ᠡᠯᠳᠡᠪ ᠡᠪᠡᠰᠦᠨ ᠤ ᠭᠤᠤᠯ ᠪᠤᠯᠬᠤ ᠬᠦᠨᠦᠭᠡᠯ ᠨᠢ ᠶᠠᠭᠤ ᠪᠤᠢ
ᠨᠡᠶᠢᠲᠡᠯᠡᠭᠰᠡᠨ ᠴᠠᠭ᠄
2021/4/7
     ᠡᠯᠳᠡᠪ ᠡᠪᠡᠰᠦ ᠭᠡᠳᠡᠭ ᠨᠢ ᠬᠦᠮᠦᠨ ᠲᠦᠷᠦᠯᠬᠢᠲᠡᠨ ᠤ ᠤᠷᠤᠰᠢᠨ ᠲᠤᠭᠲᠠᠨᠢᠬᠤ ᠳᠤ ᠬᠤᠤᠷᠲᠠᠢ ᠪᠠ ᠬᠦᠳᠡᠯᠭᠡᠭᠡᠨ ᠤ ᠲᠠᠯᠠᠪᠤᠷ ᠲᠤ ᠤᠷᠭᠤᠳᠠᠭ ᠤᠷᠭᠤᠮᠠᠯ ᠢ ᠬᠡᠯᠡᠨ᠎ᠡ᠂ ᠶᠡᠷᠦ ᠳᠡᠭᠡᠨ ᠠᠶᠠᠨᠳᠠᠭᠠᠨ ᠤᠷᠭᠤᠭᠰᠠᠨ ᠵᠡᠷᠯᠢᠭ ᠤᠷᠭᠤᠮᠠᠯ ᠪᠤᠶᠤ ᠬᠦᠮᠦᠨ ᠲᠦᠷᠦᠯᠬᠢᠲᠡᠨ ᠳᠤ ᠶᠠᠮᠠᠷ ᠴᠤ ᠠᠰᠢᠭ ᠦᠭᠡᠢ ᠤᠷᠭᠤᠮᠠᠯ ᠪᠤᠯᠤᠨ᠎ᠠ᠃ ᠬᠢᠮᠢ ᠶᠢᠨ ᠠᠷᠭ᠎ᠠ ᠪᠠᠷ ᠰᠡᠷᠭᠡᠶᠢᠯᠡᠨ ᠤᠰᠠᠳᠬᠠᠬᠤ ᠱᠠᠭᠠᠷᠳᠠᠯᠭ᠎ᠠ ᠶᠢ ᠦᠨᠳᠦᠰᠦᠯᠡᠨ ᠦᠶᠡᠲᠦ ᠡᠪᠡᠰᠦ᠂ ᠰᠠᠬᠠᠯ ᠡᠪᠡᠰᠦ ᠪᠤᠯᠤᠨ ᠦᠷᠭᠡᠨ ᠨᠠᠪᠴᠢᠲᠤ ᠡᠪᠡᠰᠦ ᠭᠡᠵᠦ ᠬᠤᠪᠢᠶᠡᠨ᠎ᠡ᠃ ᠡᠭᠦᠨ ᠠᠴᠠ ᠭᠠᠳᠠᠨ᠎ᠠ ᠡᠯᠳᠡᠪ ᠡᠪᠡᠰᠦᠨ ᠤ ᠰᠢᠮ᠎ᠡ ᠲᠡᠵᠢᠭᠡᠯ ᠤᠨ ᠲᠦᠷᠦᠯ ᠵᠦᠢᠯ᠂ ᠤᠷᠭᠤᠯᠲᠠ ᠶᠢᠨ ᠬᠡᠪ ᠶᠤᠰᠤ ᠪᠤᠯᠤᠨ ᠦᠷᠡᠵᠢᠯ ᠤᠨ ᠠᠷᠭ᠎ᠠ ᠮᠠᠶ᠋ᠢᠭ ᠵᠡᠷᠭᠡ ᠶᠢ ᠨᠢ ᠦᠨᠳᠦᠰᠦᠯᠡᠨ ᠲᠦᠷᠦᠯ ᠬᠤᠪᠢᠶᠡᠵᠤ ᠪᠤᠯᠤᠨ᠎ᠠ᠃ ᠲᠡᠭᠦᠨ ᠤ ᠠᠮᠢᠳᠤ ᠪᠤᠳᠠᠰ ᠤᠨ ᠤᠨᠴᠠᠯᠢᠭ ᠨᠢ᠄ ᠤᠯᠠᠮᠵᠢᠯᠠᠬᠤ ᠬᠡᠯᠪᠡᠷᠢ ᠨᠢ ᠤᠯᠠᠨ᠂ ᠦᠷᠡᠵᠢᠬᠦ ᠪᠠ ᠳᠠᠬᠢᠨ ᠤᠷᠭᠤᠬᠤ ᠴᠢᠳᠠᠪᠤᠷᠢ ᠨᠢ ᠴᠢᠩᠭ᠎ᠠ᠂ ᠠᠮᠢᠳᠤᠷᠠᠯ ᠤᠨ ᠦᠶᠡᠯᠡᠯ ᠨᠢ ᠶᠡᠷᠦ ᠳᠡᠭᠡᠨ ᠲᠠᠷᠢᠮᠠᠯ ᠠᠴᠠ ᠤᠬᠤᠷ᠂ ᠦᠷ᠎ᠡ ᠨᠢ ᠪᠤᠯᠪᠠᠰᠤᠷᠠᠬᠤ ᠶᠢᠨ ᠳᠠᠭᠠᠤ ᠤᠨᠠᠵᠤ᠂ ᠰᠦᠷᠬᠦ ᠶᠢ ᠡᠰᠡᠷᠭᠦᠴᠡᠬᠦ ᠴᠢᠨᠠᠷ ᠢᠶᠠᠷ ᠴᠢᠩᠭ᠎ᠠ᠂ ᠭᠡᠷᠡᠯ ᠤᠨ ᠨᠡᠶᠢᠯᠡᠯᠭᠡ ᠶᠢᠨ ᠦᠷ᠎ᠡ ᠠᠰᠢᠭ ᠨᠢ ᠦᠨᠳᠦᠷ ᠵᠡᠷᠭᠡ᠃ ᠲᠠᠷᠢᠶᠠᠨ ᠳᠠᠬᠢ ᠡᠯᠳᠡᠪ ᠡᠪᠡᠰᠦ ᠶᠢᠨ ᠭᠤᠤᠯ ᠬᠦᠨᠦᠭᠡᠯ ᠨᠢ᠄ ᠲᠠᠷᠢᠮᠠᠯ ᠲᠠᠢ ᠰᠢᠮ᠎ᠡ ᠲᠡᠵᠢᠭᠡᠯ᠂ ᠤᠰᠤ᠂ ᠨᠠᠷᠠᠨ ᠤ ᠭᠡᠷᠡᠯ ᠪᠤᠯᠤᠨ ᠤᠷᠤᠨ ᠵᠠᠢ ᠪᠤᠯᠢᠶᠠᠯᠴᠠᠵᠤ᠂ ᠲᠠᠷᠢᠶᠠᠨ ᠤ ᠰᠠᠯᠬᠢ ᠨᠡᠪᠲᠡᠷᠡᠬᠦ ᠶᠢ ᠬᠠᠷᠰᠢᠯᠠᠭᠠᠳ ᠲᠠᠷᠢᠮᠠᠯ ᠤᠨ ᠤᠨᠠᠯᠲᠠ ᠪᠤᠯᠤᠨ ᠶᠠᠰᠤ ᠴᠢᠨᠠᠷ ᠢ ᠳᠤᠷᠤᠭᠰᠢᠯᠠᠭᠤᠯᠤᠨ᠎ᠠ᠃ ᠮᠠᠰᠢ ᠤᠯᠠᠨ ᠡᠯᠳᠡᠪ ᠡᠪᠡᠰᠦ ᠨᠢ ᠡᠪᠡᠳᠴᠢᠯᠡᠭᠦᠯᠬᠦ ᠮᠢᠺᠷᠣᠪ ᠪᠤᠯᠤᠨ ᠬᠦᠨᠦᠭᠡᠯᠲᠦ ᠰᠢᠪᠠᠵᠢ ᠶᠢᠨ ᠵᠠᠪᠰᠠᠷ ᠤᠨ ᠮᠦᠯᠵᠢᠭᠳᠡᠭᠴᠢ ᠪᠤᠶᠤ ᠮᠦᠯᠵᠢᠨ ᠤᠷᠤᠰᠢᠬᠤ ᠭᠠᠵᠠᠷ ᠲᠤᠯᠠ ᠡᠪᠡᠳᠴᠢᠯᠡᠭᠦᠯᠬᠦ ᠪᠠ ᠰᠢᠪᠠᠵᠢ ᠶᠢᠨ ᠬᠦᠨᠦᠭᠡᠯ ᠡᠭᠦᠰᠭᠡᠳᠡᠭ᠃ ᠡᠭᠦᠨ ᠠᠴᠠ ᠭᠠᠳᠠᠨ᠎ᠠ ᠵᠠᠷᠢᠮ ᠡᠯᠳᠡᠪ ᠡᠪᠡᠰᠦ ᠶᠢᠨ ᠦᠷ᠎ᠡ ᠪᠤᠶᠤ ᠴᠡᠴᠡᠭ ᠤᠨ ᠲᠤᠭᠤᠰᠤ ᠳᠤᠲᠤᠷ᠎ᠠ ᠬᠤᠤᠷᠲᠤ ᠡᠳ᠋ ᠠᠭᠤᠯᠤᠭᠳᠠᠵᠤ ᠬᠦᠮᠦᠨ ᠮᠠᠯ ᠢ ᠬᠤᠤᠷᠳᠠᠭᠤᠯᠳᠠᠭ ᠪᠠᠶᠢᠨ᠎ᠠ᠃      ︵ᠢᠷᠡᠯᠲᠡ᠄ ᠰᠢ ᠢᠩ ᠤᠨ ᠨᠠᠶᠢᠷᠠᠭᠤᠯᠤᠭᠰᠠᠨ ︽ᠤᠷᠭᠤᠮᠠᠯ ᠤᠨ ᠡᠪᠡᠳᠴᠢᠨ ᠬᠤᠷᠤᠬᠠᠢ ᠡᠪᠡᠰᠦᠨ ᠤ ᠬᠦᠨᠦᠭᠡᠯ ᠢ ᠬᠢᠵᠠᠭᠠᠷᠯᠠᠬᠤ ᠠᠰᠠᠭᠤᠯᠲᠠ ᠬᠠᠷᠢᠭᠤᠯᠲᠠ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶    
 
ᠢᠷᠡᠯᠲᠡ᠄ ︽ᠤᠷᠭᠤᠮᠠᠯ ᠤᠨ ᠡᠪᠡᠳᠴᠢᠨ ᠬᠤᠷᠤᠬᠠᠢ ᠡᠪᠡᠰᠦᠨ ᠤ ᠬᠦᠨᠦᠭᠡᠯ ᠢ ᠬᠢᠵᠠᠭᠠᠷᠯᠠᠬᠤ ᠠᠰᠠᠭᠤᠯᠲᠠ ᠬᠠᠷᠢᠭᠤᠯᠲᠠ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号