ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠨᠥᠬᠦᠪᠥᠷᠢ ᠶᠢᠨ ᠲᠤᠬᠠᠶ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠨᠢ ᠶᠠᠮᠠᠷ ᠪᠣᠶ︖
ᠨᠡᠶᠢᠲᠡᠯᠡᠭᠰᠡᠨ ᠴᠠᠭ᠄
2021/4/13
     ᠣᠳᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ᠂ ᠰᠢᠨ᠎ᠡ ᠨᠢᠭᠡᠨ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠳᠤ ᠲᠥᠪ ᠠᠴᠠ ᠮᠦ ᠪᠦᠷᠢ ᠳᠤ 1600 ᠲᠥᠭᠦᠷᠢᠭ ᠤᠨ ᠨᠥᠬᠦᠪᠥᠷᠢ ᠣᠯᠭᠤᠨ᠎ᠠ ︵ᠡᠭᠦᠨ ᠳᠤ ᠡᠳ᠋ ᠤᠨ ᠵᠠᠰᠠᠭ ᠤᠨ ᠲᠤᠰᠬᠠᠶ ᠵᠦᠢᠯ ᠤᠨ ᠪᠡᠯᠡ ᠮᠥᠩᠭᠦ ᠳᠤ 1200 ᠲᠥᠭᠦᠷᠢᠭ ᠤᠨ ᠨᠥᠬᠦᠪᠥᠷᠢ ᠲᠣᠬᠢᠷᠠᠭᠤᠯᠵᠤ᠂ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠳᠤ ᠦᠷ᠎ᠡ ᠴᠢᠬᠢ ᠶᠢᠨ ᠣᠶᠢᠵᠢᠭᠤᠯᠤᠯᠲᠠ ᠶᠢᠨ ᠵᠠᠷᠤᠳᠠᠯ ᠤᠨ ᠨᠥᠬᠦᠪᠥᠷᠢ 400 ᠲᠥᠭᠦᠷᠢᠭ ᠲᠣᠬᠢᠷᠠᠭᠤᠯᠤᠨ᠎ᠠ︶︔ ᠲᠤᠰᠠᠯᠠᠮᠵᠢ ᠶᠢᠨ ᠪᠡᠯᠡ ᠮᠥᠩᠭᠦ ᠶᠢ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠭᠤᠷᠪᠠ ᠤᠳᠠᠭ᠎ᠠ ᠬᠤᠪᠢᠶᠠᠨ ᠪᠠᠭᠤᠯᠭᠠᠵᠤ᠂ ᠮᠦ ᠪᠦᠷᠢ ᠳᠤ ᠨᠢᠭᠡᠳᠦᠭᠡᠷ ᠵᠢᠯ 900 ᠲᠥᠭᠦᠷᠢᠭ ︵ᠦᠷ᠎ᠡ ᠴᠢᠬᠢ ᠶᠢᠨ ᠤᠶᠢᠵᠢᠭᠤᠯᠤᠯᠳᠠ ᠶᠢᠨ ᠵᠠᠷᠤᠳᠠᠯ 400 ᠲᠥᠭᠦᠷᠢᠭ ᠪᠠᠭᠲᠠᠨ᠎ᠠ︶᠂ ᠭᠤᠷᠪᠠᠳᠤᠭᠠᠷ ᠵᠢᠯ ᠳᠤ 300 ᠲᠥᠭᠦᠷᠢᠭ᠂ ᠲᠠᠪᠤᠳᠤᠭᠠᠷ ᠵᠢᠯ ᠤᠨ 400 ᠲᠥᠭᠦᠷᠢᠭ ᠪᠣᠯᠤᠨ᠎ᠠ᠃ ᠡᠭᠦᠨ ᠤ ᠬᠠᠮᠲᠤ᠂ ︽ᠰᠢᠨ᠎ᠡ ᠨᠢᠭᠡ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠶᠡᠷᠦᠩᠬᠡᠶ ᠲᠥᠰᠦᠯ︾ ᠳᠤ᠂ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠲᠥᠪ ᠤᠨ ᠨᠥᠬᠦᠪᠥᠷᠢ ᠶᠢᠨ ᠪᠠᠷᠢᠮᠵᠢᠶ᠎ᠠ ᠠᠴᠠ ᠳᠤᠤᠷ᠎ᠠ ᠥᠬᠡᠶ ᠪᠠᠶᠢᠬᠤ ᠰᠠᠭᠤᠷᠢᠨ ᠳᠡᠭᠡᠷ᠎ᠡ᠂ ᠲᠠᠷᠢᠶᠠᠯᠠᠬᠤ ᠪᠠᠨ ᠵᠣᠭᠰᠣᠭᠰᠠᠨ ᠲᠠᠷᠢᠶᠠᠴᠢᠳ ᠲᠤ ᠣᠯᠭᠤᠬᠤ ᠪᠣᠳᠠᠲᠠᠶ ᠨᠥᠬᠦᠪᠥᠷᠢ ᠶᠢᠨ ᠪᠠᠷᠢᠮᠵᠢᠶ᠎ᠠ ᠪᠠ ᠨᠦᠬᠦᠪᠦᠷᠢ ᠤᠯᠭᠤᠬᠤ ᠤᠳᠠᠭ᠎ᠠ ᠶᠢ ᠡᠵᠡᠨ ᠮᠡᠳᠡᠵᠦ ᠲᠣᠭᠲᠠᠭᠠᠵᠤ ᠪᠣᠯᠤᠨ᠎ᠠ᠃ ᠣᠷᠣᠨ ᠨᠤᠲᠤᠭ ᠤᠨ ᠳᠡᠭᠡᠭᠰᠢᠯᠡᠭᠦᠯᠬᠦ ᠪᠠᠷᠢᠮᠵᠢᠶ᠎ᠠ ᠶᠢᠨ ᠲᠥᠪ ᠤᠨ ᠨᠥᠬᠦᠪᠥᠷᠢ ᠥᠭᠬᠦ ᠬᠡᠪᠴᠢᠶ᠎ᠡ ᠠᠴᠠ ᠬᠡᠲᠦᠷᠡᠭᠰᠡᠨ ᠬᠡᠰᠡᠭ ᠢ ᠣᠷᠣᠨ ᠨᠤᠲᠤᠭ ᠤᠨ ᠡᠳ᠋ ᠤᠨ ᠵᠠᠰᠠᠭ ᠠᠴᠠ ᠥᠪᠡᠰᠦᠪᠡᠨ ᠡᠭᠦᠷᠭᠡᠯᠡᠨ᠎ᠡ᠃ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠭᠰᠡᠨ ᠤ ᠲᠠᠷᠠᠭ᠎ᠠ ᠪᠤᠢ ᠪᠣᠯᠭᠠᠭᠰᠠᠨ ᠤᠢ ᠮᠣᠳᠣ ᠨᠢ ᠲᠣᠭᠲᠠᠭᠠᠯ ᠳᠤ ᠨᠡᠶᠢᠴᠡᠪᠡᠯ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠤᠢ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠳᠤ ᠳᠤᠰ ᠳᠤᠰ ᠣᠷᠣᠭᠤᠯᠵᠤ ᠪᠣᠯᠤᠨ᠎ᠠ᠂ ᠨᠡᠶᠢᠲᠡ ᠶᠢᠨ ᠠᠰᠠᠷᠠᠮᠵᠢ ᠶᠢᠨ ᠤᠢ ᠳᠤ ᠣᠷᠣᠭᠤᠯᠤᠭᠰᠠᠨ ᠦᠬᠡᠢ ᠪᠠᠶᠢᠪᠠᠯ᠂ ᠵᠥᠪᠰᠢᠶᠡᠷᠡᠭᠦᠯᠦᠭᠡᠳ ᠬᠠᠤᠯᠢ ᠶᠣᠰᠣᠭᠠᠷ ᠣᠭᠲᠣᠯᠵᠤ ᠪᠣᠯᠤᠨ᠎ᠠ᠃ ᠡᠭᠦᠨ ᠠᠴᠠ ᠭᠠᠳᠠᠨ᠎ᠠ᠂ ᠰᠢᠨ᠎ᠡ ᠨᠢᠭᠡᠨ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠳᠤ ︽ᠲᠠᠷᠢᠶᠠᠴᠢᠳ ᠤᠨ ᠰᠠᠶᠢᠨ ᠲᠤᠷ᠎ᠠ ᠶᠢᠨ ᠢᠳᠡᠪᠬᠢᠵᠢᠯ᠂ ᠵᠠᠰᠠᠭ ᠤᠨ ᠣᠷᠳᠣᠨ ᠤ ᠵᠢᠯᠤᠭᠤᠳᠤᠯᠭ᠎ᠠ︾᠂ ︽ᠵᠢᠮ᠎ᠡ ᠶᠣᠰᠣ ᠶᠢ ᠬᠦᠨᠳᠦᠳᠬᠡᠬᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ︾ ᠵᠡᠷᠭᠡ ᠵᠠᠷᠴᠢᠮ ᠢ ᠵᠢᠷᠤᠮᠯᠠᠨ᠂ ᠲᠠᠷᠢᠶᠠᠯᠠᠬᠤ ᠪᠠᠨ ᠵᠤᠭᠰᠤᠭᠠᠬᠤ ᠡᠰᠡᠬᠦ᠂ ᠤᠶᠢᠵᠢᠭᠤᠯᠬᠤ ᠪᠤᠶᠤ ᠡᠰᠡᠭᠦᠯ᠎ᠡ ᠡᠪᠡᠰᠦ ᠪᠡᠯᠴᠢᠭᠡᠷ ᠢ ᠰᠡᠷᠭᠦᠭᠡᠬᠦ᠂ ᠶᠠᠮᠠᠷ ᠲᠥᠷᠥᠯ ᠵᠦᠢᠯ ᠳᠠᠷᠢᠬᠤ ᠶᠢ ᠴᠥᠮ ᠲᠠᠷᠢᠶᠠᠴᠢᠳ ᠥᠪᠡᠰᠦᠪᠡᠨ ᠲᠣᠭᠲᠠᠭᠠᠬᠤ ᠪᠥᠭᠡᠳ ᠠᠮᠢ ᠠᠬᠤᠶ ᠶᠢᠨ ᠣᠶ ᠪᠣᠯᠤᠨ ᠠᠵᠤ ᠠᠬᠤᠶ ᠶᠢᠨ ᠣᠶ ᠬᠡᠮᠡᠨ ᠠᠩᠬᠢᠯᠠᠬᠤ ᠦᠭᠡᠢ᠃ ᠲᠠᠷᠢᠶᠠᠯᠠᠬᠤ ᠶᠢ ᠵᠣᠭᠰᠣᠭᠠᠵᠤ ᠠᠵᠤ ᠠᠬᠤᠶ ᠶᠢᠨ ᠣᠶ ᠰᠢᠭᠤᠶ ᠶᠢ ᠰᠡᠷᠭᠦᠭᠡᠭᠰᠡᠨ ᠪᠣᠯ ᠡᠵᠡᠩᠨᠡᠯᠲᠡ ᠶᠢᠨ ᠴᠢᠨᠠᠷᠲᠠᠶ ᠣᠷᠣᠯᠭ᠎ᠠ ᠶᠢ ᠨᠢ ᠨᠡᠮᠡᠭᠳᠡᠭᠦᠯᠵᠦ ᠪᠣᠯᠤᠨ᠎ᠠ᠂ ᠠᠮᠢ ᠠᠬᠤᠶ ᠶᠢᠨ ᠣᠶ ᠰᠢᠭᠤᠶ ᠶᠢ ᠰᠡᠷᠭᠦᠭᠡᠭᠰᠡᠨ ᠪᠣᠯ ᠠᠵᠢᠯ ᠣᠯᠭᠤᠬᠤ ᠶᠢ ᠠᠬᠢᠭᠤᠯᠵᠤ᠂ ᠴᠠᠯᠢᠩ ᠤᠨ ᠴᠢᠨᠠᠷᠲᠠᠶ ᠣᠷᠣᠯᠭ᠎ᠠ ᠶᠢ ᠨᠢ ᠨᠡᠮᠡᠭᠳᠡᠭᠦᠯᠵᠦ ᠪᠣᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号