ᠰᠢᠯᠢ ᠶᠢᠨ ᠭᠤᠤᠯ ᠠᠶᠢᠮᠠᠭ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ  ᠵᠢᠯᠣᠭᠤᠳᠬᠤ ᠰᠠᠨᠠᠯ ᠳᠠᠷᠤᠮᠠᠯᠯᠠᠨ ᠳᠠᠷᠬᠠᠭᠠᠪᠠ
ᠨᠡᠶᠢᠲᠡᠯᠡᠭᠰᠡᠨ ᠴᠠᠭ᠄
2021/4/23
     ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ ᠪᠡᠯᠴᠢᠭᠡᠷᠯᠡᠬᠦᠯᠬᠦ ᠳᠤ ᠳᠣᠭᠢᠷᠠᠬᠤ ᠪᠡᠯᠴᠢᠭᠡᠷ ᠤᠨ ᠳᠠᠭᠠᠭᠠᠴᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠲᠦᠷᠦᠭᠦᠬᠡᠨ ︽ᠪᠡᠯᠴᠢᠭᠡᠷᠯᠡᠬᠦᠯᠬᠦ ᠳᠤ ᠳᠣᠭᠢᠷᠠᠬᠤ ᠪᠡᠯᠴᠢᠭᠡᠷ ᠤᠨ ᠳᠠᠭᠠᠭᠠᠴᠠ ᠶᠢ ᠬᠢᠨᠠᠨ ᠲᠣᠭᠲᠠᠭᠠᠬᠤ ᠠᠵᠢᠯ ᠤᠨ ᠵᠢᠯᠣᠭᠤᠳᠬᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃      ︽ᠰᠠᠨᠠᠯ︾ ᠳᠤ᠂ ᠪᠡᠯᠴᠢᠭᠡᠷᠯᠡᠬᠦᠯᠬᠦ ᠳᠤ ᠳᠣᠭᠢᠷᠠᠬᠤ ᠪᠡᠯᠴᠢᠭᠡᠷ ᠤᠨ ᠳᠠᠭᠠᠭᠠᠴᠠ ᠶᠢ ᠬᠢᠨᠠᠨ ᠲᠣᠭᠲᠠᠭᠠᠬᠤ ᠠᠵᠢᠯ ᠳᠤ᠂ ᠨᠢᠭᠡ ᠳᠤ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃ ᠬᠤᠶᠠᠷ ᠲᠤ ᠪᠡᠯᠴᠢᠭᠡᠷ ᠤᠨ ᠬᠡᠮᠵᠢᠶ᠎ᠡ ᠪᠠᠷ ᠮᠠᠯ ᠤᠨ ᠲᠤᠭ᠎ᠠ ᠲᠤᠯᠤᠭᠠᠢ ᠶᠢ ᠲᠣᠭᠲᠠᠭᠠᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃ ᠭᠤᠷᠪᠠ ᠳᠤ ᠡᠷᠬᠡ ᠬᠠᠷᠢᠭᠤᠴᠠᠯᠭ᠎ᠠ ᠠᠰᠢᠭ ᠢ ᠤᠶᠠᠯᠳᠤᠭᠤᠯᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃ ︽ᠰᠠᠨᠠᠯ︾ ᠳᠤ ᠱᠠᠭᠠᠷᠳᠠᠭᠰᠠᠨ ᠨᠢ᠂ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠨᠢ ᠲᠣᠰ ᠭᠠᠵᠠᠷ ᠤᠨ ᠢᠶᠠᠨ ᠠᠳᠠᠯᠢ ᠪᠤᠰᠤ ᠡᠪᠡᠰᠦ ᠪᠡᠯᠴᠢᠭᠡᠷ ᠤᠨ ᠲᠥᠷᠥᠯ ᠬᠡᠯᠪᠡᠷᠢ ᠲᠠᠢ ᠤᠶᠠᠯᠳᠤᠭᠤᠯᠤᠨ᠂ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ ᠡᠪᠡᠰᠦᠲᠦ ᠲᠠᠯ᠎ᠠ ᠶᠢᠨ ᠳᠤᠯᠠᠭᠠᠨ ᠤᠯᠠᠷᠢᠯ ᠤᠨ ᠪᠡᠯᠴᠢᠭᠡᠷ ᠤᠨ ᠳᠠᠭᠠᠭᠠᠴᠠ ᠶᠢ ᠲᠣᠭᠲᠠᠭᠠᠬᠤ ᠠᠷᠭ᠎ᠠ ᠶᠢ ᠴᠢᠩᠭ᠎ᠠ ᠵᠢᠷᠤᠮᠯᠠᠨ᠂ ᠲᠠᠪᠤᠨ ᠵᠢᠯ ᠪᠦᠷᠢ ᠪᠠᠷ ᠦᠶᠡᠯᠡᠯ ᠪᠣᠯᠭᠠᠵᠤ᠂ ᠡᠪᠡᠰᠦᠲᠦ ᠲᠠᠯ᠎ᠠ ᠶᠢᠨ ᠳᠤᠯᠠᠭᠠᠨ ᠤᠯᠠᠷᠢᠯ ᠳᠤ ᠪᠡᠯᠴᠢᠭᠡᠷ ᠤᠨ ᠳᠠᠭᠠᠭᠠᠴᠠ ᠳᠤ ᠳᠣᠭᠢᠷᠠᠬᠤ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠵᠤ᠂ ᠨᠤᠲᠤᠭ ᠪᠡᠯᠴᠢᠭᠡᠷ ᠢ ᠠᠰᠢᠭᠯᠠᠬᠤ ᠡᠷᠴᠢᠮ ᠢ ᠴᠢᠩᠭ᠎ᠠ ᠬᠢᠵᠠᠭᠠᠷᠯᠠᠬᠤ ᠬᠡᠷᠡᠭᠲᠡᠶ᠃ ᠡᠭᠦᠨ ᠤ ᠬᠠᠮᠲᠤ᠂ ᠡᠯ᠎ᠡ ᠭᠠᠵᠠᠷ ᠤᠳ ᠪᠡᠯᠴᠢᠭᠡᠷ ᠤᠨ ᠳᠠᠭᠠᠭᠠᠴᠠ ᠶᠢ ᠬᠢᠨᠠᠨ ᠲᠣᠭᠲᠠᠭᠠᠬᠤ᠂ ᠵᠣᠬᠢᠴᠠᠩᠭᠤᠶ ᠲᠥᠷᠥ ᠶᠢᠨ ᠪᠣᠳᠣᠯᠭ᠎ᠠ ᠪᠣᠯᠤᠨ ᠵᠠᠬ᠎ᠠ ᠳᠡᠯᠭᠡᠭᠦᠷ ᠢᠶᠠᠷ ᠬᠥᠲᠥᠯᠥᠨ ᠵᠢᠯᠣᠭᠤᠳᠣᠭᠤᠯᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠵᠢᠷᠤᠮᠯᠠᠨ᠂ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠰᠡᠨ ᠮᠠᠯ ᠤᠨ ᠭᠠᠷᠭᠠᠯᠲᠠ ᠶᠢᠨ ᠡᠷᠴᠢᠮ ᠢ ᠨᠡᠮᠡᠭᠳᠡᠭᠦᠯᠵᠦ᠂ ᠬᠦᠢᠲᠡᠨ ᠤᠯᠠᠷᠢᠯ ᠤᠨ ᠮᠠᠯ ᠤᠨ ᠲᠤᠭ᠎ᠠ ᠲᠣᠯᠣᠭᠠᠶ ᠶᠢ ᠵᠦᠢ ᠵᠣᠬᠢᠰᠲᠠᠶ ᠬᠢᠵᠠᠭᠠᠷᠯᠠᠨ᠂ ᠮᠠᠯ ᠤᠨ ᠲᠤᠭ᠎ᠠ ᠲᠤᠯᠤᠭᠠᠢ ᠶᠢ ᠬᠠᠰᠤᠬᠤ ᠡᠭᠦᠷᠭᠡ ᠶᠢ ᠪᠡᠶᠡᠯᠡᠭᠦᠯᠵᠦ᠂ ᠮᠠᠯ ᠤᠨᠤᠭ᠎ᠠ ᠶᠢ ᠪᠡᠯᠴᠢᠭᠡᠷ ᠤᠨ ᠳᠠᠭᠠᠭᠠᠴᠠ ᠳᠤ ᠲᠣᠬᠢᠷᠠᠬᠤ ᠬᠡᠪᠴᠢᠶᠡᠨ ᠳᠤ ᠬᠢᠵᠠᠭᠠᠷᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠨᠤᠲᠤᠭ ᠪᠡᠯᠴᠢᠭᠡᠷ ᠤᠨ ᠲᠣᠬᠢᠷᠠᠬᠤ ᠪᠡᠯᠴᠢᠭᠡᠷ ᠤᠨ ᠳᠠᠭᠠᠭᠠᠴᠠ ᠶᠢ ᠰᠢᠯᠢ ᠶᠢᠨ ᠭᠤᠣᠯ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠳᠠᠩᠰᠠᠯᠠᠭᠤᠯᠤᠨ ᠬᠢᠨᠠᠨ ᠪᠠᠶᠢᠴᠠᠭᠠᠯᠭᠠᠵᠤ ᠲᠣᠭᠲᠠᠭᠠᠯᠭᠠᠭᠰᠠᠨ ᠤ ᠳᠠᠷᠠᠭ᠎ᠠ᠂ ᠲᠤᠰ ᠭᠠᠵᠠᠷ ᠤᠨ ᠵᠠᠭᠤᠴᠢᠯᠠᠭᠤᠷ ᠳᠡᠭᠡᠷ᠎ᠡ ᠵᠠᠷᠯᠠᠬᠤ ᠶᠢᠨ ᠬᠠᠮᠲᠤ ᠬᠠᠮᠤᠭ ᠡᠴᠦᠰ ᠲᠤ ᠰᠤᠮᠤ ᠰᠢᠶᠠᠩ ᠪᠠᠯᠭᠠᠰᠤ ︵ᠲᠠᠯᠠᠪᠠᠶ︶ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠭᠠᠴᠠᠭ᠎ᠠ ᠲᠣᠰᠬᠤᠨ ︵ᠬᠤᠪᠢᠶᠠᠷᠢ ᠲᠠᠯᠠᠪᠠᠶ︶ ᠪᠣᠯᠤᠨ ᠲᠠᠷᠢᠶᠠᠯᠠᠬᠤ ᠮᠠᠯᠵᠢᠬᠤ ᠡᠷᠦᠬᠡ ᠳᠤ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠶ᠃

 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号