ᠡᠯᠡᠰᠦᠷᠭᠡᠭᠵᠢᠭᠰᠡᠨ ᠭᠠᠵᠠᠷ ᠨᠤᠳᠤᠭ ᠢ ᠶᠠᠭᠠᠭᠢᠨ ᠪᠦᠳᠦᠮᠵᠢᠳᠡᠢ ᠪᠠᠷ ᠵᠠᠰᠠᠬᠤ ᠪᠤᠢ︖
ᠨᠡᠶᠢᠲᠡᠯᠡᠭᠰᠡᠨ ᠴᠠᠭ᠄
2021/6/21
      ᠨᠤᠳᠤᠭ ᠪᠡᠯᠴᠢᠭᠡᠷ ᠨᠢ ᠡᠯᠡᠰᠦᠷᠭᠡᠭᠵᠢᠭᠰᠡᠨ ᠭᠠᠵᠠᠷ ᠰᠢᠷᠤᠢ ᠪᠠ ᠨᠡᠭᠦᠳᠡᠯ ᠡᠯᠡᠰᠤ ᠲᠠᠢ ᠪᠤᠯᠬᠤ ᠦᠶᠡᠰ ᠰᠠᠯᠭᠢᠨ ᠤ ᠢᠳᠡᠭᠳᠡᠯ᠂ ᠠᠭᠤᠷ ᠠᠮᠢᠰᠬᠤᠯ ᠤᠨ ᠭᠠᠩ ᠬᠠᠭᠤᠷᠠᠢ ᠠᠴᠠ ᠪᠤᠯᠤᠭᠠᠳ ᠠᠮᠢ ᠠᠬᠤᠢ ᠶᠢᠨ ᠰᠢᠰᠲ᠋ᠧᠮ ᠤᠨ ᠪᠤᠳᠠᠰ ᠤᠨ ᠤᠷᠴᠢᠯ ᠳᠤ ᠤᠷᠤᠯᠴᠠᠬᠤ ᠤᠷᠭᠠᠨᠢᠭ ᠡᠳ᠋ ᠵᠢᠴᠢ ᠰᠢᠮ᠎ᠠ ᠲᠡᠵᠢᠭᠡᠯ ᠤᠨ ᠡᠯᠧᠮᠧᠨ᠋ᠲ ᠨᠢ ᠠᠷᠢᠯᠵᠤ᠂ ᠲᠤᠰ ᠰᠢᠰᠲ᠋ᠧᠮ ᠤᠨ ᠪᠦᠳᠦᠴᠡ ᠪᠤᠯᠤᠨ ᠴᠢᠳᠠᠪᠤᠷᠢ ᠨᠢ ᠪᠦᠷᠢᠮᠦᠰᠤᠨ ᠰᠦᠢᠷᠡᠳᠡᠭ ᠪᠠᠶᠢᠨ᠎ᠠ᠃ ᠡᠶᠢᠮᠤ ᠠᠴᠠ ᠡᠨᠡ ᠦᠶ᠎ᠠ ᠳᠤ ᠢᠨᠵᠧᠨᠧᠷᠢᠩ ᠤᠨ ᠠᠷᠭ᠎ᠠ ᠭᠡᠮᠵᠢᠶ᠎ᠠ ᠪᠠᠷ ᠭᠤᠤᠯ ᠪᠤᠯᠭᠠᠵᠤ᠂ ᠤᠷᠢᠳ ᠢᠶᠠᠷ ᠡᠯᠡᠰᠤ ᠶᠢ ᠲᠤᠠᠠᠳᠠᠪᠤᠷᠢᠵᠢᠭᠤᠯᠤᠨ ᠰᠠᠯᠭᠢᠨ ᠳᠤ ᠢᠳᠡᠭᠳᠡᠭᠦ ᠶᠢ ᠨᠢ ᠪᠠᠭᠠᠰᠬᠠᠬᠤ ᠭᠡᠷᠡᠭᠳᠡᠢ᠃ ᠵᠢᠱᠢᠶᠡᠯᠡᠪᠡᠯ ᠡᠪᠡᠰᠤ ᠪᠠᠷ ᠰᠡᠷᠭᠡᠶᠢᠯᠡᠯᠳᠡ ᠶᠢᠨ ᠲᠤᠤᠷ ᠪᠤᠯᠭᠠᠬᠤ ᠪᠠ ᠴᠢᠢᠳᠡᠮᠯᠢᠭ ᠪᠠᠷᠤᠠᠠᠰᠢᠨ ᠰᠦᠷᠴᠢᠭᠦ ᠪᠡ ᠡᠭᠦᠨ ᠤ ᠬᠠᠮᠳᠤ ᠰᠢᠷ᠎ᠠ ᠰᠢᠪᠠᠭ ᠤᠨ ᠲᠦᠷᠦᠯ ᠤᠨ ᠡᠯᠡᠰᠤᠨ ᠤᠷᠭᠤᠮᠠᠯ ᠢ ᠲᠠᠷᠢᠬᠤ ᠭᠡᠷᠡᠭᠳᠡᠢ᠃ ᠲᠡᠭᠦᠨ ᠤ ᠰᠡᠷᠭᠦᠭᠦ ᠴᠠᠭ ᠨᠢ ᠶᠠᠷᠦᠩᠭᠡᠢ ᠳᠡᠭᠡᠨ 10 ᠵᠢᠯ ᠠᠴᠠ ᠲᠡᠭᠡᠭᠰᠢ ᠪᠠᠶᠢᠳᠠᠭ᠃ ᠨᠠᠮ ᠭᠠᠵᠠᠷ᠂ ᠤᠰᠤᠨ ᠤ ᠨᠦᠭᠦᠴᠡᠯ ᠢᠶᠠᠷ ᠨᠡᠯᠢᠶᠡᠳ ᠰᠠᠶᠢᠨ ᠭᠠᠵᠠᠷ ᠲᠤ ᠪᠤᠯ ᠤᠯᠠᠨ ᠨᠠᠰᠤᠳᠤ ᠡᠪᠡᠰᠤ ᠤᠷᠭᠤᠮᠠᠯ ᠲᠠᠷᠢᠵᠤ᠂ ᠪᠤᠷᠴᠠᠭ ᠤᠨ ᠢᠵᠠᠭᠤᠷ ᠤᠨ ᠲᠡᠵᠢᠭᠡᠯ ᠡᠪᠡᠰᠤ ᠵᠢᠱᠢᠶᠡᠯᠡᠪᠡᠯ ᠴᠠᠷᠭᠠᠰᠤ ᠲᠠᠷᠢᠪᠠᠯ ᠬᠠᠮᠤᠭ ᠤᠨ ᠰᠠᠶᠢᠨ᠃ ᠲᠡᠭᠦᠨ ᠤ ᠲᠠᠪᠠᠭᠤᠯᠢᠭ ᠨᠢ ᠭᠡᠪᠡᠯ᠂ ᠵᠢᠯ ᠵᠢᠯ ᠲᠠᠷᠢᠬᠤ ᠴᠢᠬᠤᠯᠠ ᠦᠭᠡᠢ ᠪᠠᠶᠢᠳᠠᠭ ᠲᠤᠯᠠ ᠦᠢᠯᠡᠳᠪᠤᠷᠢᠯᠡᠯ ᠤᠨ ᠦᠪᠡᠷ ᠤᠨ ᠦᠷᠳᠡᠭ ᠢ ᠪᠠᠭᠤᠷᠠᠭᠤᠯᠤᠨ᠎ᠠ᠃ ᠬᠠᠪᠤᠷ ᠭᠦᠷᠤᠰᠤ ᠰᠢᠷᠤᠢ ᠶᠢᠨ ᠪᠦᠷᠭᠦᠴᠡ ᠶᠢᠨ ᠭᠡᠮᠵᠢᠶ᠎ᠠ ᠶᠢ ᠲᠡᠭᠡᠭᠰᠢᠯᠡᠭᠦᠯᠵᠤ᠂ ᠰᠠᠯᠭᠢᠨ ᠤ ᠢᠳᠡᠭᠳᠡᠯ ᠢ ᠪᠠᠭᠠᠰᠬᠠᠨ᠎ᠠ᠂ ᠭᠡᠷ ᠤᠨ ᠲᠡᠵᠢᠭᠡᠪᠤᠷᠢ ᠶᠢᠨ ᠲᠡᠵᠢᠭᠡᠯ ᠡᠪᠡᠰᠤᠨ ᠤ ᠤᠭᠤᠷᠠᠭ ᠤᠨ ᠬᠠᠨᠭ᠍ᠭᠠᠯᠭ᠎ᠠ ᠶᠢᠨ ᠭᠡᠮᠵᠢᠶ᠎ᠠ ᠶᠢ ᠲᠡᠭᠡᠭᠰᠢᠯᠡᠭᠦᠯᠦᠨ᠎ᠠ᠂ ᠭᠡᠭᠦ ᠳᠡᠭᠡᠨ ᠶᠠᠭᠠᠭᠢᠨ᠋ᠠᠰᠠᠨ ᠴᠤ ᠰᠤᠬᠤᠷ ᠪᠠᠯᠠᠢ ᠪᠠᠷ ᠠᠳᠠᠷ ᠬᠠᠭᠠᠯᠪᠤᠷᠢᠯᠠᠵᠤ ᠪᠤᠯᠬᠤ ᠦᠭᠡᠢ᠃ ᠨᠡᠶᠢᠳᠡᠯᠢᠭ ᠲᠠᠯ᠎ᠠ ᠭᠠᠵᠠᠷ᠂ ᠡᠪᠡᠰᠤ ᠲᠠᠷᠢᠬᠤ ᠲᠠᠯᠠᠪᠠᠢ ᠶᠢ ᠪᠠᠶᠢᠭᠠᠯᠢᠯᠢᠬ ᠪᠡᠯᠴᠢᠭᠡᠷ ᠤᠨ ᠲᠠᠯᠠᠪᠠᠢ ᠶᠢᠨ ᠠᠷᠪᠡᠨ ᠤ ᠨᠢᠭᠡ ᠶᠢ ᠡᠵᠡᠯᠡᠭᠦᠯᠪᠡᠯ ᠲᠤᠭᠢᠷᠠᠮᠵᠢᠳᠡᠢ᠃ ᠢᠡᠭᠭᠢᠪᠡᠯ ᠪᠠᠶᠢᠭᠠᠯᠢᠯᠢᠬ ᠪᠡᠯᠴᠢᠭᠡᠷ ᠤᠨ ᠲᠠᠷᠤᠭᠠᠰᠤ ᠶᠢ ᠶᠡᠭᠡᠳᠡ ᠨᠠᠮᠳᠠᠭᠤᠯᠬᠤ ᠪᠤᠯᠤᠨ᠎ᠠ᠃ ᠮᠠᠯ ᠲᠠᠷᠢᠶᠠᠯᠠᠩ ᠰᠤᠯᠪᠢᠴᠬᠠᠰᠠᠨ ᠪᠦᠰᠡ ᠵᠡᠷᠭᠡ ᠬᠠᠭᠠᠰ ᠴᠢᠭᠢᠭᠯᠢᠭ ᠭᠠᠵᠠᠷ ᠤᠷᠤᠨ ᠳᠤ ᠠᠯᠤᠰ ᠰᠡᠷᠡᠯᠳᠡ ᠶᠢᠨ ᠮᠡᠷᠭᠡᠵᠢᠯ᠂ ᠪᠦᠭᠦ ᠪᠦᠮᠪᠤᠷᠴᠡᠭ ᠤᠨ ᠮᠡᠳᠡᠭᠡ ᠵᠠᠩᠭᠢ ᠶᠢᠨ ᠰᠢᠰᠲ᠋ᠧᠮ ᠪᠤᠯᠤᠨ ᠪᠦᠭᠦ ᠪᠦᠮᠪᠤᠷᠴᠡᠭ ᠤᠨ ᠤᠷᠤᠨ ᠲᠤᠠᠠᠳᠠᠭᠠᠬᠤ ᠮᠠᠷᠭᠡᠵᠢᠯ ᠢ ᠠᠰᠢᠠᠠᠯᠠᠨ ᠲᠠᠷᠢᠶᠠᠨ ᠭᠠᠵᠠᠷ ᠤᠨ ᠪᠠᠶᠢᠷᠢᠰᠢᠯ ᠢ ᠲᠦᠯᠦᠪᠵᠢᠭᠦᠯᠵᠤ᠂ ᠲᠠᠷᠢᠶᠠᠨ ᠭᠠᠵᠠᠷ ᠢ ᠨᠤᠳᠤᠭ ᠪᠡᠯᠴᠢᠭᠡᠷ ᠪᠤᠯᠤᠨ ᠬᠠᠮᠠᠭᠠᠯᠠᠯᠳᠠ ᠶᠢᠨ ᠤᠢ ᠶᠢᠨ ᠲᠤᠮᠳᠠ ᠪᠠᠶᠢᠷᠢᠯᠠᠭᠤᠯᠵᠤ᠂ ᠰᠠᠯᠭᠢᠨ ᠤ ᠬᠤᠷᠳᠤᠴᠠ ᠪᠠ ᠰᠠᠯᠭᠢᠨ ᠤ ᠢᠳᠡᠭᠳᠡᠯ ᠤᠨ ᠭᠦᠴᠦᠯᠠᠴᠠ ᠶᠢ ᠪᠦᠳᠦᠮᠵᠢᠳᠡᠢ ᠪᠠᠷ ᠪᠠᠭᠤᠷᠠᠭᠤᠯᠬᠤ ᠭᠡᠷᠡᠭᠳᠡᠢ᠃ ᠡᠭᠦᠨ ᠤ ᠬᠠᠮᠳᠤ ᠲᠠᠷᠢᠶᠠᠯᠠᠩ᠂ ᠮᠠᠯ ᠠᠵᠤ ᠠᠬᠤᠢ ᠬᠠᠷᠢᠯᠴᠠᠨ ᠨᠦᠭᠦᠪᠤᠷᠢᠯᠡᠵᠤ ᠬᠤᠯᠪᠤᠯᠳᠤᠬᠤ ᠵᠡᠷᠭᠡ ᠠᠮᠢ ᠠᠬᠤᠢ ᠶᠢᠨ ᠴᠢᠳᠠᠪᠤᠷᠢ ᠶᠢ ᠪᠠᠳᠠᠷᠠᠭᠤᠯᠵᠤ᠂ ᠰᠢᠰᠲ᠋ᠧᠮ ᠤᠨ ᠲᠤᠠᠠᠳᠠᠭᠤᠨ ᠴᠢᠨᠠᠷ ᠪᠡ ᠤᠯᠠᠨ ᠶᠠᠩᠵᠤᠳᠤ ᠴᠢᠨᠠᠷ ᠢ ᠨᠡᠮᠡᠭᠳᠡᠭᠦᠯᠭᠦ ᠭᠡᠷᠡᠭᠳᠡᠢ᠃      ︵ᠢᠷᠡᠯᠲᠡ᠄ ᠪᠦᠷᠢᠨᠪᠠᠶᠠᠷ᠂ ᠮᠦᠩᠬᠡᠪᠠᠭᠠᠲᠤᠷ᠂ ᠬᠤᠩ ᠮᠧᠢ ᠨᠠᠷ ᠤᠨ ᠨᠠᠶᠢᠷᠠᠭᠤᠯᠤᠭᠰᠠᠨ ︽ᠮᠠᠯᠵᠢᠯ ᠤᠨ ᠮᠡᠳᠡᠯᠭᠡ ᠮᠡᠷᠭᠡᠵᠢᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠠᠯᠵᠢᠯ ᠤᠨ ᠮᠡᠳᠡᠯᠭᠡ ᠮᠡᠷᠭᠡᠵᠢᠯ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号