ᠡᠯᠡᠰᠦᠨ ᠰᠢᠭᠤᠷᠭ᠎ᠠ ᠴᠤᠬᠤᠮ ᠶᠠᠮᠠᠷ ᠰᠢᠯᠳᠠᠭᠠᠨ ᠠᠴᠠ ᠪᠤᠢ ᠪᠤᠯᠤᠠᠠᠰᠠᠨ ᠪᠤᠢ︖
ᠨᠡᠶᠢᠲᠡᠯᠡᠭᠰᠡᠨ ᠴᠠᠭ᠄
2021/6/21
     ᠡᠨᠡ ᠠᠰᠠᠭᠤᠳᠠᠯ ᠢ ᠬᠠᠷᠢᠭᠤᠯᠬᠤ ᠳᠤ ᠡᠩ ᠲᠠᠷᠢᠭᠦᠨ ᠳᠤ ᠪᠢᠳᠡ ᠠᠮᠢ ᠠᠬᠤᠢ ᠶᠢᠨ ᠰᠢᠰᠲ᠋ᠧᠮ ᠳᠤ ᠲᠡᠮᠵᠢᠯᠭᠡ ᠪᠤᠯᠳᠠᠭ ᠵᠢᠷᠭᠤᠭᠠᠨ ᠲᠤᠮᠤ ᠤᠷᠴᠢᠨ ᠠᠬᠤᠢ ᠶᠢᠨ ᠡᠯᠧᠮᠧᠨ᠋ᠲ ᠤᠨ ᠬᠤᠪᠢᠷᠠᠯᠳᠠ ᠶᠢ ᠵᠠᠳᠠᠯᠬᠤ ᠴᠢᠬᠤᠯᠠ ᠲᠠᠢ ᠪᠠᠶᠢᠨ᠎ᠠ᠃ ᠨᠢᠭᠡᠳᠦᠭᠡᠷ ᠲᠤ᠂ ᠭᠡᠷᠡᠯ ᠤᠨ ᠲᠤᠰᠤᠯᠳᠠ ᠬᠤᠪᠢᠷᠠᠯᠳᠠ ᠦᠭᠡᠢ ᠪᠠᠶᠢᠬᠤ︔ ᠬᠤᠶᠠᠳᠤᠭᠠᠷ ᠲᠤ᠂ ᠲᠤᠯᠠᠭᠠᠨ ᠤ ᠭᠡᠮᠵᠢᠶ᠎ᠠ ᠭᠡᠪ ᠤᠨ ᠪᠠᠶᠢᠬᠤ︔ ᠭᠤᠷᠪᠠᠳᠤᠭᠠᠷ ᠲᠤ᠂ ᠭᠦᠴᠢᠯᠳᠦ᠋ᠷᠦᠭᠴᠢ ᠶᠢᠨ ᠠᠭᠤᠯᠤᠠᠠᠳᠠᠴᠠ ᠬᠤᠪᠢᠷᠠᠯᠳᠠ ᠦᠭᠡᠢ ᠪᠠᠶᠢᠬᠤ︔ ᠲᠦᠷᠪᠡᠳᠦᠭᠡᠷ ᠲᠤ᠂ ᠨᠡᠭᠦᠷᠡᠰᠦᠳᠦ᠋ᠷᠦᠭᠴᠢ ᠶᠢᠨ ᠲᠠᠪᠬᠤᠷ ᠢᠰᠦᠯ ᠤᠨ ᠨᠡᠮᠡᠭᠳᠡᠯ ᠭᠡᠰᠡᠭ ᠨᠢ ᠤᠷᠭᠤᠮᠠᠯ ᠤᠨ ᠤᠷᠭᠤᠯᠳᠠ ᠳᠤ ᠠᠰᠢᠠᠠᠳᠠᠢ ᠪᠠᠶᠢᠬᠤ︔ ᠲᠠᠪᠤᠳᠤᠭᠠᠷ ᠲᠤ᠂ ᠬᠤᠷ᠎ᠠ ᠲᠤᠨᠤᠳᠠᠰᠤ ᠶᠢᠨ ᠭᠡᠮᠵᠢᠶ᠎ᠠ ᠬᠤᠪᠢᠷᠠᠯᠳᠠ ᠲᠠᠢ ᠪᠤᠯᠪᠠᠴᠤ ᠶᠠᠷᠦᠩᠭᠡᠢ ᠬᠤᠷ᠎ᠠ ᠪᠤᠷᠤᠭᠠᠨ ᠤ ᠭᠡᠮᠵᠢᠶ᠎ᠠ ᠭᠡᠪ ᠤᠨ ᠪᠠᠶᠢᠵᠤ᠂ ᠵᠠᠷᠢᠮ ᠵᠢᠯ ᠳᠤ ᠪᠠᠰᠠ ᠵᠢᠭᠠᠬᠠᠨ ᠦᠨᠳᠤᠷ ᠪᠠᠶᠢᠬᠤ︔ ᠵᠢᠷᠭᠤᠳᠤᠭᠠᠷ ᠲᠤ᠂ ᠭᠦᠷᠦᠰᠤ ᠰᠢᠷᠤᠢ ᠪᠠ ᠮᠠᠲ᠋ᠧᠷᠢᠶᠠᠯ ᠪᠤᠳᠠᠰ ᠯᠤᠳᠤ ᠶᠡᠭᠡ ᠬᠤᠪᠢᠷᠠᠯᠳᠠ ᠲᠠᠢ ᠪᠠᠶᠢᠬᠤ ᠶᠢ ᠮᠡᠳᠡᠭᠦ ᠭᠡᠷᠡᠭᠳᠡᠢ᠃ ᠪᠠᠶᠢᠭᠠᠯᠢᠯᠢᠬ ᠠᠮᠢ ᠠᠬᠤᠢ ᠶᠢᠨ ᠰᠢᠰᠲ᠋ᠧᠮ ᠤᠨ ᠪᠤᠳᠠᠰ ᠤᠨ ᠤᠷᠴᠢᠯ ᠨᠢ ᠭᠦᠮᠦᠰ ᠤᠨ ᠠᠵᠢᠯᠯᠠᠭ᠎ᠠ ᠳᠤ ᠲᠠᠰᠤᠯᠤᠠᠠᠳᠠᠵᠤ᠂ ᠭᠦᠷᠤᠰᠤ ᠰᠢᠷᠤᠢ ᠭᠦᠨᠳᠤ ᠨᠤᠴᠢᠳᠡᠢ ᠡᠪᠳᠡᠭᠳᠡᠵᠡᠢ᠃ ᠲᠠᠯ᠎ᠠ ᠨᠤᠳᠤᠭ ᠲᠤ ᠤᠷᠭᠤᠮᠠᠯ ᠤᠨ ᠤᠷᠭᠤᠬᠤ ᠳᠤ ᠲᠦᠰᠢᠭᠯᠡᠳᠡᠭ ᠭᠦᠷᠦᠰᠤ ᠰᠢᠷᠤᠢ ᠪᠤᠯ ᠵᠦᠪᠭᠡᠨ ᠮᠧᠳ᠋ᠷ ᠭᠠᠷᠦ᠋ᠢᠬᠠᠨ ᠵᠤᠵᠠᠭᠠᠨ ᠪᠠᠶᠢᠵᠤ᠂ ᠲᠤᠤᠷᠠᠭᠢ ᠨᠢ ᠴᠦᠮ ᠦᠪᠴᠢ ᠡᠯᠡᠰᠤ ᠪᠤᠯᠤᠨ᠎ᠠ᠃ ᠡᠶᠢᠮᠤ ᠠᠴᠠ ᠡᠨᠡ ᠬᠦ ᠮᠧᠳ᠋ᠷ ᠭᠠᠷᠦ᠋ᠢᠬᠠᠨ ᠵᠤᠵᠠᠭᠠᠨ ᠭᠦᠷᠤᠰᠤ ᠪᠤᠯ ᠲᠤᠩ ᠴᠢᠬᠤᠯᠠ ᠶᠤᠮ᠃ ᠡᠳᠡᠭᠡᠷ ᠭᠦᠷᠦᠰᠤ ᠨᠢ ᠤᠷᠭᠤᠮᠠᠯ ᠢᠶᠠᠷ ᠦᠪᠴᠢ ᠬᠤᠴᠢᠠᠠᠳ᠋ᠬᠠᠰᠠᠨ ᠦᠶ᠎ᠠ ᠳᠤ ᠰᠠᠯᠭᠢᠨ ᠳᠤ ᠢᠳᠡᠭᠳᠡᠭᠦ ᠦᠭᠡᠢ ᠪᠠᠶᠢᠵᠤ᠂ ᠡᠪᠡᠰᠤ ᠤᠷᠭᠤᠮᠠᠯ ᠨᠢ ᠬᠠᠯᠴᠠᠭᠠᠶᠢᠷᠬᠠᠰᠠᠨ ᠦᠶ᠎ᠠ ᠳᠤ ᠭᠦᠷᠤᠰᠤ ᠰᠢᠷᠤᠢ ᠰᠤᠯᠠᠷᠠᠵᠤ᠂ ᠭᠡᠪᠡᠷᠡᠭᠵᠢᠵᠤ᠂ ᠡᠴᠤᠰ ᠲᠡᠭᠡᠨ ᠡᠯᠡᠰᠤᠨ ᠰᠢᠭᠤᠷᠭ᠎ᠠ ᠪᠤᠯᠵᠤ ᠲᠡᠭᠳᠡᠳᠡᠭ ᠪᠠᠶᠢᠨ᠎ᠠ᠃       ︵ᠢᠷᠡᠯᠲᠡ᠄ ᠪᠦᠷᠢᠨᠪᠠᠶᠠᠷ᠂ ᠮᠦᠩᠬᠡᠪᠠᠭᠠᠲᠤᠷ᠂ ᠬᠤᠩ ᠮᠧᠢ ᠨᠠᠷ ᠤᠨ ᠨᠠᠶᠢᠷᠠᠭᠤᠯᠤᠭᠰᠠᠨ ︽ᠮᠠᠯᠵᠢᠯ ᠤᠨ ᠮᠡᠳᠡᠯᠭᠡ ᠮᠡᠷᠭᠡᠵᠢᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶    
 
ᠢᠷᠡᠯᠲᠡ᠄ ︽ᠮᠠᠯᠵᠢᠯ ᠤᠨ ᠮᠡᠳᠡᠯᠭᠡ ᠮᠡᠷᠭᠡᠵᠢᠯ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号