ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠪᠥᠷ ᠮᠣᠩᠭᠤᠯ ᠤᠨ ᠣᠶ ᠰᠢᠭᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠢ ᠮᠤᠳᠤᠨ ᠤ ᠬᠦᠷᠢᠶᠡᠯᠡᠩ ᠳᠤ ᠤᠷᠤᠭᠰᠢᠲᠠᠶ ᠶᠠᠪᠤᠭᠳᠠᠪᠠ
ᠨᠡᠶᠢᠲᠡᠯᠡᠭᠰᠡᠨ ᠴᠠᠭ᠄
2021/4/26
     2021 ᠣᠨ ᠤ 4 ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ ᠮᠧᠩ ᠼᠤᠤ ᠠᠮᠢ ᠠᠬᠤᠶ ᠶᠢᠨ ᠰᠡᠷᠭᠦᠭᠡᠯᠲᠡ ᠶᠢᠨ ᠤᠯᠤᠰ ᠤᠨ ᠰᠢᠨ᠎ᠡ ᠶᠢ ᠡᠭᠦᠳᠬᠦ ᠬᠤᠯᠪᠣᠭ᠎ᠠ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠰᠡᠷᠭᠦᠭᠡᠯᠲᠡ ᠶᠢᠨ ᠤᠯᠤᠰ ᠤᠨ ᠰᠢᠨ᠎ᠡ ᠶᠢ ᠡᠭᠦᠳᠬᠦ ᠬᠤᠯᠪᠣᠭ᠎ᠠ ᠳᠠᠭᠠᠭᠠᠴᠢᠯᠠᠨ ᠡᠷᠭᠢᠯᠡᠵᠦ᠂ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ ᠠᠬᠢᠭᠤᠯᠬᠤ︾ ᠪᠠᠷ ᠭᠤᠤᠯ ᠰᠡᠳᠦᠪ ᠪᠣᠯᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠪᠥᠷ ᠮᠣᠩᠭᠤᠯ ᠤᠨ ᠣᠶ ᠰᠢᠭᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠣᠳᠣᠨ ᠬᠦᠷᠢᠶᠡᠯᠡᠩ ᠳᠤ ᠤᠷᠤᠭᠰᠢᠲᠠᠶ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠪᠣᠯ ᠶᠡᠷᠦᠩᠬᠡᠶ ᠱᠦᠵᠢ ᠰᠢ ᠶᠢᠨ ᠫᠢᠩ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠶ ᠰᠢᠭᠤᠶ ᠪᠠ ᠨᠤᠲᠤᠭ ᠪᠡᠯᠴᠢᠭᠡᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠥᠯᠥᠭᠡ ᠶᠤᠮ᠂ ︽2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠪᠴᠢᠶ᠎ᠠ ᠶᠢᠨ ᠮᠡᠳᠡᠭᠳᠡᠯ︾ ︵ᠥᠪᠥᠷ ᠬᠤᠲᠠ ᠬᠢᠨᠠᠨ ᠮᠡᠳᠡᠭᠳᠡᠬᠦ ᠳᠠᠭᠠᠭᠠᠯᠲᠠ ᠶᠢᠨ ᠵᠠᠬᠢᠳᠠᠯ ﹇2021﹈174 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠬᠦ ᠪᠣᠯᠤᠨ᠎ᠠ᠃        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ ᠯᠧᠦ ᠪᠥᠸᠧ ᠵᠢᠶᠦ᠋ᠨ ᠠᠵᠢᠯᠯᠠᠭ᠎ᠠ ᠳᠤ ᠣᠷᠣᠯᠴᠠᠭᠰᠠᠨ ᠪᠥᠭᠡᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠪᠣᠯ ᠶᠡᠷᠦᠩᠬᠡᠶ ᠱᠦᠵᠢ ᠰᠢ ᠶᠢᠨ ᠫᠢᠩ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ︔ ᠡᠭᠦᠨ ᠤ ᠬᠠᠮᠲᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠢᠳᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠨᠠᠷ ᠰᠠᠶᠢᠲᠠᠶ ᠡᠭᠦᠳᠦᠯᠲᠡ᠂ ᠥᠨᠳᠥᠷ ᠲᠦᠪᠰᠢᠨ ᠪᠥᠬᠦᠶ ᠬᠠᠮᠠᠭᠠᠯᠠᠯᠲᠠ᠂ ᠥᠨᠳᠥᠷ ᠦᠷ᠎ᠡ ᠠᠰᠢᠭᠲᠤ ᠬᠡᠷᠡᠭᠯᠡᠯᠲᠡ ᠶᠢ ᠦᠨᠡᠨ ᠬᠦ ᠪᠡᠶᠡᠯᠡᠭᠦᠯᠵᠦ᠂ ᠮᠠᠨ ᠤ ᠣᠷᠣᠨ ᠤ ᠣᠶ ᠰᠢᠭᠤᠶ ᠨᠤᠳᠤᠭ ᠪᠡᠯᠴᠢᠭᠡᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠠᠵᠢᠯᠯᠠᠭ᠎ᠠ ᠳᠤ ᠪᠠᠰᠠ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠰᠠᠶᠢᠬᠠᠨ ᠠᠭᠤᠯᠠ ᠶᠢᠨ ᠣᠶ ᠰᠢᠭᠤᠶ ᠶᠢᠨ ᠠᠮᠢ ᠠᠬᠤᠶ ᠶᠢᠨ ᠰᠢᠰᠲ᠋ᠧᠮ ᠤᠨ ᠤᠯᠤᠰ ᠤᠨ ᠪᠠᠶᠢᠷᠢ ᠲᠣᠭᠲᠠᠭᠠᠯᠲᠠ ᠠᠵᠢᠭᠯᠠᠯᠲᠠ ᠶᠢᠨ ᠰᠤᠳᠤᠯᠭᠠᠨ ᠤ ᠥᠷᠲᠡᠭᠡ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠡᠯᠡᠰᠦᠷᠬᠡᠭ ᠭᠠᠵᠠᠷ ᠤᠨ ᠠᠮᠢᠳᠤ ᠪᠣᠳᠠᠰ ᠤᠨ ᠡᠬᠢ ᠪᠠᠶᠠᠯᠢᠭ ᠢ ᠬᠠᠮᠠᠭᠠᠯᠠᠬᠤ ᠪᠠ ᠪᠤᠶᠢᠵᠢᠭᠤᠯᠬᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠤᠯᠤᠰ ᠤᠨ ᠣᠶ ᠰᠢᠭᠤᠶ ᠪᠠ ᠲᠠᠯ᠎ᠠ ᠨᠤᠲᠤᠭ ᠤᠨ ᠤᠮᠠᠷᠠᠲᠤ ᠶᠢᠨ ᠭᠠᠩ ᠬᠠᠭᠰᠠᠷᠠᠭᠠᠨ ᠲᠠᠢ ᠲᠡᠮᠡᠴᠡᠵᠦ ᠬᠦᠢᠲᠡᠨ ᠳᠤ ᠲᠡᠰᠪᠦᠷᠢᠲᠡᠶ ᠡᠪᠡᠰᠦᠨ ᠤ ᠡᠭᠦᠯᠳᠡᠷ ᠢ ᠪᠤᠶᠢᠵᠢᠭᠤᠯᠤᠨ ᠦᠷᠡᠵᠢᠭᠦᠯᠬᠦ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ᠂ ᠠᠶᠤᠩᠭ᠎ᠠ ᠶᠢᠨ ᠭᠠᠯ ᠪᠠ ᠬᠢᠯᠢ ᠶᠢᠨ ᠭᠠᠯ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠤᠯᠤᠰ ᠤᠨ ᠰᠢᠨ᠎ᠡ ᠶᠢ ᠡᠭᠦᠳᠬᠦ ᠬᠤᠯᠪᠣᠭ᠎ᠠ ᠵᠡᠷᠭᠡ ᠬᠥᠬᠡᠬᠤᠲᠠ ᠶᠢᠨ ᠤᠯᠤᠰ ᠤᠨ ᠣᠶ ᠰᠢᠭᠤᠶ ᠨᠤᠳᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ 10 ᠭᠠᠷᠤᠶ ᠨᠢᠭᠡᠴᠢ ᠶᠢᠨ 20 ᠭᠠᠷᠤᠶ ᠬᠥᠮᠦᠨ ᠣᠷᠣᠯᠴᠠᠵᠠᠶ᠃      ᠠᠵᠢᠯᠯᠠᠭ᠎ᠠ ᠶᠢᠨ ᠬᠤᠭᠤᠴᠠᠭᠠᠨ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠲᠤᠷᠰᠢᠯᠭ᠎ᠠ ᠶᠢᠨ ᠰᠣᠯᠢᠯᠴᠠᠭ᠎ᠠ ᠬᠢᠵᠡᠶ᠃ ᠥᠪᠥᠷ ᠮᠣᠩᠭᠤᠯ ᠤᠨ ᠮᠧᠩ ᠼᠤᠤ ᠠᠮᠢ ᠠᠬᠤᠶ ᠣᠷᠴᠢᠨ ᠲᠣᠭᠤᠷᠢᠨ ᠤ ︵ᠪᠦᠯᠦᠭᠯᠡᠯ︶ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠮᠧᠩ ᠼᠤᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠲᠤᠰᠬᠠᠶ ᠮᠡᠷᠭᠡᠵᠢᠯᠲᠡᠨ ᠲᠣᠰ ᠲᠣᠰ ᠡᠯ᠎ᠡ ᠨᠢᠭᠡᠴᠢ ︵ᠠᠵᠤ ᠠᠬᠤᠶᠢᠯᠠᠯ︶ ᠶᠢᠨ ᠣᠶ ᠰᠢᠭᠤᠶ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠢᠶᠠᠷᠤᠯᠲᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠶᠡᠷᠦᠩᠬᠡᠶ ᠪᠠᠶᠢᠳᠠᠯ᠂ ᠣᠯᠤᠭᠰᠠᠨ ᠠᠮᠵᠢᠯᠲᠠ ᠪᠠ ᠲᠤᠷᠰᠢᠯᠭ᠎ᠠ ᠪᠠᠨ ᠰᠣᠯᠢᠯᠴᠠᠪᠠ᠃      ᠠᠵᠢᠯᠯᠠᠭ᠎ᠠ ᠶᠢᠨ ᠬᠤᠭᠤᠴᠠᠭᠠᠨ ᠳᠤ ᠪᠠᠰᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠷ᠎ᠡ ᠪᠦᠲᠦᠭᠡᠯ ᠤᠨ  ᠦᠵᠡᠬᠦᠯᠦᠯᠭᠡ ᠶᠢᠨ ᠰᠠᠮᠪᠠᠷ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶ᠎ᠠ ᠪᠥᠬᠦᠶ ᠠᠰᠠᠭᠤᠳᠠᠯ ᠤᠨ ᠬᠠᠷᠢᠭᠤᠯᠲᠠ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠨ ᠥᠭᠴᠦ᠂ ᠬᠤᠲᠠ ᠶᠢᠨ ᠠᠷᠠᠳ ᠤᠨ ᠬᠠᠯᠠᠭᠤᠨ ᠣᠷᠣᠯᠴᠠᠭ᠎ᠠ ᠶᠢ ᠣᠯᠵᠠᠶ᠃ ᠲᠣᠰ ᠤᠳᠠᠭᠠᠨ ᠤ ᠠᠵᠢᠯᠯᠠᠭ᠎ᠠ ᠨᠢ ᠥᠷᠭᠡᠨ ᠣᠯᠠᠨ ᠣᠶ ᠰᠢᠭᠤᠶ  ᠨᠤᠳᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠪᠠ ᠬᠤᠲᠠ ᠶᠢᠨ ᠠᠷᠠᠳ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠦᠨᠳᠦᠳᠬᠡᠨ ᠬᠠᠮᠠᠭᠠᠯᠠᠬᠤ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠣᠶ ᠰᠢᠭᠤᠶ ᠨᠤᠳᠤᠭ ᠪᠡᠯᠴᠢᠭᠡᠷ ᠤᠨ ᠰᠢᠨᠵᠢᠯᠡᠬᠦ ᠤᠬᠠᠭᠠᠨ  ᠤ ᠰᠢᠨ᠎ᠡ ᠶᠢ ᠡᠭᠦᠳᠬᠦ ᠮᠡᠷᠭᠡᠵᠢᠯ᠂ ᠦᠢᠯᠡᠳᠬᠦᠨ ᠤ ᠲᠤᠬᠠᠶ ᠲᠠᠨᠢᠯᠲᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ ᠶᠡᠭᠡ ᠳᠡᠭᠡᠳᠦ ᠰᠤᠷᠭᠠᠭᠤᠯᠢ ᠪᠠ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠦᠭᠵᠢᠯᠳᠡ ᠶᠢᠨ ᠶᠠᠪᠤᠴᠠ ᠳᠠᠬᠢ ᠰᠣᠯᠢᠯᠴᠠᠭ᠎ᠠ ᠶᠢ ᠴᠢᠩᠭᠠᠳᠬᠠᠬᠤ ᠪᠣᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠣᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号