠯ ᠭᠢᠭᠡᠳ ᠠᠵᠤ ᠠᠬᠤᠢ ᠶᠢᠨ ᠭᠦᠭᠵᠢᠯᠳᠡ ᠨᠢ ᠲᠠᠯ᠎ᠠ ᠨᠣᠳᠤᠭ ᠤᠨ ᠮᠠᠯᠵᠢᠬᠤ ᠤᠷᠤᠨ ᠪᠠ ᠲᠠᠷᠢᠶᠠᠯᠠᠩ ᠮᠠᠯ ᠠᠵᠤ ᠠᠬᠤᠢ ᠰᠤᠯᠪᠢᠴᠬᠠᠰᠠᠨ ᠭᠠᠵᠠᠷ ᠤᠷᠤᠨ ᠤ ᠦᠢᠯᠡᠳᠪᠤᠷᠢᠯᠡᠯ ᠤᠨ ᠭᠡᠪᠴᠢᠶ᠎ᠠ ᠶᠢ ᠲᠠᠰᠤᠷᠠᠯᠳᠠ ᠦᠭᠡᠢ ᠦᠷᠭᠡᠳᠭᠡᠵᠤ᠂ ᠨᠤᠳᠤᠭ ᠪᠡᠯᠴᠢᠭᠡᠷ ᠤᠨ ᠡᠭᠢ ᠪᠠᠶᠠᠯᠢᠭ ᠢ ᠭᠡᠮᠵᠢᠶᠠᠨ ᠠᠴᠠ ᠨᠢ ᠭᠡᠳᠦᠷᠡᠳᠡᠯ᠎ᠡ ᠠᠰᠢᠠᠠᠯᠬᠠᠰᠠᠨ ᠪᠠ ᠨᠡᠭᠡᠭᠡᠨ ᠭᠦᠭᠵᠢᠭᠦᠯᠦᠭᠰᠡᠨ ᠶᠠᠪᠤᠳᠠᠯ ᠨᠢ ᠨᠤᠳᠤᠭ ᠪᠡᠯᠴᠢᠭᠡᠷ ᠤᠨ ᠲᠠᠴᠢᠷᠳᠡᠯ ᠢ ᠪᠤᠢ ᠪᠤᠯᠭᠠᠠᠠᠰᠠᠨ ᠠᠮᠢ ᠠᠬᠤᠢ᠂ ᠠᠵᠤ ᠠᠬᠤᠢ ᠪᠤᠯᠤᠨ ᠨᠠᠶᠢᠭᠡᠮ ᠤᠨ ᠦᠨᠳᠤᠰᠤ ᠰᠤᠷᠪᠤᠯᠵᠢ ᠪᠤᠯᠤᠠᠠᠰᠠᠨ ᠪᠠᠶᠢᠨ᠎ᠠ᠃ ᠤᠳᠤ ᠮᠠᠯᠵᠢᠬᠤ ᠤᠷᠤᠨ ᠪᠠ ᠲᠠᠷᠢᠶᠠᠯᠠᠩ ᠮᠠᠯ ᠠᠵᠤ ᠠᠬᠤᠢ ᠰᠤᠯᠪᠢᠴᠬᠠᠰᠠᠨ ᠤᠷᠤᠨ ᠢ ᠪᠠᠭᠳᠠᠭᠠᠠᠠᠰᠠᠨ ᠤᠮᠠᠷᠠᠳᠤ ᠶᠢᠨ ᠲᠠᠯ᠎ᠠ ᠨᠤᠳᠤᠭ ᠤᠨ ᠲᠠᠴᠢᠷᠳᠡᠯ ᠨᠢ ᠨᠢᠭᠡᠨᠳᠡ ᠤᠯᠠᠨ ᠲᠠᠯ᠎ᠠ ᠶᠢᠨ ᠬᠠᠷᠠᠰᠠᠯᠳᠤ ᠦᠷ᠎ᠡ ᠳ᠋ᠦᠩ ᠢ ᠪᠤᠢ ᠪᠤᠯᠭᠠᠵᠠᠢ᠃ ᠲᠠᠯ᠎ᠠ ᠨᠤᠳᠤᠭ ᠤᠨ ᠤᠷᠭᠤᠮᠠᠯ ᠤᠨ ᠪᠦᠷᠭᠦᠴᠡ ᠲᠠᠴᠢᠷᠳᠡᠵᠤ᠂ ᠠᠮᠢᠳᠤ ᠪᠤᠳᠠᠰ ᠤᠨ ᠡᠭᠡ ᠪᠠᠶᠠᠯᠢᠭ ᠰᠢᠷᠦᠭᠦᠨ ᠬᠠᠰᠤᠠᠠᠳᠠᠵᠤ᠂ ᠨᠤᠳᠤᠭ ᠪᠡᠯᠴᠢᠭᠡᠷ ᠤᠨ ᠦᠢᠯᠡᠳᠪᠤᠷᠢᠯᠡᠯ ᠤᠨ ᠭᠦᠴᠤᠨ ᠲᠤᠮᠳᠠᠴᠢ ᠪᠠᠷ 60%~70% ᠪᠠᠷ ᠪᠠᠭᠤᠷᠠᠵᠠᠢ᠃ ᠰᠠᠯᠭᠢ ᠡᠯᠡᠰᠤᠨ ᠤ ᠭᠤᠶᠠᠳᠠᠯᠳᠠ ᠪᠠ ᠤᠰᠤ ᠭᠦᠷᠦᠰᠤᠨ ᠤ ᠢᠳᠡᠭᠳᠡᠯ ᠭᠡᠴᠡᠭᠦᠳᠡᠵᠤ᠂ ᠲᠠᠷᠢᠶᠠᠨ ᠭᠠᠵᠠᠷ ᠤᠨ ᠦᠩ ᠰᠢᠮᠡᠯᠢᠭ ᠭᠦᠴᠤᠨ ᠮᠠᠭᠤᠳᠠᠵᠤ᠂ ᠨᠠᠭᠤᠷ ᠪᠦᠷᠢᠳᠤ ᠬᠠᠳᠠᠵᠤ᠂ ᠲᠠᠯ᠎ᠠ ᠭᠠᠵᠠᠷ ᠲᠠᠪᠤᠰᠤᠵᠢᠨ ᠬᠤᠵᠢᠷᠰᠢᠵᠤ᠂ ᠲᠤᠠᠠᠳᠠᠮᠠᠯ ᠪᠠ ᠬᠠᠭᠠᠰ ᠲᠤᠠᠠᠳᠠᠮᠠᠯ ᠮᠠᠩᠬ᠎ᠠ ᠭᠦᠨᠳᠤ ᠰᠦᠷᠡᠭᠡᠢ ᠡᠯᠡᠰᠦᠷᠭᠡᠭᠵᠢᠵᠤ᠂ ᠡᠯᠡᠰᠤ ᠲᠤᠭᠤᠰᠤ ᠪᠠ ᠡᠯᠡᠰᠤᠨ ᠰᠢᠭᠤᠷᠭ᠎ᠠ ᠵᠠᠯᠭᠠᠭ᠎ᠠ ᠪᠠᠷ ᠲᠡᠭᠳᠡᠵᠤ ᠪᠠᠶᠢᠬᠤ ᠨᠢ ᠴᠦᠮ ᠲᠠᠴᠢᠷᠳᠡᠯ ᠤᠨ ᠲᠤᠪᠤᠶᠢᠮ᠎ᠠ ᠢᠯᠡᠷᠡᠯ ᠪᠤᠯᠤᠨ᠎ᠠ᠃ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠪᠤᠯ ᠮᠠᠨ ᠤ ᠤᠯᠤᠰ ᠤᠨ ᠭᠦᠷᠤᠰᠤ ᠰᠢᠷᠤᠢ ᠶᠢᠨ ᠲᠠᠴᠢᠷᠳᠡᠯ ᠪᠠ ᠡᠯᠡᠰᠦᠷᠭᠡᠭᠵᠢᠯ ᠢᠶᠠᠷ ᠬᠠᠮᠤᠭ ᠤᠨ ᠲᠦᠪᠯᠡᠷᠡᠩᠭᠦᠢ᠂ ᠬᠠᠮᠤᠭ ᠤᠨ ᠭᠦᠨᠳᠤ ᠨᠤᠴᠢᠳᠡᠢ ᠪᠠᠶᠢᠭ᠎ᠠ ᠮᠤᠵᠢ ᠤᠷᠤᠨ ᠤ ᠨᠢᠭᠡ ᠪᠤᠯᠤᠨ᠎ᠠ᠃ ᠮᠦᠨ ᠴᠦ ᠪᠦᠭᠦ ᠤᠯᠤᠰ ᠤᠨ ᠲᠠᠴᠢᠷᠳᠡᠯ ᠪᠠ ᠡᠯᠡᠰᠦᠷᠭᠡᠭᠵᠢᠯ ᠢ ᠰᠢᠯᠭᠠᠨ ᠭᠡᠮᠵᠢᠭᠦ ᠭᠤᠤᠯᠳᠠᠯᠭ᠎ᠠ ᠲᠠᠢ ᠭᠠᠵᠠᠷ ᠤᠷᠤᠨ ᠪᠤᠯᠤᠨ᠎ᠠ᠃      ︵ᠢᠷᠡᠯᠲᠡ᠄ ᠪᠦᠷᠢᠨᠪᠠᠶᠠᠷ᠂ ᠮᠦᠩᠬᠡᠪᠠᠭᠠᠲᠤᠷ᠂ ᠬᠤᠩ ᠮᠧᠢ ᠨᠠᠷ ᠤᠨ ᠨᠠᠶᠢᠷᠠᠭᠤᠯᠤᠭᠰᠠᠨ ︽ᠮᠠᠯᠵᠢᠯ ᠤᠨ ᠮᠡᠳᠡᠯᠭᠡ ᠮᠡᠷᠭᠡᠵᠢᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠠᠯᠵᠢᠯ ᠤᠨ ᠮᠡᠳᠡᠯᠭᠡ ᠮᠡᠷᠭᠡᠵᠢᠯ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号