ᠤᠢ ᠮᠤᠳᠤᠨ ᠤ ᠲᠦᠷᠦᠯ ᠵᠦᠢᠯ ᠢ ᠢᠯᠭᠠᠨ ᠨᠤᠲᠠᠯᠠᠬᠤ
ᠨᠡᠶᠢᠲᠡᠯᠡᠭᠰᠡᠨ ᠴᠠᠭ᠄
2021/4/7
     ᠡᠷᠬᠡ ᠶᠢᠨ ᠨᠡᠷᠡᠶᠢᠳᠦᠯ᠄ ᠤᠢ ᠮᠤᠳᠤᠨ ᠤ ᠲᠦᠷᠦᠯ ᠵᠦᠢᠯ ᠢ ᠢᠯᠭᠠᠨ ᠨᠤᠲᠠᠯᠠᠬᠤ              ᠡᠷᠬᠡ ᠶᠢᠨ ᠲᠥᠷᠥᠯ ᠠᠩᠭᠢᠯᠠᠯ᠄ ᠵᠠᠰᠠᠭ ᠵᠠᠬᠢᠷᠭᠠᠨ ᠤ ᠮᠠᠭᠠᠳᠯᠠᠯ            ᠬᠠᠷᠢᠭᠤᠴᠠᠯᠭ᠎ᠠ ᠶᠢᠨ ᠭᠤᠣᠯ ᠴᠣᠭᠴᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ  ᠰᠢᠭᠤᠶ ᠪᠠ ᠨᠤᠳᠤᠭ ᠪᠡᠯᠴᠢᠭᠡᠷ ᠤᠨ ᠲᠤᠪᠴᠢᠶ᠎ᠠ          ᠲᠤᠭᠲᠠᠭᠠᠭᠰᠠᠨ‌ᠦᠨᠳᠦᠰᠦᠯᠡᠯ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ ᠶᠢ ᠬᠡᠷᠡᠭᠵᠢᠭᠦᠯᠬᠦ ᠳᠦᠷᠢᠮ︾  ᠤᠨ ᠨᠠᠢᠮᠠᠳᠣᠭᠠᠷ ᠵᠣᠷᠪᠤᠰ᠄ ᠤᠯᠤᠰ ᠤᠨ ᠭᠤᠣᠯᠳᠠᠯᠭ᠎ᠠ ᠲᠠᠢ ᠬᠠᠯᠬᠠᠪᠴᠢ ᠤᠢ ᠪᠣᠯᠤᠨ ᠣᠨᠴᠠᠭᠠᠶ ᠬᠡᠷᠡᠭᠯᠡᠭᠡᠨ ᠤ  ᠤᠢ ᠶᠢ ᠠᠩᠭᠢᠯᠠᠨ ᠲᠤᠭᠲᠠᠭᠠᠬᠤ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠤᠢ ᠰᠢᠭᠤᠶ ᠶᠢᠨ ᠡᠷᠬᠢᠯᠡᠨ  ᠬᠠᠮᠢᠶᠠᠷᠬᠤ ᠰᠠᠯᠠᠭ᠎ᠠ ᠮᠥᠴᠢᠷ ᠠᠴᠠ ᠰᠠᠨᠠᠯ ᠳᠤᠷᠠᠳᠴᠤ᠂ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠦᠨ  ᠵᠥᠪᠰᠢᠶᠡᠷᠡᠭᠦᠯᠵᠦ ᠨᠡᠶᠢᠲᠡᠯᠡᠨ᠎ᠡ︔ ᠣᠷᠣᠨ ᠨᠤᠲᠤᠭ ᠤᠨ ᠭᠤᠣᠯᠳᠠᠯᠭ᠎ᠠ ᠲᠠᠢ ᠬᠠᠯᠬᠠᠪᠴᠢ ᠤᠢ ᠪᠣᠯᠤᠨ ᠣᠨᠴᠠᠭᠠᠶ  ᠬᠡᠷᠡᠭᠯᠡᠭᠡᠨ ᠤ ᠤᠢ ᠶᠢ ᠠᠩᠭᠢᠯᠠᠨ ᠲᠣᠭᠲᠠᠭᠠᠬᠤ ᠳᠤ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ  ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠢ ᠰᠢᠭᠤᠶ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ  ᠰᠠᠨᠠᠯ ᠳᠤᠷᠠᠳᠴᠤ᠂ ᠳᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠵᠦ  ᠨᠡᠶᠢᠲᠡᠯᠡᠨ᠎ᠡ︔ ᠡᠲᠡᠭᠡᠷ ᠠᠴᠠ ᠪᠤᠰᠤᠳ ᠬᠠᠯᠬᠠᠪᠴᠢ ᠤᠢ᠂ ᠮᠠᠲ᠋ᠧᠷᠢᠶᠠᠯ ᠤᠨ ᠤᠢ᠂ ᠣᠨᠴᠠᠭᠠᠶ ᠬᠡᠷᠡᠭᠯᠡᠭᠡᠨ ᠤ ᠤᠢ  ᠪᠣᠯᠤᠨ ᠠᠵᠤ ᠠᠬᠤᠶ ᠶᠢᠨ ᠤᠢ᠂ ᠲᠦᠯᠡᠰᠢᠨ ᠤᠢ ᠶᠢ ᠠᠩᠭᠢᠯᠠᠨ ᠲᠣᠭᠲᠠᠭᠠᠬᠤ ᠳᠤ᠂ ᠰᠢᠶᠠᠨ ᠤ ᠱᠠᠲᠤᠨ ᠤ  ᠠᠷᠠᠳ ᠤᠨ ᠵᠠᠰᠠᠭ ᠤᠨ ᠣᠷᠳᠣᠨ ᠤ ᠤᠢ ᠰᠢᠭᠤᠶ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠤᠯᠤᠰ ᠤᠨ  ᠤᠢ ᠮᠣᠳᠣᠨ ᠤ ᠲᠦᠷᠦᠯ ᠵᠦᠢᠯ ᠢ ᠢᠯᠭᠠᠨ ᠲᠤᠭᠳᠠᠭᠠᠬᠤ ᠲᠤᠬᠠᠶ ᠲᠣᠭᠲᠠᠭᠠᠯ ᠵᠢᠴᠢ ᠳᠤᠰ ᠱᠠᠲᠤᠨ ᠤ ᠠᠷᠠᠳ ᠤᠨ ᠵᠠᠰᠠᠭ ᠤᠨ  ᠣᠷᠳᠣᠨ ᠤ ᠪᠠᠶᠢᠷᠢᠯᠠᠭᠤᠯᠤᠯᠲᠠ ᠶᠢ ᠦᠨᠳᠦᠰᠦᠯᠡᠨ ᠵᠣᠬᠢᠶᠠᠨ ᠪᠠᠶᠢᠭᠤᠯᠵᠤ ᠵᠠᠭᠠᠭᠯᠠᠨ ᠲᠣᠭᠲᠠᠭᠠᠭᠠᠳ᠂ ᠲᠤᠰ  ᠱᠠᠲᠤᠨ ᠤ ᠪᠠᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠨᠡᠶᠢᠲᠡᠯᠡᠨ᠎ᠡ᠃ ᠮᠤᠵᠢ᠂  ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠭᠤᠣᠯᠳᠠᠯᠭ᠎ᠠ ᠲᠠᠢ  ᠬᠠᠯᠬᠠᠪᠴᠢ ᠤᠢ ᠪᠣᠯᠤᠨ ᠣᠨᠴᠠᠭᠠᠶ ᠬᠡᠷᠡᠭᠯᠡᠭᠡᠨ ᠤ ᠤᠢ ᠶᠢᠨ ᠡᠵᠡᠯᠡᠬᠦ ᠳᠠᠯᠠᠪᠠᠢ ᠶᠢ ᠲᠤᠰ ᠵᠠᠰᠠᠭ ᠵᠠᠬᠢᠷᠭᠠᠨ ᠤ  ᠣᠷᠣᠨ ᠤ ᠤᠢ ᠰᠢᠭᠤᠶ ᠶᠢᠨ ᠶᠡᠷᠦᠩᠬᠡᠶ ᠳᠠᠯᠠᠪᠠᠢ ᠶᠢᠨ 30 % ᠠᠴᠠ ᠳᠤᠲᠠᠭᠤ  ᠪᠠᠶᠢᠯᠭᠠᠵᠣ ᠪᠣᠯᠬᠤ ᠦᠭᠡᠢ᠃  ᠵᠥᠪᠰᠢᠶᠡᠷᠡᠭᠦᠯᠵᠦ ᠨᠡᠶᠢᠲᠡᠯᠡᠭᠰᠡᠨ ᠤᠢ ᠮᠣᠳᠣᠨ ᠤ ᠳᠦᠷᠦᠯ ᠵᠦᠢᠯ ᠢ  ᠪᠤᠰᠣᠳ ᠣᠢ ᠮᠣᠳᠣᠨ ᠤ ᠲᠦᠷᠦᠯ ᠵᠦᠢᠯ ᠪᠤᠯᠭᠠᠨ ᠬᠤᠪᠢᠷᠠᠭᠤᠯᠬᠤ ᠳᠤ ᠤᠤᠯ ᠤᠨ ᠵᠦᠪᠰᠢᠶᠡᠷᠡᠭᠰᠡᠨ ᠪᠠᠶᠢᠭᠤᠯᠭ᠎ᠠ ᠳᠤ ᠮᠡᠳᠡᠭᠦᠯᠵᠦ ᠵᠥᠪᠰᠢᠶᠡᠷᠡᠭᠦᠯᠦᠨ᠎ᠡ᠃              ᠬᠠᠷᠢᠭᠤᠴᠠᠬᠤ ᠵᠦᠢᠯᠡᠰ᠄  1. ᠬᠦᠯᠢᠶᠡᠨ ᠠᠪᠴᠤ ᠰᠢᠶᠳᠪᠦᠷᠢᠯᠡᠬᠦ ᠬᠠᠷᠢᠭᠤᠴᠠᠯᠭ᠎ᠠ᠄ ᠠᠳᠠᠯᠢ ᠪᠤᠰᠤ ᠡᠵᠡᠩᠨᠡᠯᠲᠠ ᠶᠢᠨ ᠵᠣᠷᠢᠯᠭ᠎ᠠ ᠶᠢ  ᠦᠨᠳᠦᠰᠦᠯᠡᠨ᠂ ᠠᠳᠠᠯᠢ ᠪᠤᠰᠤ ᠲᠦᠷᠦᠯ ᠤᠨ ᠤᠢ ᠮᠣᠳᠣ ᠶᠢᠨ ᠰᠢᠨᠵᠢ ᠴᠢᠨᠠᠷ᠂ ᠡᠭᠦᠷᠭᠡ ᠬᠠᠷᠢᠭᠤᠴᠠᠯᠭ᠎ᠠ᠂  ᠡᠵᠡᠩᠨᠡᠯᠲᠡ ᠶᠢᠨ ᠴᠢᠭᠯᠡᠯᠲᠡ ᠪᠠ ᠠᠷᠭ᠎ᠠ ᠠᠪᠴᠠᠯ ᠢ ᠲᠤᠭᠲᠠᠭᠠᠵᠣ᠂ ᠤᠢ ᠮᠣᠳᠣᠨ ᠤ ᠲᠦᠷᠦᠯ ᠵᠦᠢᠯ ᠳᠤ ᠠᠩᠭᠢᠯᠠᠯ  ᠬᠢᠨ᠎ᠡ᠃   2. ᠬᠢᠨᠠᠨ ᠪᠠᠶᠢᠴᠠᠭᠠᠬᠤ ᠬᠠᠷᠢᠭᠤᠴᠠᠯᠭ᠎ᠠ᠄ ᠣᠷᠣᠨ ᠨᠤᠲᠤᠭ ᠤᠨ ᠭᠤᠣᠯᠳᠠᠯᠭ᠎ᠠ ᠲᠠᠢ ᠬᠠᠯᠬᠠᠪᠴᠢ ᠤᠢ  ᠪᠣᠯᠤᠨ ᠣᠨᠴᠠᠭᠠᠶ ᠬᠡᠷᠡᠭᠯᠡᠭᠡᠨ ᠤ ᠤᠢ ᠶᠢ ᠠᠩᠭᠢᠯᠠᠨ ᠲᠣᠭᠲᠠᠭᠠᠬᠤ ᠳᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠢ ᠰᠢᠭᠤᠶ ᠶᠢᠨ ᠡᠷᠬᠢᠯᠡᠨ ᠬᠠᠮᠢᠶᠠᠷᠬᠤ  ᠰᠠᠯᠠᠭ᠎ᠠ ᠮᠥᠴᠢᠷ ᠠᠴᠠ ᠰᠠᠨᠠᠯ ᠳᠤᠷᠠᠳᠴᠤ᠂ ᠳᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ  ᠵᠥᠪᠰᠢᠶᠡᠷᠡᠭᠦᠯᠵᠦ ᠨᠡᠶᠢᠲᠡᠯᠡᠨ᠎ᠡ︔ ᠨᠢᠭᠡᠨᠲᠡ ᠵᠥᠪᠰᠢᠶᠡᠷᠡᠭᠦᠯᠵᠦ ᠨᠡᠶᠢᠲᠡᠯᠡᠭᠰᠡᠨ ᠤᠢ ᠮᠣᠳᠣᠨ ᠤ ᠳᠦᠷᠦᠯ ᠵᠦᠢᠯ ᠢ  ᠪᠤᠰᠣᠳ ᠣᠢ ᠮᠣᠳᠣᠨ ᠤ ᠲᠦᠷᠦᠯ ᠵᠦᠢᠯ ᠪᠤᠯᠭᠠᠨ ᠬᠤᠪᠢᠷᠠᠭᠤᠯᠬᠤ ᠳᠤ ᠤᠤᠯ ᠤᠨ ᠵᠦᠪᠰᠢᠶᠡᠷᠡᠭᠰᠡᠨ  ᠪᠠᠶᠢᠭᠤᠯᠭ᠎ᠠ ᠳᠤ ᠮᠡᠳᠡᠭᠦᠯᠵᠦ ᠵᠥᠪᠰᠢᠶᠡᠷᠡᠭᠦᠯᠦᠨ᠎ᠡ᠃    3. ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠬᠠᠷᠢᠭᠤᠴᠠᠯᠭ᠎ᠠ ᠶᠢ  ᠭᠦᠢᠴᠡᠳᠬᠡᠨ᠎ᠡ᠃             ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠢᠴᠢ ᠦᠨᠳᠦᠰᠦᠯᠡᠯ᠄       1. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ︾ ᠶᠢᠨ ᠳᠥᠴᠢᠨ  ᠵᠢᠷᠭᠤᠳᠤᠭᠠᠷ ᠵᠣᠷᠪᠤᠰ     ᠤᠢ ᠰᠢᠭᠤᠶ ᠶᠢᠨ ᠡᠬᠢ ᠪᠠᠶᠠᠯᠢᠭ ᠢ ᠬᠠᠮᠠᠭᠠᠯᠠᠬᠤ᠂ ᠤᠢ ᠰᠢᠭᠤᠶ ᠶᠢ ᠬᠢᠨᠠᠨ ᠬᠠᠮᠢᠶᠠᠷᠬᠤ  ᠠᠵᠢᠯ ᠬᠢᠵᠦ ᠪᠠᠶᠢᠭ᠎ᠠ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠠᠵᠢᠯᠳᠡᠠ ᠪᠣᠯᠤᠨ ᠪᠤᠰᠤᠳ  ᠲᠦᠷᠦ ᠶᠢᠨ ᠪᠠᠶᠢᠭᠤᠯᠤᠯᠭ᠎ᠠ ᠶᠢᠨ ᠬᠤᠯᠪᠣᠭᠳᠠᠯ ᠪᠦᠬᠦᠢ ᠠᠵᠢᠯᠳᠡᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ  ᠬᠡᠷᠡᠭᠯᠡᠬᠦ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠬᠤ᠂ ᠬᠤᠪᠢ ᠶᠢᠨ ᠨᠠᠶᠢᠷ ᠢᠶᠠᠷ ᠬᠠᠤᠯᠢ ᠶᠤᠰᠣ ᠶᠢ  ᠵᠥᠷᠢᠴᠡᠬᠦ᠂ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣ ᠪᠠᠷ ᠡᠷᠡᠭᠦᠦ ᠶᠢᠨ ᠬᠠᠷᠢᠭᠤᠴᠠᠯᠭ᠎ᠠ  ᠨᠡᠬᠡᠮᠵᠢᠯᠡᠨ᠎ᠡ︔ ᠬᠠᠷᠠᠬᠠᠨ ᠶᠠᠯ᠎ᠠ ᠪᠣᠯᠵᠥ ᠪᠦᠷᠢᠯᠳᠦᠭᠰᠡᠨ ᠥᠭᠡᠢ ᠪᠠᠶᠢᠪᠠᠯ ᠬᠠᠤᠯᠢ ᠶᠣᠰᠣᠭᠠᠷ ᠵᠠᠰᠠᠭ ᠵᠠᠬᠢᠷᠭᠠᠨ ᠤ  ᠰᠢᠢᠳᠭᠡᠯ ᠥᠭᠭᠦᠨ᠎ᠡ᠃   2 . ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠬᠦᠯᠬᠦ ︿ᠪᠥᠬᠦᠳᠡ ᠨᠠᠶᠢᠷᠠᠮᠳᠠᠬᠤ  ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ﹀ ᠶᠢᠨ ᠠᠷᠭ᠎ᠠ︾ ᠶᠢᠨ ᠲᠠᠪᠢᠨ ᠨᠢᠭᠡᠳᠦᠭᠡᠷ ᠵᠣᠷᠪᠤᠰ   ᠲᠦᠷᠦ ᠶᠢᠨ ᠪᠠᠶᠢᠭᠤᠯᠭ᠎ᠠ ᠶᠢᠨ ᠠᠵᠢᠯᠳᠠᠨ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠨ᠂ ᠡᠷᠬᠡ ᠲᠤᠰᠢᠶᠠᠯ ᠢᠶᠠᠨ  ᠳᠤᠷ᠎ᠠ ᠪᠠᠷ ᠢᠶᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠬᠤ᠂ ᠬᠤᠪᠢ ᠶᠢᠨ ᠨᠠᠶᠢᠷ ᠢᠶᠠᠷ ᠬᠠᠤᠯᠢ  ᠶᠣᠰᠣ ᠶᠢ ᠵᠥᠷᠢᠴᠡᠭᠰᠡᠨ ᠪᠤᠯ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠭᠡᠯ ᠥᠭᠭᠦᠨ᠎ᠡ︔ ᠶᠠᠯ᠎ᠠ ᠪᠣᠯᠵᠤ  ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠶ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号