ᠦᠷᠴᠢᠭᠡᠷ ᠬᠤᠷᠠᠭᠠᠨ ᠴᠢᠬᠢ ︵ᠢᠮᠠᠭᠠᠨ ᠠᠶᠢᠷᠭᠠᠨ᠎ᠠ︶
ᠨᠡᠶᠢᠲᠡᠯᠡᠭᠰᠡᠨ ᠴᠠᠭ᠄
2021/7/6
     ᠤᠯᠠᠨ ᠨᠠᠰᠤᠲᠤ ᠡᠪᠡᠰᠦᠯᠢᠭ ᠤᠷᠭᠤᠮᠠᠯ᠃ ᠲᠠᠷᠢᠶᠠᠨ ᠵᠠᠭ᠎ᠠ᠂ ᠵᠠᠮ ᠤᠨ ᠬᠠᠵᠠᠭᠤ᠂ ᠭᠤᠤᠯ ᠤᠨ ᠡᠷᠬᠢ᠂ ᠬᠤᠳᠤᠭᠤᠷ ᠴᠢᠭᠢᠭᠯᠢᠭ ᠭᠠᠵᠠᠷ ᠵᠢᠴᠢ ᠠᠭᠤᠯᠠᠷᠬᠠᠭ ᠭᠠᠵᠠᠷ ᠵᠡᠷᠭᠡ ᠳᠤ ᠤᠷᠭᠤᠳᠠᠭ᠃ ᠮᠠᠨ ᠤ ᠤᠷᠤᠨ ᠤ ᠬᠢᠩᠭᠠᠨ ᠤ ᠬᠤᠶᠢᠲᠤ ᠬᠡᠰᠡᠭ᠂ ᠬᠢᠩᠭᠠᠨ ᠤ ᠡᠮᠦᠨᠡᠲᠦ ᠬᠡᠰᠡᠭ᠂ ᠬᠤᠷᠴᠢᠨ ᠲᠤᠭᠤᠷᠢᠭ᠂ ᠯᠢᠶᠤᠤ ᠡᠾᠧ ᠭᠤᠤᠯ ᠤᠨ ᠲᠠᠯ᠎ᠠ ᠭᠠᠵᠠᠷ᠂ ᠶᠠᠨᠱᠠᠨ ᠠᠭᠤᠯᠠᠨ ᠤ ᠬᠤᠶᠢᠲᠤ ᠭᠡᠰᠡᠭ᠂ ᠤᠯᠠᠭᠠᠨᠬᠠᠳᠠ ᠶᠢᠨ ᠲᠤᠪᠤ ᠲᠤᠪᠤᠷᠴᠠᠭ᠂ ᠮᠤᠨᠢ ᠠᠭᠤᠯᠠ ᠶᠢᠨ ᠲᠤᠭᠤᠷᠢᠭ᠂ ᠮᠤᠨᠢ ᠠᠭᠤᠯᠠ ᠶᠢᠨ ᠡᠩᠭᠡᠷ ᠲᠠᠬᠢ ᠲᠤᠪᠤᠷᠴᠠᠭ᠂ ᠤᠷᠳᠤᠰ ᠲᠤᠭᠤᠷᠢᠭ᠂ ᠠᠯᠠᠱᠠ ᠠᠭᠤᠯᠠ ᠶᠢᠨ ᠲᠤᠭᠤᠷᠢᠭ᠂ ᠪᠠᠷᠠᠭᠤᠨ ᠠᠯᠠᠱᠠ ᠲᠤᠭᠤᠷᠢᠭ᠂ ᠤᠯᠠᠭᠠᠨᠴᠠᠪ ᠲᠤᠭᠤᠷᠢᠭ᠂ ᠰᠢᠯᠢ ᠶᠢᠨ ᠭᠤᠤᠯ- ᠬᠦᠯᠦᠨ ᠪᠤᠶᠢᠷ ᠤᠨ ᠦᠨᠳᠦᠷᠯᠢᠭ ᠢᠶᠠᠷ ᠤᠷᠭᠤᠯᠳᠠ ᠲᠠᠢ᠃ ᠮᠠᠨ ᠤ ᠤᠯᠤᠰ ᠤᠨ ᠵᠡᠬᠦᠨ ᠬᠤᠶᠢᠲᠤ ᠤᠷᠤᠨ᠂ ᠤᠮᠠᠷᠠᠲᠤ ᠤᠷᠤᠨ᠂ ᠪᠠᠷᠠᠭᠤᠨ ᠬᠤᠶᠢᠲᠤ ᠤᠷᠤᠨ᠂ ᠪᠠᠷᠠᠭᠤᠨ ᠡᠮᠦᠨᠡᠲᠤ ᠤᠷᠤᠨ ᠢᠶᠠᠷ ᠪᠦᠷ ᠲᠠᠷᠬᠠᠳᠠᠭ᠃ ᠠᠽᠢᠶ᠎ᠠ ᠶᠢᠨ ᠬᠤᠶᠢᠲᠤ ᠬᠡᠰᠡᠭ᠂ ᠡᠸᠦᠷᠦᠫᠠ᠂ ᠤᠮᠠᠷᠠᠲᠤ ᠠᠮᠧᠷᠢᠺᠠ ᠪᠤᠯᠤᠨ ᠠᠹᠷᠢᠺᠠ ᠪᠠᠷ ᠪᠠᠰᠠ ᠲᠠᠷᠬᠠᠵᠤ ᠪᠠᠶᠢᠳᠠᠭ᠃ ᠦᠨᠳᠦᠰᠦ ᠨᠢ ᠡᠮ ᠳᠤ ᠤᠷᠤᠵᠤ᠂ ᠭᠤᠤᠯᠳᠠᠭᠤ ᠬᠠᠮᠠᠷ ᠠᠴᠠ ᠴᠢᠰᠤ ᠭᠠᠷᠬᠤ᠂ ᠠᠵᠢᠯᠯᠠᠭᠠᠨ ᠤ ᠴᠢᠨᠠᠷᠳᠠᠢ ᠬᠡᠦᠬᠡᠨ ᠬᠡᠪᠳᠡᠰᠢ ᠠᠴᠠ ᠴᠢᠰᠤ ᠭᠠᠷᠬᠤ ᠪᠠ ᠤᠳᠠᠭᠠᠨ ᠴᠢᠨᠠᠷᠳᠠᠢ ᠡᠯᠢᠭᠡᠨ ᠦᠷᠪᠢᠰᠦᠯ ᠵᠡᠷᠭᠡ ᠶᠢ ᠵᠠᠰᠠᠳᠠᠭ᠃ ᠭᠠᠳᠠᠷ ᠬᠡᠷᠡᠭᠯᠡᠵᠦ᠂ ᠱᠠᠮᠪᠠᠷᠠᠮ᠂ ᠲᠦᠷᠭᠡᠨ ᠴᠢᠨᠠᠷᠳᠠᠢ ᠬᠦᠬᠦᠨ ᠤ ᠦᠷᠪᠢᠰᠦᠯ ᠵᠡᠷᠭᠡ ᠶᠢ ᠪᠠᠰᠠ ᠵᠠᠰᠠᠬᠤ ᠪᠤᠯᠤᠨ᠎ᠠ᠃ ᠦᠨᠳᠦᠰᠦ ᠪᠤᠯᠤᠨ ᠨᠡᠪᠴᠢ ᠨᠢ ᠪᠦᠷ ᠵᠦᠭᠡᠯᠡᠷᠡᠬᠦᠯᠬᠦ ᠡᠳ᠋ ᠠᠭᠤᠯᠵᠤ ᠪᠠᠶᠢᠳᠠᠭ ᠠᠴᠠ ᠡᠯᠳᠡᠭᠦᠷᠢ ᠶᠢᠨ ᠴᠠᠪᠠᠤ ᠢᠯᠭᠠᠷᠠᠭᠤᠯᠤᠨ ᠠᠪᠴᠤ ᠪᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号